ᠥᠪᠥᠷ ᠵᠠᠰᠠᠭ ᠠᠯᠪᠠᠨ ᠲᠠᠷᠬᠠᠭᠠᠭᠰᠠᠨ ﹇2018﹈ 32 ᠳ᠋ᠤᠭᠠᠷ ᠲᠤᠭᠠᠳᠤ | 5 ᠳ᠋ᠤᠭᠠᠷ ᠰᠠᠷ᠎ᠠ ᠶᠢᠨ 21 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 2018 ᠣᠨ ᠤ ᠵᠠᠰᠠᠭ ᠤᠨ ᠶᠠᠪᠤᠳᠡᠯ ᠢ ᠢᠯᠡ | ᠪᠤᠯᠭᠠᠬᠤ ᠠᠵᠢᠯ ᠤᠨ ᠭᠤᠤᠯᠳᠡᠯᠭ᠎ᠠ︾ ᠶᠢ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠬᠦᠯᠥᠭᠡᠳ᠂ ᠡᠳᠦᠬᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠳᠣᠭᠠᠢ᠃ | | | ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 2018 ᠣᠨ ᠤ | ᠵᠠᠰᠠᠭ ᠤᠨ ᠶᠠᠪᠤᠳᠡᠯ ᠢ ᠢᠯᠡ ᠪᠤᠯᠭᠠᠬᠤ ᠠᠵᠢᠯ ᠤᠨ ᠭᠤᠤᠯᠳᠡᠯᠭ᠎ᠠ | | | 2018 ᠣᠨ ᠳᠤ ᠪᠦᠬᠦ ᠣᠷᠣᠨ ᠤ ᠵᠠᠰᠠᠭ ᠤᠨ ᠶᠠᠪᠤᠳᠡᠯ ᠢ ᠢᠯᠡ ᠪᠤᠯᠭᠠᠬᠤ ᠠᠵᠢᠯ ᠢ ᠰᠠᠶᠢᠳᠣᠷ ᠬᠢᠬᠦ ᠳᠤ | ᠨᠠᠮ ᠤᠨ ᠠᠷᠪᠠ ᠶᠢᠰᠣᠳᠣᠭᠡᠷ ᠶᠡᠭᠡ ᠬᠤᠷᠡᠯ ᠪᠤᠯᠥᠨ ᠠᠷᠪᠡ ᠶᠢᠰᠦᠳᠣᠭᠡᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠣᠭᠠᠷ᠂ ᠭᠤᠷᠪᠠᠳᠣᠭᠠᠷ ᠪᠦᠬᠦᠲᠡ ᠬᠤᠷᠡᠯ ᠤᠨ ᠵᠤᠷᠢᠭ ᠰᠠᠨᠠᠭ᠎ᠠ ᠶᠢ ᠪᠦᠬᠦ ᠳᠡᠯ᠎ᠠ ᠪᠠᠷ ᠲᠣᠣᠱᠯᠠᠭᠤᠯᠥᠨ | ᠨᠠᠶᠢᠳᠡᠪᠦᠷᠢᠵᠢᠭᠤᠯᠵᠦ᠂ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠲᠣᠮᠳᠠᠳᠣ ᠣᠯᠥᠰ ᠤᠨ ᠣᠨᠴᠠᠯᠢᠭ ᠲᠠᠢ | ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠥᠭᠤᠳᠣᠯᠭ᠎ᠠ ᠪᠤᠯᠭᠠᠨ᠂ ᠵᠠᠰᠠᠭ ᠤᠨ ᠶᠠᠪᠤᠳᠡᠯ ᠢ ᠢᠯᠡ ᠪᠤᠯᠭᠠᠬᠤ | ᠠᠵᠢᠯ ᠢ ᠪᠦᠬᠦ ᠳᠡᠯ᠎ᠠ ᠪᠠᠷ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠳᠥᠷᠥ ᠶᠢᠨ ᠶᠠᠪᠤᠳᠡᠯ ᠤᠨ ᠬᠤᠷᠢᠶ᠎ᠠ | ᠪᠤᠯᠥᠨ ᠦᠪᠡᠷᠳᠡᠭᠡᠨ ᠵᠠᠰᠠᠬᠤ ᠣᠷᠣᠨ ᠤ ᠠᠯᠢ ᠣᠯᠡᠨ ᠪᠠᠶᠢᠷᠢᠯᠡᠭᠤᠯᠥᠯᠳᠡ ᠶᠢ ᠬᠢᠨᠠᠮᠠᠭᠠᠢ ᠨᠡᠶᠢᠳᠡᠪᠦᠷᠢᠵᠢᠭᠤᠯᠵᠦ᠂ ︽ | 2018 ᠣᠨ ᠤ ᠵᠠᠰᠠᠭ ᠤᠨ ᠶᠠᠪᠤᠳᠡᠯ ᠢ ᠢᠯᠡ ᠪᠤᠯᠭᠠᠬᠤ ᠠᠵᠢᠯ ᠤᠨ ᠭᠤᠤᠯᠳᠡᠯᠭ᠎ᠠ ᠶᠢ ᠲᠠᠷᠣᠮᠠᠯᠯᠠᠨ ᠶᠠᠪᠤᠭᠤᠯᠬᠤ | ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠮᠡᠳᠡᠭᠳᠡᠯ︾ ︵ᠳᠥᠷᠥ ᠠᠯᠪᠠᠨ | ᠲᠠᠷᠬᠠᠭᠠᠠᠠᠰᠠᠨ ﹇2018﹈ 23 ᠳ᠋ᠣᠭᠠᠷ ᠲᠤᠭᠠᠳᠦ︶ ᠤᠨ ᠱᠠᠭᠠᠷᠳᠡᠯᠭ᠎ᠠ ᠶᠣᠰᠣᠭᠠᠷ᠂ ᠨᠢᠭᠡᠳᠦᠯᠳᠡᠢ ᠳᠥᠯᠥᠪᠯᠡᠨ | ᠨᠡᠶᠢᠲᠡ ᠳᠤᠨᠢ ᠬᠠᠷᠡᠭᠠᠯᠵᠠᠵᠦ᠂ ᠭᠤᠤᠯᠳᠡᠯᠭ᠎ᠠ ᠶᠢ ᠲᠤᠪᠤᠶᠢᠯᠭᠠᠨ᠂ ᠰᠢᠢᠳᠪᠦᠷᠢᠳᠦ ᠪᠤᠳᠣᠯᠭ᠎ᠠ ᠶᠢᠨ ᠲᠣᠭᠲᠠᠭᠠᠯᠲᠠ᠂ | ᠬᠡᠷᠡᠭᠵᠢᠭᠦᠯᠦᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠠ ᠳ᠋ᠦᠩ ᠢ ᠢᠯᠡ ᠪᠤᠯᠭᠠᠬᠤ ᠶᠢ ᠶᠡᠭᠡᠪᠡᠷ ᠠᠬᠢᠭᠤᠯᠵᠦ᠂ | ᠵᠠᠰᠠᠭ ᠤᠨ ᠶᠠᠪᠤᠳᠡᠯ ᠢ ᠢᠯᠡ ᠪᠤᠯᠭᠠᠬᠤ ᠶᠢᠨ ᠶᠠᠰᠣ ᠴᠢᠨᠡᠷ ᠪᠠ ᠪᠤᠳᠡᠳᠦ ᠦᠷ᠎ᠠ ᠪᠦᠳᠦᠮᠵᠢ ᠶᠢ ᠲᠠᠰᠣᠷᠡᠯᠳᠡ ᠦᠭᠡᠢ | ᠳᠡᠭᠡᠭᠰᠢᠯᠡᠬᠦᠯᠥᠨ᠂ ᠵᠠᠰᠠᠭ ᠤᠨ ᠣᠷᠳᠣᠨ ᠤ ᠡᠬᠦᠷᠭᠡ ᠴᠢᠳᠡᠪᠦᠷᠢ ᠶᠢ ᠬᠤᠪᠢᠷᠠᠭᠤᠯᠵᠤ᠂ ᠵᠠᠰᠠᠭ ᠢ ᠴᠣᠮᠬᠠᠳᠬᠠᠨ | ᠡᠷᠬᠡ ᠶᠢ ᠲᠠᠯᠪᠢᠬᠤ ᠶᠢ ᠭᠦᠨᠵᠡᠭᠡᠶᠢᠷᠡᠭᠦᠯᠬᠦ᠂ ᠬᠢᠨᠡᠨ ᠬᠠᠮᠢᠶᠡᠷᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ | ᠠᠬᠢᠭᠤᠯᠵᠤ᠂ ᠮᠠᠨ ᠤ ᠣᠷᠣᠨ ᠤ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ | ᠠᠬᠢᠭᠤᠯᠥᠨ᠂ ᠠᠷᠡᠳ ᠳᠥᠮᠡᠨ ᠳᠤ ᠲᠠᠭᠠᠰᠢᠶᠠᠭᠳᠠᠭᠰᠠᠨ ᠦᠢᠯᠡᠴᠢᠯᠡᠬᠦ ᠭᠡᠯᠪᠡᠷᠢ ᠪᠦᠬᠦᠢ ᠵᠠᠰᠠᠭ ᠤᠨ ᠣᠷᠳᠣᠨ ᠢ | ᠪᠦᠳᠦᠭᠡᠨ ᠪᠠᠶᠢᠭᠤᠯᠬᠤ ᠪᠠᠷ ᠬᠦᠴᠣᠯᠠᠨᠠ᠃ | ᠨᠢᠭᠡ᠂ ᠢᠯᠡ ᠪᠤᠯᠭᠠᠬᠤ ᠲᠠᠶᠢᠯᠤᠮᠵᠢ ᠬᠢᠬᠦ ᠬᠠᠷᠢᠭᠤ ᠦᠭᠬᠦ ᠠᠵᠢᠯ ᠢ ᠬᠦᠴᠣᠯᠠᠨ ᠴᠢᠩᠭᠠᠳᠬᠠᠨ᠎ᠠ | ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠳᠦᠭᠡᠨ ᠪᠠᠶᠢᠭᠤᠯᠬᠤ ᠶᠢᠨ ᠲᠤᠭᠤᠷᠢᠨ ᠳᠤ | ᠵᠠᠰᠠᠭ ᠤᠨ ᠶᠠᠪᠤᠳᠡᠯ ᠢ ᠢᠯᠡ ᠪᠤᠯᠭᠠᠬᠤ ᠶᠢ ᠪᠦᠬᠦ ᠳᠡᠯ᠎ᠠ ᠪᠠᠷ ᠠᠬᠢᠭᠤᠯᠥᠨ᠎ᠠ᠃ ᠢᠯᠡ ᠲᠣᠳᠣ ᠪᠠᠶᠢᠯᠭᠠᠬᠤ ᠶᠢ | ᠵᠠᠰᠠᠭ ᠤᠨ ᠣᠷᠳᠣᠨ ᠤ ᠠᠵᠢᠯ ᠤᠨ ᠦᠨᠳᠣᠰᠣᠡ ᠱᠠᠭᠠᠷᠳᠡᠯᠭ᠎ᠠ ᠪᠤᠯᠭᠠᠵᠦ᠂ ᠢᠯᠡ ᠪᠤᠯᠭᠠᠬᠤ ᠶᠢ ᠭᠡᠪ ᠤᠨ | ᠪᠠᠶᠢᠳᠡᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ ᠪᠡᠷᠢᠮᠳᠡᠯᠡᠨ᠂ ᠡᠯ᠎ᠠ | ᠱᠠᠳᠣᠨ ᠤ ᠵᠠᠰᠠᠭ ᠤᠨ ᠣᠷᠳᠣᠨ ᠤ ᠪᠦᠬᠦ ᠭᠡᠰᠢᠬᠦᠳ ᠤᠨ ᠬᠤᠷᠡᠯ ᠪᠤᠯᠥᠨ ᠪᠠᠶᠢᠩᠭᠤ ᠶᠢᠨ ᠬᠤᠷᠡᠯ ᠢᠶᠠᠷ ᠶᠠᠷᠢᠯᠴᠠᠨ | ᠲᠣᠠᠠᠳᠠᠭᠠᠠᠠᠰᠠᠨ ᠵᠦᠢᠯᠡᠰ᠂ ᠵᠠᠰᠠᠭ ᠤᠨ ᠣᠷᠳᠣᠨ ᠵᠢᠴᠢ ᠳᠡᠬᠦᠨ ᠤ ᠰᠠᠯᠠᠭ᠎ᠠ ᠮᠦᠴᠢᠷ ᠤᠨ ᠲᠣᠠᠠᠳᠠᠭᠠᠠᠠᠰᠠᠨ | ᠳᠥᠷᠥ ᠶᠢᠨ ᠪᠤᠳᠣᠯᠭ᠎ᠠ ᠶᠢᠨ ᠬᠠᠦᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠡᠳᠡᠢ ᠠᠴᠠ ᠪᠣᠰᠣᠳ ᠢ ᠨᠢ ᠴᠠᠭ | ᠲᠣᠬᠠᠢ ᠳᠤᠨᠢ ᠢᠯᠡ ᠪᠤᠯᠭᠠᠵᠦ᠂ ᠢᠯᠡ ᠪᠤᠯᠭᠠᠬᠤ ᠪᠠᠷ ᠬᠠᠦᠯᠢ ᠶᠣᠰᠣᠭᠠᠷ ᠵᠠᠰᠠᠭ ᠶᠠᠪᠤᠭᠤᠯᠬᠤ ᠪᠠ ᠳᠥᠷᠥ ᠶᠢᠨ | ᠪᠤᠳᠣᠯᠭ᠎ᠠ ᠶᠢ ᠪᠤᠳᠡᠳᠡᠢ ᠨᠠᠶᠢᠳᠡᠪᠦᠷᠢᠵᠢᠭᠤᠯᠥᠨ ᠦᠷ᠎ᠠ ᠪᠦᠳᠦᠮᠵᠢ ᠣᠯᠬᠤ ᠶᠢ ᠠᠬᠢᠭᠤᠯᠥᠨ᠂ ᠠᠷᠡᠳ ᠣᠯᠡᠨ ᠤ | ᠪᠠᠶᠢᠳᠡᠯ ᠢ ᠮᠡᠳᠡᠬᠦ ᠡᠷᠬᠡ ᠶᠢ ᠬᠦᠢᠴᠡᠳ ᠪᠠᠳᠣᠯᠠᠨ᠎ᠠ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠪᠤᠯᠥᠨ | ᠨᠢᠭᠡᠴᠡ ᠶᠢᠨ ᠲᠣᠠᠠᠳᠠᠭᠠᠵᠦ ᠨᠡᠶᠢᠳᠡᠯᠡᠭᠰᠡᠨ ᠣᠯᠡᠨ ᠨᠡᠶᠢᠲᠡ ᠶᠢᠨ ᠠᠰᠢᠭ ᠲᠣᠰᠠ᠂ ᠣᠯᠡᠨ ᠨᠡᠶᠢᠲᠡ ᠶᠢᠨ ᠡᠷᠬᠡ | ᠠᠰᠢᠭ ᠲᠤ ᠬᠤᠯᠪᠤᠠᠠᠳ᠋ᠬᠠᠰᠠᠨ ᠳᠥᠷᠥ ᠶᠢᠨ ᠪᠤᠳᠣᠯᠭ᠎ᠠ ᠶᠢᠨ ᠪᠢᠴᠢᠭ ᠮᠠᠲ᠋ᠧᠷᠢᠶᠡᠯ ᠨᠢ᠂ ᠬᠠᠮᠢᠶ᠎ᠠ ᠪᠦᠬᠦᠢ ᠮᠡᠳᠡᠭᠡ | ᠵᠠᠩᠬᠢ ᠶᠢ ᠢᠯᠡ ᠪᠤᠯᠭᠠᠬᠤ ᠶᠢ ᠪᠢᠴᠢᠭ ᠮᠠᠲ᠋ᠧᠷᠢᠶᠡᠯ ᠳᠤ ᠲᠣᠳᠣᠷᠬᠠᠢ ᠲᠣᠠᠠᠳᠠᠭᠠᠯ ᠭᠠᠷᠭᠠᠵᠦ᠂ ᠳᠥᠷᠥ ᠶᠢᠨ | ᠪᠤᠳᠣᠯᠭ᠎ᠠ ᠶᠢ ᠭᠡᠷᠡᠭᠵᠢᠬᠦᠯᠬᠦ ᠶᠢ ᠨᠡᠩ ᠢᠯᠡ ᠲᠣᠳᠣ ᠪᠠᠶᠢᠯᠭᠠᠬᠤ ᠭᠡᠷᠡᠭᠳᠡᠢ᠃ ᠡᠯ᠎ᠠ ᠭᠠᠵᠡᠷ ᠣᠷᠣᠨ ᠨᠢ ᠵᠠᠰᠠᠭ ᠤᠨ | ᠣᠷᠳᠣᠨ ᠤ ᠪᠠᠶᠢᠭᠤᠯᠥᠮᠵᠢ ᠶᠢᠨ ᠦᠭᠡᠷᠡᠴᠢᠯᠡᠯᠳᠡ ᠪᠠ ᠡᠬᠦᠷᠭᠡ ᠴᠢᠳᠡᠪᠦᠷᠢ ᠶᠢ ᠰᠢᠯᠢᠳᠡᠭᠵᠢᠬᠦᠯᠬᠦ ᠠᠵᠢᠯ ᠲᠠᠢ | ᠣᠶᠠᠯᠳᠣᠭᠤᠯᠵᠦ ᠪᠠᠶᠢᠭᠠᠳ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠣ ᠳᠤ ᠲᠣᠬᠢᠷᠡᠭᠤᠯᠥᠯᠳᠡ ᠬᠢᠬᠦ ᠪᠠ ᠢᠯᠡ ᠪᠤᠯᠭᠠᠬᠤ ᠠᠵᠢᠯ ᠢ ᠵᠤᠬᠢᠶᠡᠨ ᠪᠠᠶᠢᠭᠤᠯᠥᠨ ᠰᠠᠶᠢᠳᠣᠷ ᠬᠢᠵᠦ᠂ | ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠡᠯᠳᠡ ᠳᠡᠯᠪᠢᠬᠤ ᠶᠢ ᠴᠢᠩᠭᠠᠷᠡᠭᠤᠯᠥᠨ᠂ ᠵᠠᠰᠠᠭ ᠤᠨ ᠣᠷᠳᠣᠨ ᠤ | ᠰᠠᠯᠠᠭ᠎ᠠ ᠮᠦᠴᠢᠷ ᠤᠳ ᠤᠨ ᠡᠬᠦᠷᠭᠡ ᠬᠠᠷᠢᠭᠤᠴᠠᠯᠭ᠎ᠠ ᠪᠠᠨ ᠬᠠᠦᠯᠢ ᠶᠣᠰᠣᠭᠠᠷ ᠪᠦᠬᠦ ᠳᠡᠯ᠎ᠠ ᠪᠠᠷ ᠵᠢᠷᠣᠮᠵᠢᠭᠤᠯᠥᠨ | ᠬᠦᠢᠴᠡᠳᠭᠡᠬᠦ ᠶᠢ ᠠᠬᠢᠭᠤᠯᠬᠤ ᠭᠡᠷᠡᠭᠳᠡᠢ᠃ ᠠᠯᠢᠪᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠬᠤᠯᠪᠤᠠᠠᠳ᠋ᠬᠠᠰᠠᠨ | ᠬᠠᠮᠢᠶ᠎ᠠ ᠪᠦᠬᠦᠢ ᠦᠭᠡᠷᠡᠴᠢᠯᠡᠯᠳᠡ ᠶᠢᠨ ᠠᠵᠢᠯ ᠢ ᠡᠷᠭᠡᠪᠰᠢ ᠡᠷᠬᠡ ᠬᠠᠷᠢᠭᠤᠴᠠᠯᠭ᠎ᠠ ᠶᠢᠨ ᠨᠡᠷᠢᠨ ᠬᠠᠭᠤᠳᠠᠰᠣ ᠪᠠᠷ | ᠰᠠᠭᠤᠷᠢ ᠪᠣᠯᠭᠠᠨ᠂ ᠡᠷᠬᠡ ᠬᠠᠷᠢᠭᠤᠴᠠᠯᠭ᠎ᠠ ᠶᠢᠨ ᠨᠡᠷᠢᠨ ᠬᠠᠭᠤᠳᠠᠰᠣ ᠯᠤᠭ᠎ᠠ ᠨᠢᠭᠡᠳᠦᠯᠳᠡᠢ ᠪᠠᠶᠢᠯᠭᠠᠬᠤ ᠶᠢ ᠪᠠᠲᠤᠯᠠᠵᠤ᠂ | ᠵᠠᠰᠠᠭ ᠵᠠᠬᠢᠷᠭᠠᠨ ᠤ ᠡᠷᠬᠡ ᠶᠢ ᠲᠤᠬᠢᠷᠡᠭᠤᠯᠬᠤ ᠳᠤ ᠬᠤᠯᠪᠤᠠᠠᠳ᠋ᠬᠠᠰᠠᠨ ᠪᠠᠶᠢᠪᠠᠯ᠂ ᠡᠷᠭᠡᠪᠰᠢ ᠬᠠᠦᠯᠢ ᠪᠠᠷ | ᠲᠣᠠᠠᠳᠠᠭᠠᠠᠠᠰᠠᠨ ᠳᠡᠰ ᠳᠡᠷᠡᠭᠠᠯᠠᠯ ᠶᠣᠰᠣᠭᠠᠷ ᠡᠷᠬᠡ ᠬᠠᠷᠢᠭᠤᠴᠠᠯᠭ᠎ᠠ ᠶᠢᠨ ᠨᠡᠷᠢᠨ ᠬᠠᠭᠤᠳᠠᠰᠣ ᠶᠢ | ᠲᠣᠬᠢᠷᠡᠭᠤᠯᠬᠤ ᠶᠢᠨ ᠬᠠᠮᠳᠣ ᠬᠠᠦᠯᠢ ᠶᠣᠰᠣᠭᠠᠷ ᠢᠯᠡ ᠪᠤᠯᠭᠠᠬᠤ ᠭᠡᠷᠡᠭᠳᠡᠢ᠃ ︽ᠦᠪᠡᠷᠳᠡᠭᠡᠨ ᠵᠠᠰᠠᠬᠤ ᠣᠷᠣᠨ ᠤ | ᠠᠷᠡᠳ ᠤᠨ ᠳᠥᠯᠥᠭᠡᠯᠡᠭᠴᠢᠳ ᠤᠨ ᠶᠡᠭᠡ ᠬᠤᠷᠡᠯ ᠤᠨ ᠳᠥᠯᠥᠭᠡᠯᠡᠭᠴᠢ ᠶᠢᠨ ᠰᠠᠨᠠᠭᠤᠯᠭ᠎ᠠ ᠪᠠ ᠣᠯᠥᠰ ᠳᠥᠷᠥ ᠶᠢᠨ | ᠵᠦᠪᠯᠡᠯᠭᠡᠨ ᠤ ᠭᠡᠰᠢᠬᠦᠳ ᠤᠨ ᠲᠣᠷᠡᠳᠣᠠᠠᠰᠠᠨ ᠲᠣᠷᠡᠳᠣᠯᠭᠠ ᠶᠢ ᠬᠦᠢᠴᠡᠳᠭᠡᠭᠰᠡᠨ ᠦᠷ᠎ᠠ ᠳ᠋ᠦᠩ ᠢ ᠢᠯᠡ ᠪᠤᠯᠭᠠᠬᠤ | ᠠᠵᠢᠯ ᠢ ᠰᠠᠶᠢᠳᠣᠷ ᠬᠢᠬᠦ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ | ᠣᠷᠳᠣᠨ ᠤ ᠠᠯᠪᠠᠨ ᠳᠢᠩᠬᠢᠮ ᠤᠨ ᠮᠡᠳᠡᠭᠳᠡᠯ︾ ︵ᠦᠪᠤᠷ ᠵᠠᠰᠠᠭ ᠠᠯᠪᠠᠨ ᠦᠰᠦᠭ ﹇2015﹈ 233 ᠳ᠋ᠣᠭᠠᠷ | ᠲᠣᠭᠠᠳᠣ︶ ᠤᠨ ᠱᠠᠭᠠᠷᠳᠡᠯᠭ᠎ᠠ ᠶᠣᠰᠣᠭᠠᠷ᠂ ᠠᠷᠡᠳ ᠤᠨ ᠳᠥᠯᠥᠭᠡᠯᠡᠭᠴᠢᠳ ᠤᠨ ᠶᠡᠭᠡ ᠬᠤᠷᠡᠯ ᠤᠨ | ᠳᠥᠯᠥᠭᠡᠯᠡᠭᠴᠢ ᠶᠢᠨ ᠰᠠᠨᠠᠭᠤᠯᠭ᠎ᠠ ᠪᠠ ᠣᠯᠥᠰ ᠳᠥᠷᠥ ᠶᠢᠨ ᠵᠦᠪᠯᠡᠯᠬᠡᠨ ᠤ ᠭᠡᠰᠢᠬᠦᠳ ᠤᠨ ᠲᠣᠷᠡᠳᠣᠠᠠᠰᠠᠨ | ᠲᠣᠷᠡᠳᠣᠯᠭᠠ ᠶᠢ ᠬᠦᠢᠴᠡᠳᠭᠡᠭᠰᠡᠨ ᠦᠷ᠎ᠠ ᠳ᠋ᠦᠩ ᠢ ᠢᠯᠡ ᠪᠤᠯᠭᠠᠬᠤ ᠠᠵᠢᠯ ᠢ ᠪᠦᠬᠦ ᠬᠦᠴᠣᠨ ᠢᠶᠠᠷ ᠠᠬᠢᠭᠤᠯᠵᠦ᠂ | ᠨᠡᠶᠢᠭᠡᠮ ᠤᠨ ᠨᠡᠶᠢᠳᠡᠮ ᠠᠩᠬᠠᠷᠤᠨ ᠬᠠᠯᠠᠮᠵᠢᠯᠠᠵᠤ ᠪᠠᠶᠢᠭ᠎ᠠ᠂ ᠣᠯᠥᠰ ᠤᠨ ᠡᠳ᠋ ᠤᠨ ᠵᠠᠰᠠᠭ ᠠᠷᠡᠳ ᠤᠨ | ᠠᠮᠢᠳᠣᠷᠡᠯ ᠳᠤ ᠬᠤᠯᠪᠤᠠᠠᠳ᠋ᠬᠠᠰᠠᠨ ᠰᠠᠨᠠᠭᠤᠯᠭ᠎ᠠ ᠪᠠ ᠲᠣᠷᠡᠳᠣᠯᠭᠠ ᠪᠣᠯ᠂ ᠲᠠᠭᠠᠭᠠᠨ ᠬᠦᠢᠴᠡᠳᠭᠡᠬᠦ ᠨᠢᠭᠡᠴᠡ ᠨᠢ | ᠵᠠᠷᠴᠢᠮ ᠳᠡᠭᠡᠷ᠎ᠠ ᠪᠠᠨ ᠬᠠᠷᠢᠭᠤ ᠦᠭᠬᠦᠭᠰᠡᠨ ᠪᠦᠬᠦ ᠠᠭᠤᠯᠭ᠎ᠠ ᠶᠢ ᠢᠯᠡ ᠪᠤᠯᠭᠠᠬᠤ ᠭᠡᠷᠡᠭᠳᠡᠢ᠃ ᠵᠠᠬ᠎ᠠ ᠳᠡᠯᠭᠡᠬᠦᠷ ᠲᠤ | ᠵᠥᠪᠰᠢᠶᠡᠷᠡᠨ ᠣᠷᠤᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢᠨ ᠮᠡᠳᠡᠭᠡ ᠵᠠᠩᠬᠢ ᠶᠢ ᠢᠯᠡ | ᠪᠤᠯᠭᠠᠬᠤ ᠲᠤᠠᠠᠳᠡᠴᠠ ᠶᠢ ᠪᠠᠶᠢᠭᠤᠯᠵᠦ᠂ ︽ᠵᠠᠬ᠎ᠠ ᠳᠡᠯᠭᠡᠬᠦᠷ ᠲᠤ ᠵᠥᠪᠰᠢᠶᠡᠷᠡᠨ ᠣᠷᠤᠭᠤᠯᠬᠤ ᠳᠤ ᠬᠤᠷᠢᠭ᠎ᠠ ᠲᠠᠢ | ᠵᠦᠢᠯᠡᠰ ᠤᠨ ᠨᠠᠷᠢᠨ ᠳᠠᠩᠰᠠ ᠶᠢᠨ ᠳᠥᠷᠢᠮ ᠢ ᠬᠡᠷᠡᠭᠵᠢᠬᠦᠯᠬᠦ ᠲᠤᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ | ᠰᠠᠨᠠᠯ︾ ︵ᠳᠥᠷᠥ ᠲᠠᠷᠬᠠᠭᠠᠠᠠᠰᠠᠨ ﹇2015﹈ 55 ᠳ᠋ᠣᠭᠠᠷ ᠲᠤᠭᠠᠳᠦ︶ ᠤᠨ ᠬᠤᠯᠪᠤᠠᠠᠳᠡᠯ ᠪᠦᠬᠦᠢ | ᠱᠠᠭᠠᠷᠳᠡᠯᠭ᠎ᠠ ᠶᠣᠰᠣᠭᠠᠷ᠂ ᠵᠠᠬ᠎ᠠ ᠳᠡᠯᠭᠡᠬᠦᠷ ᠲᠤ ᠵᠥᠪᠰᠢᠶᠡᠷᠡᠨ ᠣᠷᠤᠭᠤᠯᠬᠤ ᠳᠤ ᠬᠤᠷᠢᠭ᠎ᠠ ᠲᠠᠢ ᠵᠦᠢᠯᠡᠰ ᠤᠨ | ᠨᠠᠷᠢᠨ ᠳᠠᠩᠰᠠ ᠶᠢᠨ ᠳᠥᠷᠢᠮ ᠯᠦᠭᠡ ᠬᠠᠷᠢᠯᠴᠠᠨ ᠵᠣᠬᠢᠴᠬᠠᠰᠠᠨ ᠮᠡᠳᠡᠭᠡ ᠵᠠᠩᠬᠢ ᠶᠢᠨ ᠢᠯᠡ ᠨᠡᠶᠢᠳᠡᠯᠡᠬᠦ ᠳᠥᠷᠢᠮ ᠪᠠ | ᠮᠡᠳᠡᠭᠡ ᠵᠠᠩᠬᠢ ᠶᠢᠨ ᠬᠠᠮᠳᠣᠪᠡᠷ ᠬᠦᠷᠲᠡᠬᠦ ᠳᠥᠷᠢᠮ ᠢ ᠪᠠᠶᠢᠭᠤᠯᠥᠨ ᠪᠦᠷᠢᠨᠰᠢᠬᠦᠯᠵᠦ᠂ ᠬᠠᠦᠯᠢ ᠶᠣᠰᠣᠭᠠᠷ | ᠨᠢᠭᠤᠴᠠ ᠶᠢ ᠬᠠᠮᠠᠭᠠᠯᠠᠬᠤ ᠴᠢᠬᠤᠯᠡᠳᠡᠢ ᠠᠴᠠ ᠪᠤᠰᠤᠳ᠂ ᠵᠠᠬ᠎ᠠ ᠳᠡᠯᠭᠡᠬᠦᠷ ᠲᠤ ᠵᠥᠪᠰᠢᠶᠡᠷᠡᠨ ᠣᠷᠤᠭᠤᠯᠬᠤ ᠳᠤ | ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ ᠶᠢ ᠲᠣᠠᠠᠳᠠᠭᠠᠬᠤ ᠪᠠ ᠲᠣᠬᠢᠷᠡᠭᠤᠯᠬᠤ ᠵᠦᠢᠯᠡᠰ᠂ ᠦᠨᠳᠦᠰᠦᠯᠡᠯ ᠪᠠ | ᠦᠷ᠎ᠠ ᠳ᠋ᠦᠩ ᠢ ᠪᠦᠷ ᠨᠡᠶᠢᠭᠡᠮ ᠨᠡᠶᠢᠲᠡ ᠳᠤ ᠢᠯᠡ ᠪᠤᠯᠭᠠᠬᠤ ᠭᠡᠷᠡᠭᠳᠡᠢ᠃ ︽ᠬᠤᠶᠡᠷ ᠢ ᠰᠤᠭᠤᠴᠢᠵᠤ᠂ ᠨᠢᠭᠡ ᠶᠢ | ᠢᠯᠡ ᠪᠤᠯᠭᠠᠬᠤ︾ ᠶᠢᠨ ᠬᠢᠨᠡᠯᠳᠡ ᠬᠠᠮᠢᠶᠡᠷᠦᠯᠳᠡ ᠶᠢ ᠪᠦᠬᠦ ᠳᠡᠯ᠎ᠠ ᠪᠠᠷ ᠭᠡᠷᠡᠭᠵᠢᠬᠦᠯᠵᠦ᠂ ᠶᠡᠷᠦᠩᠭᠡᠶᠢᠯᠡᠨ ᠬᠢᠨᠡᠨ | ᠬᠠᠮᠢᠶᠡᠷᠬᠤ ᠪᠠ ᠪᠠᠶᠢᠴᠠᠭᠠᠵᠤ ᠬᠠᠤᠯᠢ ᠬᠡᠷᠡᠭᠵᠢᠭᠦᠯᠦᠭᠰᠡᠨ ᠮᠡᠳᠡᠭᠡ ᠵᠠᠩᠬᠢ ᠶᠢ ᠣᠯᠡᠨ ᠠᠷᠭ᠎ᠠ ᠵᠠᠮ ᠢᠶᠠᠷ ᠪᠦᠭᠡᠳ | ᠪᠦᠬᠦ ᠳᠡᠯ᠎ᠠ ᠪᠠᠷ ᠴᠠᠭ ᠲᠣᠬᠠᠢ ᠳᠤᠨᠢ ᠢᠯᠡ ᠪᠤᠯᠭᠠᠨ᠂ ᠬᠢᠨᠡᠨ ᠬᠠᠮᠢᠶᠡᠷᠬᠤ ᠬᠦᠴᠣᠨ ᠴᠢᠳᠡᠪᠦᠷᠢ ᠪᠤᠯᠥᠨ ᠲᠥᠪ | ᠭᠤᠣᠯᠴᠢ ᠴᠢᠨᠡᠷ ᠢ ᠳᠡᠭᠡᠭᠰᠢᠯᠡᠬᠦᠯᠵᠦ᠂ ᠬᠢᠨᠡᠯᠳᠡ ᠬᠠᠮᠢᠶᠡᠷᠥᠯᠳᠡ ᠶᠢᠨ ᠰᠦᠷ ᠬᠦᠴᠣᠨ ᠪᠠ ᠣᠯᠡᠨ ᠨᠡᠶᠢᠲᠡ ᠶᠢ | ᠢᠳᠡᠭᠡᠬᠦᠯᠬᠦ ᠬᠦᠴᠣᠨ ᠢ ᠨᠡᠮᠡᠭᠳᠡᠭᠦᠯᠬᠦ ᠭᠡᠷᠡᠭᠳᠡᠢ᠃ | ︵ᠬᠤᠶᠡᠷ︶ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠶᠢᠨ ᠲᠤᠭᠤᠷᠢᠨ ᠳᠤ ᠰᠠᠨᠠᠭᠠᠴᠢᠯᠠᠭ᠎ᠠ ᠠᠴᠠ ᠪᠠᠨ ᠢᠯᠡ | ᠪᠤᠯᠭᠠᠬᠤ ᠡᠷᠴᠢᠮ ᠢ ᠴᠢᠩᠭᠠᠷᠡᠭᠤᠯᠥᠨ᠎ᠠ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ | ᠮᠦᠴᠢᠷ ᠤᠳ ︽ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠴᠢᠬᠤᠯᠡ ᠶᠡᠭᠡ ᠪᠦᠳᠦᠭᠡᠨ | ᠪᠠᠶᠢᠭᠤᠯᠥᠯᠳᠡ ᠶᠢᠨ ᠳᠥᠷᠦᠯ ᠵᠦᠢᠯ ᠢ ᠵᠦᠪᠰᠢᠶᠡᠷᠡᠬᠦ ᠪᠠ ᠭᠡᠷᠡᠭᠵᠢᠬᠦᠯᠬᠦ ᠬᠦᠷᠢᠶ᠎ᠠ᠂ ᠣᠯᠡᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠡᠭᠤᠯᠥᠯᠳᠡ ᠶᠢᠨ ᠬᠦᠷᠢᠶ᠎ᠠ᠂ ᠨᠡᠶᠢᠭᠡᠮ ᠤᠨ ᠨᠡᠶᠢᠲᠡ ᠶᠢᠨ ᠠᠰᠠᠷᠡᠮᠵᠢ ᠶᠢᠨ ᠠᠵᠢᠯ ᠦᠢᠯᠡᠰ ᠤᠨ | ᠪᠦᠳᠦᠭᠡᠨ ᠪᠠᠶᠢᠭᠤᠯᠥᠯᠳᠡ ᠶᠢᠨ ᠬᠦᠷᠢᠶ᠎ᠠ ᠳᠠᠬᠢ ᠵᠠᠰᠠᠭ ᠤᠨ ᠣᠷᠳᠣᠨ ᠤ ᠮᠡᠳᠡᠭᠡ ᠵᠠᠩᠬᠢ ᠶᠢᠨ ᠢᠯᠡ ᠪᠤᠯᠭᠠᠬᠤ ᠶᠢ | ᠠᠬᠢᠭᠤᠯᠬᠤ ᠲᠣᠬᠠᠢ ᠰᠠᠨᠠᠯ ᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ | ᠣᠷᠳᠣᠨ ᠤ ᠠᠯᠪᠠᠨ ᠳᠢᠩᠬᠢᠮ ᠤᠨ ᠣᠯᠠᠮᠵᠢᠯᠠᠨ ᠶᠠᠪᠤᠭᠤᠯᠬᠤ ᠮᠡᠳᠡᠭᠳᠡᠯ︾ ︵ᠦᠪᠤᠷ ᠵᠠᠰᠠᠭ ᠠᠯᠪᠠᠨ ᠲᠠᠷᠬᠠᠭᠠᠠᠠᠰᠠᠨ | ﹇2018﹈ 22 ᠳ᠋ᠣᠭᠠᠷ ᠲᠣᠭᠠᠳᠣ︶ ᠤᠨ ᠱᠠᠭᠠᠷᠳᠠᠯᠭ᠎ᠠ ᠶᠤᠰᠣᠭᠠᠷ᠂ ᠡᠳ᠋ ᠤᠨ ᠵᠠᠰᠠᠭ ᠤᠨ ᠳᠥᠰᠦᠪ ᠪᠠ | ᠲᠠᠰᠣᠯᠥᠨ ᠪᠤᠳᠣᠯᠳᠡ᠂ ᠴᠢᠬᠤᠯᠡ ᠶᠡᠭᠡ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠢ ᠵᠦᠪᠰᠢᠶᠡᠷᠡᠬᠦ ᠪᠠ | ᠭᠡᠷᠡᠭᠵᠢᠬᠦᠯᠬᠦ᠂ ᠣᠯᠡᠨ ᠨᠡᠶᠢᠲᠡ ᠶᠢᠨ ᠡᠬᠢ ᠪᠠᠶᠠᠯᠢᠭ ᠤᠨ ᠲᠣᠬᠢᠷᠡᠭᠤᠯᠥᠯᠳᠡ᠂ ᠨᠡᠶᠢᠭᠡᠮ ᠤᠨ ᠨᠡᠶᠢᠲᠡ ᠶᠢᠨ | ᠠᠰᠠᠷᠡᠮᠵᠢ ᠶᠢᠨ ᠠᠵᠢᠯ ᠦᠢᠯᠡᠰ ᠤᠨ ᠪᠦᠳᠦᠭᠡᠨ ᠪᠠᠶᠢᠭᠤᠯᠥᠯᠳᠡ ᠶᠢᠨ ᠬᠦᠷᠢᠶ᠎ᠠ ᠳᠠᠬᠢ ᠵᠠᠰᠠᠭ ᠤᠨ ᠣᠷᠳᠣᠨ ᠤ | ᠮᠡᠳᠡᠭᠡ ᠵᠠᠩᠬᠢ ᠶᠢᠨ ᠢᠯᠡ ᠪᠤᠯᠭᠠᠬᠤ ᠳᠥᠷᠢᠮ ᠢ ᠲᠣᠣᠱᠯᠠᠭᠤᠯᠥᠡ ᠨᠡᠶᠢᠳᠡᠪᠦᠷᠢᠵᠢᠭᠤᠯᠬᠤ ᠶᠢ ᠰᠠᠶᠢᠳᠣᠷ ᠠᠳᠬᠤᠬᠤ | ᠭᠡᠷᠡᠭᠳᠡᠢ᠃ ᠡᠯ᠎ᠠ ᠠᠶᠢᠮᠠᠭ ᠬᠤᠳᠡ ᠨᠢ ᠬᠤᠰᠢᠭᠤ ᠰᠢᠶᠡᠨ ᠤ ᠱᠠᠳᠣᠨ ᠤ ᠠᠷᠡᠳ ᠤᠨ ᠵᠠᠰᠠᠭ ᠤᠨ ᠣᠷᠳᠣᠨ ᠵᠢᠴᠢ | ᠳᠡᠬᠦᠨ ᠤ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠳᠥᠰᠥᠪ ᠪᠠ ᠲᠠᠰᠣᠯᠥᠨ ᠪᠤᠳᠣᠯᠳᠡ ᠶᠢᠨ ᠮᠡᠳᠡᠭᠡ | ᠵᠠᠩᠬᠢ ᠪᠠᠨ ᠪᠦᠬᠦ ᠳᠡᠯ᠎ᠠ ᠪᠠᠷ ᠢᠯᠡ ᠪᠤᠯᠭᠠᠬᠤ ᠶᠢ ᠠᠬᠢᠭᠤᠯᠬᠤ ᠭᠡᠷᠡᠭᠳᠡᠢ᠃ ᠡᠳ᠋ ᠤᠨ ᠵᠠᠰᠠᠭ ᠤᠨ ᠶᠠᠮᠣᠨ ᠤ ︽ | 2018 ᠣᠨ ᠤ ᠣᠷᠣᠨ ᠨᠣᠳᠤᠭ ᠤᠨ ᠵᠠᠰᠠᠭ ᠤᠨ ᠣᠷᠳᠣᠨ ᠤ ᠥᠷᠢ ᠰᠢᠷᠢ ᠶᠢᠨ ᠬᠠᠮᠢᠶᠡᠷᠦᠯᠳᠡ ᠶᠢᠨ ᠠᠵᠢᠯ ᠢ | ᠰᠠᠶᠢᠳᠣᠷ ᠬᠢᠬᠦ ᠲᠣᠬᠠᠢ ᠮᠡᠳᠡᠭᠳᠡᠯ︾ ︵ᠡᠳ᠋ ᠳᠥᠰᠦᠪ ﹇2018﹈ 34 ᠳ᠋ᠣᠭᠡᠷ ᠲᠣᠭᠠᠳᠣ︶ ᠤᠨ ᠱᠠᠭᠠᠷᠳᠡᠯᠭ᠎ᠠ | ᠶᠣᠰᠣᠭᠠᠷ᠂ ᠣᠷᠣᠨ ᠨᠣᠳᠤᠭ ᠤᠨ ᠵᠠᠰᠠᠭ ᠤᠨ ᠣᠷᠳᠣᠨ ᠤ ᠥᠷᠢ ᠰᠢᠷᠢ ᠶᠢᠨ ᠬᠦᠷᠢᠶ᠎ᠠ ᠴᠡᠷᠠᠭ᠎ᠠ ᠳᠠᠬᠢ ᠮᠡᠳᠡᠭᠡ | ᠵᠠᠩᠬᠢ ᠶᠢ ᠢᠯᠡ ᠪᠤᠯᠭᠠᠬᠤ ᠶᠢ ᠠᠬᠢᠭᠤᠯᠵᠦ᠂ ᠣᠷᠣᠨ ᠨᠣᠳᠤᠭ ᠤᠨ ᠵᠠᠰᠠᠭ ᠤᠨ ᠣᠷᠳᠣᠨ ᠤ ᠥᠷᠢ ᠰᠢᠷᠢ ᠶᠢᠨ | ᠮᠡᠳᠡᠭᠡ ᠵᠠᠩᠬᠢ ᠶᠢ ᠢᠯᠡ ᠪᠤᠯᠭᠠᠬᠤ ᠠᠷᠭ᠎ᠠ ᠶᠢ ᠨᠡᠶᠢᠳᠡᠪᠦᠷᠢᠵᠢᠭᠤᠯᠬᠤ ᠭᠡᠷᠡᠭᠳᠡᠢ᠃ ᠡᠯ᠎ᠠ ᠭᠠᠵᠡᠷ ᠣᠷᠣᠨ᠂ ᠡᠯ᠎ᠠ | ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠪᠤᠳᠡᠳᠡᠢ ᠲᠠᠢ ᠪᠠᠨ ᠣᠶᠠᠯᠳᠣᠭᠤᠯᠥᠨ ᠲᠣᠰ ᠭᠠᠵᠡᠷ ᠣᠷᠣᠨ᠂ ᠲᠣᠰ | ᠠᠵᠢᠯ ᠳᠥᠷᠦᠯ ᠤᠨ ᠢᠶᠠᠨ ᠨᠡᠶᠢᠭᠡᠮ ᠤᠨ ᠠᠩᠬᠠᠷᠥᠯ ᠤᠨ ᠭᠡᠮᠵᠢᠶ᠎ᠠ ᠪᠠᠷ ᠶᠡᠭᠡ ᠪᠠᠶᠢᠬᠤ ᠴᠢᠬᠤᠯᠡ ᠶᠡᠭᠡ ᠪᠦᠳᠦᠭᠡᠨ | ᠪᠠᠶᠢᠭᠤᠯᠥᠯᠳᠡ ᠶᠢᠨ ᠳᠥᠷᠦᠯ ᠵᠦᠢᠯ ᠢ ᠰᠤᠩᠭᠤᠵᠤ᠂ ᠲᠠᠭᠠᠭᠠᠴᠢᠯᠠᠯᠳᠡ ᠣᠯᠥᠠᠠᠰᠠᠨ ᠦᠷ᠎ᠠ ᠳ᠋ᠦᠩ ᠢ ᠢᠯᠡ | ᠪᠤᠯᠭᠠᠬᠤ᠂ ᠭᠡᠷ᠎ᠠ ᠲᠣᠠᠠᠳᠠᠬᠤ ᠵᠢᠴᠢ ᠬᠦᠢᠴᠡᠳᠭᠡᠭᠰᠡᠨ ᠪᠠᠶᠢᠳᠡᠯ᠂ ᠭᠠᠵᠡᠷ ᠰᠢᠷᠦᠢ ᠳᠡᠳᠡᠪᠦᠷᠢᠯᠡᠬᠤ ᠳᠥᠰᠥᠯ᠂ | ᠭᠠᠵᠡᠷ ᠰᠢᠷᠦᠢ ᠳᠡᠳᠡᠪᠦᠷᠢᠯᠬᠠᠰᠡᠡ ᠲᠦᠯᠦᠪᠦᠷᠢ ᠦᠭᠴᠥ ᠳᠥᠪᠬᠢᠨᠡᠬᠦᠯᠬᠦ ᠳᠥᠰᠥᠯ ᠵᠡᠷᠭᠡ ᠮᠡᠳᠡᠭᠡ ᠵᠠᠩᠬᠢ ᠶᠢᠨ ᠢᠯᠡ | ᠪᠤᠯᠭᠠᠬᠤ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠬᠦ ᠭᠡᠷᠡᠭᠳᠡᠢ᠃ ᠣᠯᠡᠨ ᠨᠡᠶᠢᠲᠡ ᠶᠢᠨ ᠡᠬᠢ ᠪᠠᠶᠠᠯᠢᠭ ᠤᠨ | ᠠᠷᠡᠯᠵᠢᠶ᠎ᠠ ᠶᠢᠨ ᠵᠡᠷ ᠮᠡᠳᠡᠭᠡ᠂ ᠬᠢᠷᠢ ᠭᠡᠮ ᠢ ᠬᠢᠨᠡᠨ ᠪᠠᠶᠢᠴᠠᠭᠠᠠᠠᠰᠠᠨ ᠦᠷ᠎ᠠ ᠳ᠋ᠦᠩ᠂ ᠠᠷᠠᠯᠵᠢᠶᠠᠯᠠᠬᠤ ᠶᠠᠪᠤᠴᠠ ᠶᠢᠨ | ᠮᠡᠳᠡᠭᠡ ᠵᠠᠩᠬᠢ᠂ ᠠᠷᠡᠯᠵᠢᠶ᠎ᠠ ᠪᠦᠳᠦᠭᠰᠡᠨ ᠮᠡᠳᠡᠭᠡ ᠵᠠᠩᠬᠢ᠂ ᠭᠡᠷ᠎ᠡ ᠪᠠᠨ ᠬᠦᠢᠴᠡᠳᠭᠡᠭᠰᠡᠨ ᠮᠡᠳᠡᠭᠡ ᠵᠠᠩᠬᠢ ᠵᠢᠴᠢ | ᠬᠤᠯᠪᠤᠠᠠᠳᠡᠯ ᠪᠦᠬᠦᠢ ᠬᠤᠪᠢᠷᠡᠭᠤᠯᠥᠠᠠᠰᠠᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠬᠠᠦᠯᠢ ᠶᠣᠰᠣᠭᠠᠷ | ᠰᠠᠶᠢᠳᠣᠷ ᠬᠢᠬᠦ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠣᠯᠡᠨ ᠨᠡᠶᠢᠲᠡ ᠶᠢᠨ ᠡᠬᠢ ᠪᠠᠶᠠᠯᠢᠭ ᠤᠨ | ᠠᠷᠡᠯᠵᠢᠶ᠎ᠠ ᠶᠢᠨ ᠳᠡᠪᠴᠠᠩ ᠢᠶᠠᠷ ᠵᠠᠩᠬᠢᠯᠠᠭ᠎ᠠ ᠪᠤᠯᠭᠠᠠᠠᠰᠠᠨ ᠪᠦᠬᠦ ᠣᠷᠣᠨ ᠤ ᠣᠯᠡᠨ ᠨᠡᠶᠢᠲᠡ ᠶᠢᠨ ᠡᠬᠢ ᠪᠠᠶᠠᠯᠢᠭ ᠤᠨ | ᠠᠷᠡᠯᠵᠢᠶ᠎ᠠ ᠶᠢᠨ ᠲᠤᠭ᠎ᠠ ᠪᠡᠷᠢᠮᠳᠡ ᠶᠢᠨ ᠬᠠᠮᠳᠣᠪᠡᠷ ᠬᠦᠷᠲᠡᠬᠦ ᠳᠡᠪᠴᠠᠩ ᠤᠨ ᠰᠢᠰᠲ᠋ᠧᠮᠵᠢ ᠶᠢ ᠪᠠᠶᠢᠭᠤᠯᠵᠦ᠂ ᠣᠯᠡᠨ | ᠨᠡᠶᠢᠲᠡ ᠶᠢᠨ ᠡᠬᠢ ᠪᠠᠶᠠᠯᠢᠭ ᠤᠨ ᠲᠣᠬᠢᠷᠡᠭᠤᠯᠥᠯᠳᠡ ᠶᠢᠨ ᠪᠦᠬᠦ ᠴᠣᠪᠣᠷᠡᠯ ᠳᠤ ᠡᠯᠧᠺᠲᠷᠣᠨᠴᠢᠯᠠᠬᠦ᠂ ᠢᠯᠡ | ᠲᠣᠳᠣᠵᠢᠭᠤᠯᠬᠤ ᠶᠢ ᠪᠠᠶᠠᠯᠠᠬᠦᠯᠬᠦ ᠶᠢ ᠠᠬᠢᠭᠤᠯᠬᠤ ᠭᠡᠷᠡᠭᠳᠡᠢ᠃ ᠲᠦᠢᠯ ᠤᠨ ᠣᠨᠣᠪᠴᠢᠳᠡᠢ ᠪᠠᠷ ᠶᠠᠳᠠᠭᠤ ᠶᠢ | ᠳᠡᠳᠬᠦᠬᠦ ᠪᠠ ᠶᠠᠳᠠᠭᠤ ᠠᠴᠠ ᠠᠩᠬᠢᠵᠢᠷᠡᠭᠤᠯᠬᠤ᠂ ᠨᠡᠶᠢᠭᠡᠮ ᠤᠨ ᠠᠪᠤᠷᠡᠨ ᠲᠣᠰᠠᠯᠠᠬᠤ ᠶᠢ ᠲᠠᠭᠠᠭᠠᠨ ᠪᠠᠳᠣᠯᠠᠬᠤ᠂ | ᠢᠳᠡᠭᠡᠨ ᠤ ᠠᠮᠥᠷ ᠳᠥᠪᠰᠢᠨ᠂ ᠬᠦᠨᠳᠦ ᠶᠡᠭᠡ ᠣᠷᠴᠢᠨ ᠲᠤᠭᠤᠷᠢᠨ ᠤ ᠪᠤᠬᠢᠷᠳᠦᠯ ᠪᠠ ᠠᠮᠢ ᠠᠬᠤᠢ ᠶᠢ ᠡᠪᠳᠡᠭᠰᠡᠨ | ᠭᠡᠷᠩ ᠢ ᠪᠠᠶᠢᠴᠠᠭᠠᠨ ᠰᠢᠢᠳᠪᠦᠷᠢᠯᠡᠭᠰᠡᠨ ᠵᠡᠷᠭᠡ ᠮᠡᠳᠡᠭᠡ ᠵᠠᠩᠬᠢ ᠶᠢ ᠢᠯᠡ ᠪᠤᠯᠭᠠᠬᠤ ᠶᠢ ᠳᠠᠰᠣᠷᠡᠯᠳᠡ ᠦᠭᠡᠢ | ᠠᠬᠢᠭᠤᠯᠵᠦ᠂ ᠢᠯᠡ ᠪᠤᠯᠭᠠᠠᠠᠰᠠᠨ ᠮᠡᠳᠡᠭᠡ ᠵᠠᠩᠬᠢ ᠶᠢ ᠪᠠᠶᠢᠴᠠᠭᠠᠨ ᠡᠷᠢᠵᠦ ᠪᠤᠯᠬᠤ᠂ ᠬᠠᠷᠭᠤᠭᠤᠯᠥᠨ ᠪᠠᠶᠢᠴᠠᠭᠠᠵᠦ | ᠪᠤᠯᠬᠤ᠂ ᠠᠰᠢᠠᠠᠯᠠᠵᠦ ᠪᠤᠯᠬᠤ ᠶᠢ ᠪᠠᠶᠠᠯᠠᠬᠦᠯᠬᠦ ᠳᠤ ᠮᠡᠷᠭᠡᠵᠢᠯ ᠤᠨ ᠠᠷᠭ᠎ᠠ ᠪᠡᠷᠢᠯ ᠢ ᠬᠡᠷᠡᠭᠯᠡᠬᠦ ᠶᠢ ᠴᠢᠬᠤᠯᠠᠴᠢᠯᠠᠬᠤ | ᠭᠡᠷᠡᠭᠳᠡᠢ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠭᠤᠤᠯᠳᠡᠯᠭ᠎ᠠ ᠲᠠᠢ ᠬᠦᠷᠢᠶ᠎ᠠ | ᠴᠡᠷᠠᠭ᠎ᠠ ᠳᠠᠬᠢ ᠮᠡᠳᠡᠭᠡ ᠵᠠᠩᠬᠢ ᠶᠢ ᠢᠯᠡ ᠪᠤᠯᠭᠠᠬᠤ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠦᠨᠳᠣᠰᠣᠡ | ᠭᠠᠷᠴᠠᠭ ᠲᠤ ᠣᠷᠣᠭᠤᠯᠵᠦ᠂ ᠦᠷᠬᠦᠯᠵᠢᠯᠡᠨ ᠠᠬᠢᠭᠤᠯᠬᠤ ᠭᠡᠷᠡᠭᠳᠡᠢ︔ ᠵᠠᠰᠠᠭ ᠤᠨ ᠣᠷᠳᠣᠨ ᠤ ᠮᠡᠳᠡᠭᠡ ᠵᠠᠩᠬᠢ ᠶᠢ | ᠢᠯᠡ ᠪᠤᠯᠭᠠᠬᠤ ᠠᠵᠢᠯ ᠤᠨ ᠣᠨ ᠤ ᠮᠡᠳᠡᠬᠦᠯᠥᠯᠳᠡ ᠳᠡᠭᠡᠨ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠳᠠᠬᠢ ᠮᠡᠳᠡᠭᠡ | ᠵᠠᠩᠬᠢ ᠶᠢ ᠢᠯᠡ ᠪᠤᠯᠭᠠᠠᠠᠰᠠᠨ ᠪᠠᠶᠢᠳᠡᠯ ᠢ ᠨᠡᠶᠢᠳᠡᠯᠡᠵᠦ᠂ ᠨᠡᠶᠢᠭᠡᠮ ᠲᠠᠶᠠᠭᠠᠷ ᠤᠨ ᠬᠢᠨᠡᠯᠳᠡ ᠳᠡᠯᠪᠢᠯᠳᠡ ᠶᠢ ᠬᠦᠯᠢᠶᠡᠬᠦ | ᠭᠡᠷᠡᠭᠳᠡᠢ᠃ | ︵ᠭᠤᠷᠪᠡ︶ ᠵᠠᠬ᠎ᠠ ᠳᠡᠯᠭᠡᠬᠦᠷ ᠤᠨ ᠵᠢᠱᠢᠯᠲᠡ ᠶᠢ ᠲᠣᠠᠠᠳᠠᠭᠤᠨ ᠪᠠᠶᠢᠯᠭᠠᠬᠤ ᠶᠢᠨ ᠲᠤᠭᠤᠷᠢᠨ ᠳᠤ ᠳᠥᠷᠥ ᠶᠢᠨ | ᠪᠤᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠎ᠠ᠃ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠦᠨᠳᠣᠰᠣᠡ | ᠱᠠᠭᠠᠷᠳᠡᠯᠭ᠎ᠠ ᠶᠢ ᠪᠠᠳᠥ ᠡᠵᠡᠮᠰᠢᠵᠦ᠂ ᠬᠠᠩᠭᠠᠯᠭ᠎ᠠ ᠶᠢᠨ ᠳᠡᠯ᠎ᠠ ᠳᠠᠬᠢ ᠪᠦᠳᠦᠴᠡ ᠶᠢᠨ ᠴᠢᠨᠡᠷᠳᠡᠢ ᠦᠭᠡᠷᠡᠴᠢᠯᠡᠯᠳᠡ ᠶᠢ | ᠬᠦᠨᠵᠡᠭᠡᠢ ᠠᠬᠢᠭᠤᠯᠬᠤ᠂ ᠰᠢᠨ᠎ᠡ ᠶᠢ ᠡᠬᠦᠳᠬᠦ ᠭᠡᠯᠪᠡᠷᠢ ᠶᠢᠨ ᠣᠯᠥᠰ ᠢ ᠪᠦᠳᠦᠭᠡᠨ ᠪᠠᠶᠢᠭᠤᠯᠬᠤ ᠶᠢ ᠳᠦᠷᠭᠡᠳᠭᠡᠬᠦ᠂ | ᠰᠠᠭᠤᠷᠢ ᠴᠢᠨᠡᠷᠳᠡᠢ ᠵᠠᠩᠬᠢᠯᠠᠭ᠎ᠠ ᠶᠢᠨ ᠬᠦᠷᠢᠶ᠎ᠠ ᠴᠡᠷᠠᠭ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ᠂ ᠬᠦᠳᠡᠭᠡ | ᠲᠣᠰᠬᠤᠨ ᠢ ᠮᠠᠨᠳᠣᠭᠤᠯᠥᠨ ᠬᠦᠭᠵᠢᠬᠦᠯᠬᠦ ᠪᠠᠶᠢᠯᠳᠣᠬᠤ ᠪᠤᠳᠣᠯᠭ᠎ᠠ ᠶᠢ ᠶᠡᠭᠡᠪᠡᠷ ᠭᠡᠷᠡᠭᠵᠢᠬᠦᠯᠬᠦ᠂ ᠣᠷᠣᠨ ᠪᠦᠰᠡ ᠶᠢᠨ | ᠵᠣᠬᠢᠴᠠᠩᠭᠤᠢ ᠬᠦᠭᠵᠢᠯᠳᠡ ᠶᠢᠨ ᠪᠠᠶᠢᠯᠳᠣᠬᠤ ᠪᠤᠳᠣᠯᠭ᠎ᠠ ᠶᠢ ᠯᠠᠪᠳᠠᠭᠤᠨ ᠢᠶᠠᠷ ᠠᠬᠢᠭᠤᠯᠬᠤ᠂ ᠭᠡᠷᠡᠭᠯᠡᠭᠡᠨ ᠢ | ᠢᠳᠡᠪᠬᠢᠳᠡᠢ ᠪᠠᠷ ᠦᠷᠭᠡᠳᠭᠡᠬᠦ ᠪᠠ ᠪᠦᠳᠦᠮᠵᠢᠳᠥ ᠪᠡᠯᠡ ᠣᠷᠣᠭᠤᠯᠥᠯᠳᠡ ᠶᠢ ᠠᠬᠢᠭᠤᠯᠬᠤ᠂ ᠪᠦᠬᠦ ᠳᠡᠯ᠎ᠠ ᠪᠠᠷ | ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠪᠦᠷᠢᠯᠳᠦᠬᠦᠯᠬᠦ ᠶᠢ ᠠᠬᠢᠭᠤᠯᠬᠤ᠂ ᠠᠷᠡᠳ ᠤᠨ ᠠᠮᠢᠳᠣᠷᠡᠯ ᠢ ᠪᠠᠲᠤᠯᠠᠨ | ᠰᠠᠶᠢᠵᠢᠷᠡᠭᠤᠯᠬᠤ ᠬᠢᠷᠢ ᠭᠡᠮᠵᠢᠶ᠎ᠠ ᠶᠢ ᠳᠡᠭᠡᠭᠰᠢᠯᠡᠬᠦᠯᠬᠦ ᠵᠡᠷᠭᠡ ᠴᠢᠬᠤᠯᠡ ᠶᠡᠭᠡ ᠪᠠᠶᠢᠷᠢᠯᠠᠭᠤᠯᠥᠯᠳᠡ ᠳᠤ ᠠᠩᠬᠠᠷᠤᠯ ᠢᠶᠠᠨ | ᠳᠥᠪᠯᠡᠷᠡᠬᠦᠯᠵᠦ᠂ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ᠂ ᠭᠡᠷᠡᠭᠵᠢᠬᠦᠯᠥᠭᠰᠡᠨ ᠪᠠᠶᠢᠳᠡᠯ ᠪᠠ | ᠠᠵᠢᠯ ᠤᠨ ᠦᠷ᠎ᠠ ᠪᠦᠳᠦᠮᠵᠢ ᠶᠢ ᠰᠠᠶᠢᠳᠣᠷ ᠳᠡᠶᠢᠯᠪᠦᠷᠢᠯᠡᠵᠦ᠂ ᠠᠷᠡᠳ ᠣᠯᠡᠨ ᠤ ᠣᠶᠢᠯᠠᠭᠠᠯᠳᠡ ᠪᠠ ᠳᠡᠮᠵᠢᠯᠭᠡ ᠶᠢ | ᠣᠯᠬᠤ ᠭᠡᠷᠡᠭᠳᠡᠢ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ ︽︿ᠦᠪᠤᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠳᠥᠷᠥ ᠶᠢᠨ ᠪᠤᠳᠣᠯᠭ᠎ᠠ ᠶᠢᠨ ᠴᠢᠨᠡᠷᠳᠡᠢ ᠪᠢᠴᠢᠭ | ᠮᠠᠲ᠋ᠧᠷᠢᠶᠡᠯ ᠤᠨ ᠲᠠᠶᠢᠯᠤᠮᠵᠢ ᠬᠢᠬᠦ ᠠᠵᠢᠯ ᠤᠨ ᠠᠷᠭ᠎ᠠ﹀ ᠶᠢ ᠲᠠᠷᠣᠮᠠᠯᠯᠠᠨ ᠶᠠᠪᠤᠭᠤᠯᠬᠤ ᠲᠤᠬᠠᠢ ᠦᠪᠤᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ ᠤᠨ ᠮᠡᠳᠡᠭᠳᠡᠯ︾ ︵ᠦᠪᠤᠷ | ᠵᠠᠰᠠᠭ ᠠᠯᠪᠠᠨ ᠲᠠᠷᠬᠠᠭᠠᠠᠠᠰᠠᠨ ﹇2017﹈ 5 ᠳ᠋ᠣᠭᠠᠷ ᠲᠣᠭᠠᠳᠣ︶ ᠤᠨ ᠱᠠᠭᠠᠷᠳᠡᠯᠭ᠎ᠠ ᠶᠣᠰᠣᠭᠠᠷ ᠳᠥᠷᠥ ᠶᠢᠨ | ᠪᠤᠳᠣᠯᠭ᠎ᠠ ᠶᠢᠨ ᠲᠠᠶᠢᠯᠤᠮᠵᠢ ᠬᠢᠬᠦ ᠠᠵᠢᠯ ᠢ ᠬᠢᠨᠠᠮᠠᠭᠠᠢ ᠦᠷᠨᠢᠬᠦᠯᠬᠦ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ | ᠡᠯ᠎ᠠ ᠡᠬᠦᠷᠭᠡ ᠴᠢᠳᠡᠪᠦᠷᠢ ᠶᠢᠨ ᠰᠠᠯᠠᠭ᠎ᠠ ᠮᠦᠴᠢᠷ ᠤᠳ ᠳᠥᠷᠢᠮ ᠤᠨ ᠪᠠᠶᠢᠭᠤᠯᠥᠯᠳᠡ ᠶᠢ ᠴᠢᠩᠭᠠᠳᠬᠠᠵᠦ᠂ ᠮᠡᠳᠡᠭᠡ | ᠵᠠᠩᠬᠢ ᠨᠡᠶᠢᠳᠡᠯᠡᠬᠦ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠥᠨ᠂ ᠭᠤᠤᠯ ᠬᠠᠷᠢᠭᠤᠴᠠᠯᠭᠠᠲᠠᠨ | ᠨᠦᠬᠦᠳ ᠨᠢ ᠴᠢᠬᠤᠯᠡ ᠶᠡᠭᠡ ᠳᠥᠷᠥ ᠶᠢᠨ ᠪᠤᠳᠣᠯᠭ᠎ᠠ ᠶᠢᠨ ︽ᠨᠢᠭᠡᠳᠣᠭᠡᠷ ᠳᠡᠶᠢᠯᠪᠦᠷᠢᠯᠡᠬᠴᠢ︾ ᠶᠢᠨ ᠡᠬᠦᠷᠭᠡ | ᠬᠠᠷᠢᠭᠤᠴᠠᠯᠭ᠎ᠠ ᠪᠠᠨ ᠰᠠᠶᠢᠳᠣᠷ ᠬᠦᠢᠴᠡᠳᠭᠡᠵᠦ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡ ᠨᠡᠶᠢᠳᠡᠯᠡᠬᠦ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠡᠯ᠂ ᠦᠪᠡᠷᠳᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠳᠥᠷᠥ ᠶᠢᠨ ᠪᠤᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠵᠣᠷᠰᠢᠯᠲᠦ ᠬᠤᠷᠡᠯ ᠳᠤ | ᠢᠳᠡᠪᠬᠢᠳᠡᠢ ᠣᠷᠣᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ᠂ ᠳᠥᠷᠥ ᠶᠢᠨ ᠪᠤᠳᠣᠯᠭ᠎ᠠ ᠶᠢᠨ ᠠᠬᠤᠢ | ᠪᠠᠶᠢᠳᠡᠯ᠂ ᠭᠤᠤᠯᠳᠡᠯᠭ᠎ᠠ ᠲᠠᠢ ᠡᠬᠦᠷᠭᠡ᠂ ᠳᠠᠷᠠᠭᠠᠴᠢ ᠶᠢᠨ ᠠᠵᠢᠯ ᠤᠨ ᠪᠣᠳᠤᠯᠬᠢᠯᠠᠯ ᠵᠡᠷᠭᠡ ᠶᠢ ᠬᠦᠨᠵᠡᠭᠡᠢ | ᠳᠡᠶᠢᠯᠪᠦᠷᠢᠯᠡᠵᠦ᠂ ᠡᠷᠬᠡ ᠰᠦᠷᠳᠦ ᠮᠡᠳᠡᠭᠡ ᠵᠠᠩᠬᠢ ᠪᠤᠯᠥᠨ ᠳᠥᠷᠥ ᠶᠢᠨ ᠪᠤᠳᠣᠯᠭ᠎ᠠ ᠶᠢᠨ ᠤᠴᠢᠷ ᠤᠳᠬ᠎ᠠ ᠶᠢ ᠴᠠᠭ | ᠲᠣᠬᠠᠢ ᠳᠤᠨᠢ ᠣᠨᠣᠪᠴᠢᠳᠡᠢ ᠪᠠᠷ ᠣᠯᠠᠮᠵᠢᠯᠠᠨ ᠳᠡᠮᠵᠢᠭᠤᠯᠬᠤ ᠭᠡᠷᠡᠭᠳᠡᠢ᠃ ᠵᠠᠷᠢᠮ ᠲᠣᠰᠬᠠᠢ ᠠᠵᠢᠯ ᠤᠨ ᠴᠢᠨᠡᠷ ᠢᠶᠠᠷ | ᠨᠡᠯᠢᠶᠡᠳ ᠴᠢᠩᠭ᠎ᠠ ᠳᠥᠷᠥ ᠶᠢᠨ ᠪᠤᠳᠣᠯᠭ᠎ᠠ ᠶᠢ ᠪᠣᠯ᠂ ᠳᠥᠷᠦᠬᠦᠯᠡᠨ ᠲᠣᠭᠤᠷᠪᠢᠠᠠᠰᠠᠨ ᠰᠠᠯᠠᠭ᠎ᠠ ᠮᠦᠴᠢᠷ ᠤᠳ | ᠪᠤᠰᠣᠳᠴᠢ ᠲᠤᠭ᠎ᠠ ᠪᠡᠷᠢᠮᠳᠡ᠂ ᠠᠮᠢᠳᠦᠯᠢᠬ ᠪᠤᠳᠡᠳᠡᠢ ᠵᠢᠱᠢᠶ᠎ᠠ ᠵᠡᠷᠭᠡ ᠶᠢ ᠭᠡᠷᠡᠭᠯᠡᠬᠦ ᠶᠢ ᠴᠢᠬᠤᠯᠠᠴᠢᠯᠠᠨ᠂ | ᠳᠥᠷᠰᠦᠯᠢᠭ ᠪᠦᠭᠡᠳ ᠣᠶᠢᠯᠠᠭᠠᠮᠵᠢᠳᠡᠢ ᠲᠠᠶᠢᠯᠤᠮᠵᠢ ᠬᠢᠵᠦ᠂ ᠳᠥᠷᠥ ᠶᠢᠨ ᠪᠤᠳᠣᠯᠭ᠎ᠠ ᠶᠢ ᠲᠣᠳᠣᠷᠬᠠᠢ ᠲᠠᠶᠢᠯᠪᠤᠷᠢᠯᠠᠨ᠂ | ᠪᠣᠷᠤᠭᠤ ᠲᠠᠶᠢᠯᠪᠤᠷᠢᠯᠠᠵᠤ ᠠᠳᠡᠭᠦᠦ ᠣᠶᠢᠯᠠᠭᠠᠭᠤᠯᠬᠤ ᠠᠴᠠ ᠵᠠᠶᠢᠯᠠᠰᠬᠢᠬᠦ ᠭᠡᠷᠡᠭᠳᠡᠢ᠃ ᠦᠪᠡᠷᠳᠡᠭᠡᠨ ᠵᠠᠰᠠᠬᠤ | ᠣᠷᠣᠨ ᠤ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠦᠨᠳᠦ ᠶᠡᠭᠡ ᠳᠥᠭᠰᠢᠬᠦᠷᠢ ᠶᠢ ᠰᠡᠷᠭᠡᠶᠢᠯᠡᠨ ᠠᠷᠢᠯᠭᠠᠬᠤ᠂ | ᠲᠦᠢᠯ ᠤᠨ ᠣᠨᠣᠪᠴᠢᠳᠡᠢ ᠪᠠᠷ ᠶᠠᠳᠠᠭᠤ ᠠᠴᠠ ᠠᠩᠬᠢᠵᠢᠷᠡᠭᠤᠯᠬᠤ᠂ ᠪᠤᠬᠢᠷᠳᠦᠯ ᠢ ᠰᠡᠷᠭᠡᠶᠢᠯᠡᠨ ᠵᠠᠰᠠᠬᠤ ᠭᠤᠷᠪᠡᠨ | ᠶᠡᠭᠡ ᠰᠢᠪᠲᠤᠯᠤᠯᠲᠠ ᠶᠢᠨ ᠲᠠᠶᠢᠯᠠᠯᠳᠣᠭᠠᠨ ᠤ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢᠨ | ᠲᠠᠶᠢᠯᠤᠮᠵᠢ ᠬᠢᠬᠦ ᠠᠵᠢᠯ ᠢ ᠭᠤᠤᠯᠳᠡᠯᠭ᠎ᠠ ᠲᠠᠢ ᠰᠠᠶᠢᠳᠣᠷ ᠠᠳᠬᠤᠵᠦ᠂ ᠵᠠᠬ᠎ᠠ ᠳᠡᠯᠭᠡᠬᠦᠷ ᠤᠨ ᠵᠢᠱᠢᠯᠲᠡ ᠶᠢᠨ | ᠬᠤᠪᠢᠷᠡᠯᠳᠡ ᠶᠢ ᠨᠢᠠᠠᠳᠡ ᠠᠩᠬᠠᠷᠥᠨ᠂ ᠳᠥᠷᠥ ᠶᠢᠨ ᠪᠤᠳᠣᠯᠭ᠎ᠠ ᠶᠢᠨ ᠲᠠᠶᠢᠯᠤᠮᠵᠢ ᠬᠢᠬᠦ ᠠᠶᠢᠵᠠᠮ ᠪᠠ ᠡᠷᠴᠢᠮ ᠢ | ᠰᠠᠶᠢᠳᠣᠷ ᠡᠵᠡᠮᠰᠢᠵᠦ᠂ ᠶᠡᠷᠢᠶ᠎ᠠ ᠭᠡᠯᠡᠯᠴᠡᠭᠡᠨ ᠢ ᠰᠠᠨᠠᠭᠠᠴᠢᠯᠠᠭ᠎ᠠ ᠠᠴᠠ ᠪᠠᠨ ᠬᠦᠳᠦᠯᠥᠨ ᠵᠢᠯᠥᠭᠤᠳᠴᠥ ᠪᠠᠶᠢᠭᠠᠳ᠂ | ᠳᠥᠷᠥ ᠶᠢᠨ ᠪᠤᠳᠣᠯᠭ᠎ᠠ ᠶᠢᠨ ᠨᠡᠶᠢᠳᠡᠪᠦᠷᠢᠵᠢᠭᠤᠯᠥᠯᠳᠡ ᠶᠢ ᠠᠬᠢᠭᠤᠯᠬᠤ ᠳᠤ ᠰᠠᠶᠢᠨ ᠰᠠᠶᠢᠬᠠᠨ ᠣᠷᠴᠢᠨ ᠢ ᠪᠤᠢ | ᠪᠤᠯᠭᠠᠬᠤ ᠭᠡᠷᠡᠭᠳᠡᠢ᠃ | ︵ᠳᠥᠷᠪᠡ︶ ᠨᠡᠶᠢᠭᠡᠮ ᠤᠨ ᠠᠩᠬᠠᠷᠤᠨ ᠬᠠᠯᠠᠮᠵᠢᠯᠠᠵᠤ ᠪᠠᠶᠢᠭ᠎ᠠ ᠴᠢᠬᠤᠯᠡ ᠶᠡᠭᠡ ᠠᠰᠠᠭᠤᠳᠠᠯ ᠤᠨ | ᠲᠤᠭᠤᠷᠢᠨ ᠳᠤ ᠶᠡᠷᠢᠶ᠎ᠠ ᠭᠡᠯᠡᠯᠴᠡᠭᠡᠨ ᠤ ᠪᠠᠶᠢᠳᠡᠯ ᠳᠠᠬᠢ ᠬᠠᠷᠢᠭᠤ ᠲᠤᠰᠬᠠᠯ ᠢ ᠴᠢᠩᠭᠠᠳᠬᠠᠨ᠎ᠠ᠃ ︽ᠵᠠᠰᠠᠭ ᠤᠨ | ᠶᠠᠪᠤᠳᠡᠯ ᠢ ᠢᠯᠡ ᠪᠤᠯᠭᠠᠬᠤ ᠠᠵᠢᠯ ᠤᠨ ᠲᠣᠮᠳᠡ ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ ᠶᠢ | ᠣᠯᠡᠮ ᠨᠢᠭᠡ ᠠᠯᠬᠤᠮ ᠰᠠᠶᠢᠳᠣᠷ ᠬᠢᠬᠦ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ | ᠮᠡᠳᠡᠭᠳᠡᠯ︾ ︵ᠳᠥᠷᠥ ᠠᠯᠪᠠᠨ ᠲᠠᠷᠬᠠᠭᠠᠠᠠᠰᠠᠨ ﹇2016﹈ 61 ᠳ᠋ᠣᠭᠡᠷ ᠲᠣᠭᠠᠳᠣ︶ ᠤᠨ ᠱᠠᠭᠠᠷᠳᠡᠯᠭ᠎ᠠ | ᠶᠣᠰᠣᠭᠠᠷ᠂ ᠶᠡᠷᠢᠶ᠎ᠠ ᠭᠡᠯᠡᠯᠴᠡᠭᠡᠨ ᠤ ᠪᠠᠶᠢᠳᠡᠯ ᠤᠨ ᠳᠥᠭᠰᠢᠬᠦᠷᠢ ᠶᠢ ᠰᠡᠷᠭᠡᠶᠢᠯᠡᠨ ᠡᠵᠡᠮᠳᠡᠬᠦ ᠦᠵᠡᠯ ᠣᠬᠠᠮᠰᠡᠷ ᠢ | ᠴᠢᠩᠭᠠᠷᠡᠭᠤᠯᠵᠦ᠂ ᠴᠣᠬᠤᠶᠢᠯᠳᠡ ᠶᠢᠨ ᠴᠢᠨᠡᠷᠳᠡᠢ ᠶᠡᠷᠢᠶ᠎ᠠ ᠭᠡᠯᠡᠯᠴᠡᠭᠡᠨ ᠤ ᠪᠠᠶᠢᠳᠡᠯ ᠢ ᠨᠢᠠᠠᠳᠡ ᠬᠢᠨᠠᠨ ᠰᠢᠨᠵᠢᠵᠦ | ᠴᠤᠭᠯᠠᠭᠤᠯᠤᠨ᠂ ᠢᠯᠠᠩᠭᠤᠶ᠎ᠠ ᠠᠵᠦ ᠠᠬᠤᠢ ᠨᠡᠶᠢᠭᠡᠮ ᠤᠨ ᠴᠢᠬᠤᠯᠡ ᠶᠡᠭᠡ ᠳᠥᠷᠥ ᠶᠢᠨ ᠪᠤᠳᠣᠯᠭ᠎ᠠ ᠳᠤ | ᠬᠤᠯᠪᠣᠭᠳᠠᠭᠰᠠᠨ᠂ ᠨᠠᠮ ᠪᠠ ᠵᠠᠰᠠᠭ ᠤᠨ ᠣᠷᠳᠣᠨ ᠤ ᠣᠯᠡᠨ ᠨᠡᠶᠢᠲᠡ ᠶᠢ ᠢᠳᠡᠭᠡᠬᠦᠯᠬᠦ ᠬᠦᠴᠣᠨ ᠢ ᠨᠦᠯᠦᠭᠡᠯᠡᠭᠰᠡᠨ᠂ | ᠶᠣᠰᠣ ᠮᠣᠷᠡᠯ ᠤᠨ ᠬᠤᠷᠢᠭ᠎ᠠ ᠱᠣᠭᠤᠮ ᠢ ᠲᠠᠭᠠᠷᠢᠠᠠᠰᠠᠨ ᠵᠡᠷᠭᠡ ᠳᠡᠯ᠎ᠠ ᠪᠠᠷ ᠬᠢ ᠵᠠᠰᠠᠭ ᠤᠨ ᠶᠠᠪᠤᠳᠡᠯ ᠤᠨ ᠶᠡᠷᠢᠶ᠎ᠠ | ᠭᠡᠯᠡᠯᠴᠡᠭᠡᠨ ᠤ ᠪᠠᠶᠢᠳᠡᠯ ᠢ ᠴᠠᠭ ᠲᠣᠬᠠᠢ ᠳᠤᠨᠢ ᠰᠡᠷᠡᠮᠵᠢᠯᠡᠬᠦᠯᠬᠦ᠂ ᠰᠢᠨᠵᠢᠯᠡᠬᠦ ᠣᠬᠠᠭᠠᠨᠴᠢ ᠪᠠᠷ ᠰᠣᠳᠣᠯᠥᠨ | ᠨᠣᠳᠡᠯᠠᠬᠤ᠂ ᠲᠣᠬᠢᠲᠠᠢ ᠰᠢᠢᠳᠪᠦᠷᠢᠯᠡᠬᠦ᠂ ᠪᠦᠳᠦᠮᠵᠢᠳᠡᠢ ᠪᠠᠷ ᠬᠠᠷᠢᠭᠤ ᠲᠤᠰᠬᠠᠬᠤ ᠶᠢ ᠪᠡᠶᠡᠯᠡᠭᠦᠯᠬᠦ ᠭᠡᠷᠡᠭᠳᠡᠢ᠃ | ᠰᠣᠷᠭᠠᠭᠤᠯᠢ ᠳᠤ ᠣᠷᠣᠬᠤ ᠡᠪᠡᠳᠴᠢᠨ ᠦᠵᠡᠬᠦᠯᠬᠦ᠂ ᠣᠷᠣᠨ ᠰᠠᠭᠤᠴᠠ ᠶᠢ ᠪᠠᠳᠣᠯᠬᠠᠤ᠂ ᠠᠶᠤᠯ ᠦᠭᠡᠢ | ᠦᠢᠯᠡᠳᠪᠦᠷᠢᠯᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠦ ᠭᠠᠮᠰᠢᠭ ᠠᠴᠠ ᠠᠪᠤᠷᠡᠬᠤ᠂ ᠢᠳᠡᠭᠡᠨ ᠪᠠ | ᠡᠮ ᠤᠨ ᠵᠦᠢᠯ ᠤᠨ ᠠᠮᠥᠷ ᠳᠥᠪᠰᠢᠨ᠂ ᠨᠠᠰᠣᠵᠢᠯ ᠤᠨ ᠦᠢᠯᠡᠴᠢᠯᠡᠭᠡᠨ ᠵᠡᠷᠭᠡ ᠠᠷᠡᠳ ᠤᠨ ᠠᠮᠢᠳᠣᠷᠡᠯ ᠤᠨ | ᠳᠡᠯ᠎ᠠ ᠪᠠᠷ ᠬᠢ ᠬᠠᠯᠠᠮᠰᠢᠯ ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ ᠠᠵᠢᠯ ᠢ ᠰᠠᠶᠢᠳᠣᠷ ᠬᠢᠵᠦ᠂ | ᠨᠡᠶᠢᠭᠡᠮ ᠨᠡᠶᠢᠲᠡ ᠶᠢᠨ ᠣᠪᠣᠷ ᠪᠠᠶᠢᠳᠠᠯ ᠢ ᠣᠨᠣᠪᠴᠢᠳᠡᠢ ᠡᠵᠡᠮᠰᠢᠨ᠂ ᠠᠰᠠᠭᠤᠳᠡᠯ ᠤᠨ ᠪᠤᠢ ᠪᠤᠯᠥᠠᠠᠰᠠᠨ ᠣᠴᠢᠷ | ᠰᠢᠯᠳᠠᠭᠠᠨ᠂ ᠰᠢᠢᠳᠪᠦᠷᠢᠯᠡᠬᠦ ᠳᠥᠰᠥᠯ ᠪᠠ ᠬᠦᠯᠢᠶᠡᠰᠦᠯᠡᠬᠦ ᠬᠦᠴᠣᠨ ᠵᠦᠢᠯ ᠵᠡᠷᠭᠡ ᠶᠢ ᠲᠣᠳᠣᠷᠬᠠᠢ ᠣᠶᠢᠯᠠᠭᠠᠵᠤ᠂ | ᠨᠡᠶᠢᠭᠡᠮ ᠤᠨ ᠵᠢᠱᠢᠯᠲᠡ ᠶᠢ ᠨᠡᠩ ᠰᠠᠶᠢᠨ ᠬᠦᠳᠦᠯᠥᠨ ᠵᠢᠯᠥᠭᠤᠳᠬᠤ ᠭᠡᠷᠡᠭᠳᠡᠢ᠃ ᠤᠬᠠᠭᠤᠯᠭ᠎ᠠ᠂ ᠲᠣᠣᠷ ᠰᠦᠯᠵᠢᠶ᠎ᠠ | ᠮᠡᠳᠡᠭᠡ ᠵᠠᠩᠬᠢᠵᠢᠯᠲᠠ᠂ ᠲᠣᠳᠣᠭᠠᠳᠣ ᠶᠢ ᠬᠠᠮᠠᠭᠠᠯᠠᠬᠤ᠂ ᠴᠢᠮᠡᠭᠡ ᠬᠤᠯᠪᠤᠭ᠎ᠠ ᠶᠢᠨ ᠬᠠᠮᠢᠶᠡᠷᠦᠯᠳᠡ ᠵᠡᠷᠭᠡ ᠰᠠᠯᠠᠭ᠎ᠠ | ᠮᠦᠴᠢᠷ ᠯᠦᠭᠡ ᠶᠢᠨ ᠳᠥᠷᠭᠡᠨ ᠲᠣᠰᠬᠠᠬᠤ ᠪᠠ ᠵᠤᠬᠢᠴᠠᠯᠳᠣᠨ ᠬᠠᠮᠳᠣᠷᠡᠨ ᠬᠦᠳᠡᠯᠥᠯᠴᠡᠬᠦ ᠲᠣᠠᠠᠳᠡᠴᠠ ᠶᠢ | ᠪᠠᠶᠢᠭᠤᠯᠥᠨ ᠳᠡᠬᠦᠯᠳᠡᠷᠵᠢᠬᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠨᠡᠪᠳᠡᠷᠡᠯᠴᠡᠭᠡ ᠬᠠᠷᠢᠯᠴᠠᠭ᠎ᠠ ᠶᠢ | ᠴᠢᠩᠭᠠᠳᠬᠠᠨ᠂ ᠵᠠᠰᠠᠭ ᠤᠨ ᠶᠠᠪᠤᠳᠡᠯ ᠤᠨ ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ ᠶᠢᠨ | ᠰᠠᠨᠠᠭᠠᠴᠢᠯᠠᠭᠠᠳᠦ ᠴᠢᠨᠡᠷ᠂ ᠴᠢᠭᠯᠡᠬᠦᠯᠥᠯᠳᠦ ᠴᠢᠨᠡᠷ᠂ ᠪᠦᠳᠦᠮᠵᠢᠳᠦ ᠴᠢᠨᠡᠷ ᠢ ᠳᠡᠭᠡᠭᠰᠢᠯᠡᠬᠦᠯᠬᠦ ᠭᠡᠷᠡᠭᠳᠡᠢ᠃ | ᠭᠡᠨᠡᠳᠲᠡ ᠶᠢᠨ ᠭᠡᠷᠩ ᠤᠨ ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ ᠠᠵᠢᠯ ᠢ ᠵᠦᠢ ᠵᠤᠬᠢᠰᠳᠡᠢ | ᠪᠦᠭᠡᠳ ᠰᠠᠶᠢᠳᠣᠷ ᠬᠢᠵᠦ᠂ ᠡᠷᠬᠡ ᠰᠦᠷᠳᠥ ᠮᠡᠳᠡᠭᠡ ᠵᠠᠩᠬᠢ ᠶᠢ ᠴᠠᠭ ᠲᠣᠬᠠᠢ ᠳᠤᠨᠢ ᠵᠦᠪ ᠣᠨᠣᠪᠴᠢᠳᠡᠢ ᠪᠠᠷ | ᠨᠡᠶᠢᠳᠡᠯᠡᠬᠦ ᠭᠡᠷᠡᠭᠳᠡᠢ᠃ ᠵᠠᠰᠠᠭ ᠤᠨ ᠶᠠᠪᠤᠳᠡᠯ ᠤᠨ ᠶᠡᠷᠢᠶ᠎ᠠ ᠭᠡᠯᠡᠯᠴᠡᠭᠡᠨ ᠤ ᠪᠠᠶᠢᠳᠡᠯ ᠢ ᠠᠷᠭᠠᠴᠠᠬᠤ ᠠᠵᠢᠯ ᠤᠨ ᠦᠷ᠎ᠠ | ᠪᠦᠳᠦᠮᠵᠢ ᠶᠢ ᠦᠨᠡᠯᠡᠨ ᠵᠢᠱᠢᠵᠦ᠂ ᠬᠠᠷᠢᠭᠤᠴᠠᠯᠭ᠎ᠠ ᠭᠡᠯᠡᠯᠴᠡᠬᠦ ᠳᠥᠷᠢᠮ ᠢ ᠪᠠᠶᠢᠭᠤᠯᠥᠨ᠂ ᠴᠢᠬᠤᠯᠡ ᠶᠡᠭᠡ | ᠵᠠᠰᠠᠭ ᠤᠨ ᠶᠠᠪᠤᠳᠡᠯ ᠤᠨ ᠶᠡᠷᠢᠶ᠎ᠠ ᠭᠡᠯᠡᠯᠴᠡᠭᠡᠨ ᠤ ᠪᠠᠶᠢᠳᠡᠯ ᠢ ᠰᠢᠢᠳᠪᠦᠷᠢᠯᠡᠭᠰᠡᠨ ᠨᠢ ᠬᠦᠴᠣᠨ ᠲᠡᠭᠦᠯᠳᠡᠷ ᠪᠤᠰᠤ᠂ | ᠬᠠᠷᠢᠭᠤ ᠲᠤᠰᠬᠠᠭᠰᠠᠨ ᠨᠢ ᠵᠤᠬᠢᠰ ᠦᠭᠡᠢ᠂ ᠴᠠᠭ ᠲᠣᠬᠠᠢ ᠳᠤᠨᠢ ᠮᠡᠳᠡᠬᠦᠯᠥᠭᠰᠡᠨ ᠦᠭᠡᠢ ᠭᠡᠷᠩ ᠲᠤ | ᠬᠤᠯᠪᠤᠠᠠᠳ᠋ᠬᠠᠰᠠᠨ ᠨᠢᠭᠡᠴᠡ ᠵᠢᠴᠢ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠬᠦ ᠬᠦᠮᠦᠰ ᠢ ᠪᠤᠯᠵᠣᠨ ᠶᠡᠷᠢᠯᠴᠠᠵᠦ | ᠴᠡᠭᠴᠡᠯᠡᠨ ᠰᠠᠶᠢᠵᠢᠷᠡᠭᠤᠯᠬᠤ ᠪᠤᠶᠤ ᠨᠡᠪᠲᠡᠷᠡᠭᠦᠯᠦᠨ ᠮᠡᠳᠡᠭᠡᠯᠡᠵᠦ ᠰᠢᠬᠦᠮᠵᠢᠯᠡᠬᠦ ᠭᠡᠷᠡᠭᠳᠡᠢ᠃ | ᠬᠤᠶᠡᠷ᠂ ᠵᠠᠰᠠᠭ ᠤᠨ ᠶᠠᠪᠤᠳᠡᠯ ᠤᠨ ᠦᠢᠯᠡᠴᠢᠯᠡᠭᠡᠨ ᠤ ᠠᠵᠢᠯ ᠤᠨ ᠪᠤᠳᠡᠳᠣ ᠦᠷ᠎ᠠ ᠪᠦᠳᠦᠮᠵᠢ ᠶᠢ ᠬᠦᠴᠣᠯᠡᠨ | ᠳᠡᠭᠡᠭᠰᠢᠯᠡᠬᠦᠯᠥᠨ᠎ᠠ | ︵ᠲᠠᠪᠤ︶ ᠰᠦᠯᠵᠢᠶ᠎ᠠ ᠪᠠᠷ ᠠᠵᠢᠯ ᠶᠠᠪᠤᠳᠠᠯ ᠬᠦᠢᠴᠡᠳᠭᠡᠬᠦ ᠦᠢᠯᠡᠴᠢᠯᠡᠭᠡᠨ ᠢ ᠢᠯᠡ ᠪᠤᠯᠭᠠᠬᠤ ᠶᠢ | ᠠᠬᠢᠭᠤᠯᠥᠨ᠎ᠠ᠃ ︽︿ᠢᠨᠲ᠋ᠧᠷ ᠰᠦᠯᠵᠢᠶ᠎ᠠ + ᠵᠠᠰᠠᠭ ᠤᠨ ᠶᠠᠪᠤᠳᠡᠯ ᠤᠨ ᠦᠢᠯᠡᠴᠢᠯᠡᠭᠡᠨ﹀ ᠤ ᠠᠵᠢᠯ ᠢ | ᠳᠥᠷᠭᠡᠳᠭᠡᠨ ᠠᠬᠢᠭᠤᠯᠬᠤ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠵᠢᠯᠥᠭᠤᠳᠬᠤ ᠰᠠᠨᠠᠯ︾ ︵ᠳᠥᠷᠥ | ᠲᠠᠷᠬᠠᠭᠠᠠᠠᠰᠠᠨ ﹇2016﹈ 55 ᠳ᠋ᠣᠭᠠᠷ ᠲᠣᠭᠠᠳᠣ︶ ᠤᠨ ᠱᠠᠭᠠᠷᠳᠡᠯᠭ᠎ᠠ ᠶᠣᠰᠣᠭᠠᠷ᠂ ︽ᠠᠭᠤᠯᠵᠠᠬᠤ ᠦᠭᠡᠢ ᠪᠠᠷ | ᠬᠢᠨᠡᠨ ᠵᠦᠪᠰᠢᠶᠡᠷᠡᠬᠦ︾ ᠵᠡᠷᠭᠡ ᠨᠡᠶᠢᠳᠡᠯᠢᠭ ᠵᠢᠱᠢᠶ᠎ᠠ ᠶᠢᠨ ᠲᠣᠷᠰᠢᠯᠭ᠎ᠠ ᠪᠠ ᠬᠢᠬᠦ ᠠᠷᠭ᠎ᠠ ᠶᠢ ᠲᠣᠯᠢ ᠪᠣᠯᠭᠠᠬᠤ ᠪᠠ | ᠳᠡᠯᠭᠡᠷᠡᠬᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠢ ᠳᠠᠰᠣᠷᠡᠯᠳᠡ ᠦᠭᠡᠢ ᠰᠢᠨᠡᠳᠭᠡᠨ᠂ ᠬᠤᠳᠠᠯᠳᠤᠭ᠎ᠠ ᠡᠵᠡᠩᠨᠡᠬᠦ | ᠣᠷᠴᠢᠨ ᠨᠦᠬᠦᠴᠡᠯ ᠢ ᠰᠢᠯᠢᠳᠡᠭᠵᠢᠬᠦᠯᠥᠨ᠂ ᠵᠠᠬ᠎ᠠ ᠳᠡᠯᠭᠡᠬᠦᠷ ᠤᠨ ᠭᠤᠤᠯ ᠴᠣᠠᠠᠴᠠ ᠶᠢᠨ ᠠᠮᠢᠵᠢᠷᠡᠯ ᠤᠨ ᠬᠦᠴᠣᠨ ᠢ | ᠨᠡᠮᠡᠭᠳᠡᠬᠦᠯᠵᠦ᠂ ᠠᠷᠡᠳ ᠣᠯᠡᠨ ᠳᠤ ᠢᠯᠡᠬᠦᠬᠡᠨ ᠳᠦᠬᠦᠮ ᠦᠵᠡᠬᠦᠯᠬᠦ ᠭᠡᠷᠡᠭᠳᠡᠢ᠃ ︽ᠢᠨᠲ᠋ᠧᠷ ᠰᠦᠯᠵᠢᠶ᠎ᠠ + | ᠵᠠᠰᠠᠭ ᠤᠨ ᠶᠠᠪᠤᠳᠡᠯ ᠤᠨ ᠦᠢᠯᠡᠴᠢᠯᠡᠭᠡᠨ︾ ᠤ ᠬᠤᠯᠪᠤᠠᠠᠳᠡᠯ ᠪᠦᠬᠦᠢ ᠳᠥᠷᠥ ᠶᠢᠨ ᠪᠤᠳᠣᠯᠭ᠎ᠠ ᠶᠢ | ᠨᠡᠶᠢᠳᠡᠪᠦᠷᠢᠵᠢᠭᠤᠯᠥᠠᠠᠰᠠᠨ ᠪᠠᠶᠢᠳᠡᠯ ᠵᠢᠴᠢ ᠱᠠᠳᠥᠴᠢ ᠴᠢᠨᠡᠷᠳᠡᠢ ᠦᠷ᠎ᠠ ᠪᠦᠳᠦᠭᠡᠯ ᠢ ᠴᠠᠭ ᠲᠣᠬᠠᠢ ᠳᠤᠨᠢ ᠢᠯᠡ | ᠪᠤᠯᠭᠠᠬᠤ ᠭᠡᠷᠡᠭᠳᠡᠢ᠃ ᠰᠦᠯᠵᠢᠶ᠎ᠠ ᠪᠠᠷ ᠠᠵᠢᠯ ᠶᠠᠪᠤᠳᠠᠯ ᠬᠦᠢᠴᠡᠳᠭᠡᠬᠦ ᠲᠣᠮᠥ ᠲᠠᠩᠬᠢᠮ ᠤᠨ ᠵᠠᠰᠠᠭ ᠤᠨ ᠶᠠᠪᠤᠳᠡᠯ ᠤᠨ | ᠦᠢᠯᠡᠴᠢᠯᠡᠭᠡᠨ ᠤ ᠵᠦᠢᠯᠡᠰ ᠤᠨ ᠨᠡᠷᠢᠨ ᠬᠠᠭᠤᠳᠠᠰᠣ ᠶᠢ ᠢᠯᠡ ᠪᠤᠯᠭᠠᠵᠦ᠂ ᠨᠡᠩ ᠣᠯᠡᠨ ᠵᠦᠢᠯᠡᠰ ᠢ ᠰᠦᠯᠵᠢᠶ᠎ᠠ ᠪᠠᠷ | ᠬᠦᠢᠴᠡᠳᠭᠡᠬᠦ ᠶᠢ ᠠᠬᠢᠭᠤᠯᠥᠨ᠂ ᠠᠵᠢᠯ ᠶᠠᠪᠤᠳᠠᠯ ᠬᠦᠢᠴᠡᠳᠭᠡᠬᠦ ᠮᠠᠲ᠋ᠧᠷᠢᠶᠡᠯ ᠢ ᠭᠠᠷᠴᠬᠠᠵᠢᠭᠤᠯᠬᠤ᠂ | ᠪᠡᠷᠢᠮᠵᠢᠶᠡᠵᠢᠭᠤᠯᠬᠤ ᠶᠢ ᠪᠠᠶᠡᠯᠡᠬᠦᠯᠵᠦ᠂ ᠣᠯᠡᠨ ᠳᠥᠮᠡᠨ ᠠᠵᠢᠯ ᠶᠠᠪᠤᠳᠠᠯ ᠬᠦᠢᠴᠡᠳᠭᠡᠬᠦ ᠳᠤ ᠨᠡᠩ ᠲᠤᠳᠤᠷᠬᠠᠢ᠂ | ᠨᠡᠩ ᠳᠦᠬᠦᠮ ᠪᠤᠯᠭᠠᠬᠤ ᠭᠡᠷᠡᠭᠳᠡᠢ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠤᠨ ᠵᠠᠰᠠᠭ ᠤᠨ ᠣᠷᠳᠣᠨ ᠤ | ᠰᠦᠯᠵᠢᠶᠠᠨ ᠦᠷᠲᠡᠭᠡ ᠨᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ | ᠦᠷᠲᠡᠭᠡ ᠵᠡᠷᠭᠡ ᠮᠡᠳᠡᠭᠡ ᠵᠠᠩᠬᠢ ᠶᠢᠨ ᠰᠢᠰᠲ᠋ᠧᠮ ᠯᠦᠭᠡ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ | ᠳᠥᠷᠭᠡᠳᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠠ ᠪᠠᠷ ᠪᠦᠬᠦᠨ ᠢ ᠬᠦᠢᠴᠡᠳᠭᠡᠬᠦ︾ | ︽ᠪᠦᠬᠦ ᠣᠯᠥᠰ ᠤᠨ ᠨᠡᠶᠢᠳᠡᠮ ᠦᠢᠯᠡᠴᠢᠯᠡᠭᠡ︾ ᠶᠢ ᠠᠬᠢᠭᠤᠯᠬᠤ ᠭᠡᠷᠡᠭᠳᠡᠢ᠃ ᠰᠦᠯᠵᠢᠶᠡᠨ ᠢᠷᠭᠡᠳ ᠤᠨ ᠦᠭᠡ | ᠦᠯᠡᠳᠡᠭᠡᠬᠦ᠂ ᠯᠠᠪᠯᠠᠭ᠎ᠠ ᠶᠢ ᠬᠦᠯᠢᠶᠡᠨ ᠠᠪᠴᠥ ᠰᠢᠢᠳᠪᠦᠷᠢᠯᠡᠬᠦ᠂ ᠰᠢᠯᠵᠢᠬᠦᠯᠥᠨ ᠦᠭᠴᠥ ᠬᠦᠢᠴᠡᠳᠭᠡᠬᠦ ᠪᠠ ᠬᠠᠷᠢᠭᠤ | ᠲᠣᠰᠬᠠᠬᠤ ᠲᠣᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠵᠦ᠂ ᠴᠠᠭ ᠲᠣᠬᠠᠢ ᠳᠤᠨᠢ ᠰᠢᠢᠳᠪᠦᠷᠢᠯᠡᠬᠦ ᠪᠠ ᠬᠠᠷᠢᠭᠤ | ᠦᠭᠴᠥ᠂ ᠣᠯᠡᠨ ᠳᠥᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠭᠡᠷᠡᠭᠳᠡᠢ᠃ | ︵ᠵᠢᠷᠭᠤᠭ᠎ᠠ︶ ᠪᠤᠳᠡᠳᠣ ᠴᠣᠠᠠᠴᠠᠳᠦ ᠵᠠᠰᠠᠭ ᠤᠨ ᠶᠠᠪᠤᠳᠡᠯ ᠤᠨ ᠲᠣᠮᠥ ᠲᠠᠩᠬᠢᠮ ᠤᠨ ᠦᠢᠯᠡᠴᠢᠯᠡᠬᠦ | ᠴᠢᠳᠡᠪᠦᠷᠢ ᠶᠢ ᠳᠡᠭᠡᠭᠰᠢᠯᠡᠬᠦᠯᠥᠨ᠎ᠠ᠃ ᠪᠤᠳᠡᠳᠣ ᠴᠣᠠᠠᠴᠠᠳᠦ ᠵᠠᠰᠠᠭ ᠤᠨ ᠶᠠᠪᠤᠳᠡᠯ ᠤᠨ ᠲᠣᠮᠥ ᠲᠠᠩᠬᠢᠮ ᠤᠨ ᠪᠦᠳᠦᠭᠡᠨ | ᠪᠠᠶᠢᠭᠤᠯᠥᠯᠳᠡ ᠪᠠ ᠬᠠᠮᠢᠶᠠᠷᠤᠯᠲᠠ ᠶᠢ ᠴᠢᠩᠭᠠᠳᠬᠠᠵᠦ᠂ ᠰᠦᠯᠵᠢᠶᠡᠨ ᠭᠠᠳᠠᠨᠠᠬᠢ ᠪᠠ ᠰᠦᠯᠵᠢᠶ᠎ᠡ ᠪᠠᠷ ᠬᠢᠬᠦ ᠶᠢ | ᠠᠭᠤᠰᠣᠯᠴᠠᠭᠤᠯᠬᠤ ᠶᠢ ᠠᠬᠢᠭᠤᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠳᠡᠢ ᠳᠥᠯᠥᠪᠯᠡᠨ᠂ | ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠭᠡᠵᠦ᠂ ᠠᠵᠢᠯ ᠤᠨ ᠲᠣᠠᠠᠳᠡᠴᠠ ᠶᠢ ᠰᠢᠯᠥᠭᠤᠳᠬᠠᠨ᠂ ᠰᠠᠯᠠᠭ᠎ᠠ ᠮᠦᠴᠢᠷ ᠤᠨ | ᠵᠣᠬᠢᠴᠠᠭᠤᠯᠭ᠎ᠠ ᠶᠢ ᠴᠢᠩᠭᠠᠷᠡᠭᠤᠯᠵᠦ᠂ ᠣᠯᠡᠨ ᠳᠥᠮᠡᠨ ᠪᠠ ᠠᠵᠦ ᠠᠬᠤᠶᠢᠯᠠᠯ ᠤᠨ ᠡᠷᠭᠡᠪᠰᠢ ᠲᠣᠬᠠᠢ ᠶᠢᠨ | ᠲᠠᠯᠠᠪᠤᠷ ᠲᠤ ᠬᠦᠷᠴᠦ ᠬᠦᠢᠴᠡᠳᠭᠡᠬᠦ ᠵᠦᠢᠯᠡᠰ ᠢ ︽ᠵᠦᠪᠭᠡᠨ ᠨᠢᠭᠡ ᠯᠡ ᠡᠬᠦᠳᠡᠡ ᠳᠤ ᠣᠷᠣᠵᠦ︾᠂ ︽ | ᠬᠠᠮᠤᠭ ᠤᠨ ᠢᠯᠡᠬᠦᠥ ᠳᠡᠭᠡᠨ ᠨᠢᠭᠡ ᠯᠡ ᠣᠲᠠᠭ᠎ᠠ ᠣᠴᠢᠭᠤᠯᠬᠤ︾ ᠪᠠᠷ ᠴᠢᠷᠮᠡᠶᠢᠬᠤ ᠭᠡᠷᠡᠭᠳᠡᠢ᠃ ︽ᠨᠢᠭᠡ ᠯᠡ | ᠴᠣᠩᠬᠤᠪᠴᠢ ᠪᠠᠷ ᠬᠦᠯᠢᠶᠡᠨ ᠠᠪᠴᠥ ᠰᠢᠢᠳᠪᠦᠷᠢᠯᠡᠬᠦ᠂ ᠵᠡᠷᠭᠡ ᠳᠤᠨᠢ ᠬᠦᠢᠴᠡᠳᠭᠡᠬᠦ︾ ᠵᠬᠠᠪᠤᠷ ᠢ ᠳᠡᠯᠭᠡᠷᠡᠬᠦᠯᠵᠦ᠂ | ᠨᠢᠭᠡᠳᠦᠯᠳᠡᠢ ᠪᠠᠷ ᠬᠦᠯᠢᠶᠡᠨ ᠠᠪᠴᠥ ᠰᠢᠢᠳᠪᠦᠷᠢᠯᠡᠬᠦ᠂ ᠨᠢᠭᠡᠯᠨ ᠬᠦᠰᠦᠨᠦᠭᠳᠦ ᠪᠠᠷ ᠲᠬᠠᠯᠠᠨ ᠮᠡᠳᠡᠬᠦᠯᠬᠦ᠂ ᠠᠷᠥ | ᠳᠡᠯ᠎ᠠ ᠶᠢᠨ ᠳᠡᠪᠴᠠᠩ ᠳᠤ ᠬᠤᠪᠢᠶᠡᠨ ᠬᠦᠢᠴᠡᠳᠭᠡᠬᠦ ᠶᠢ ᠬᠡᠷᠡᠭᠵᠢᠭᠦᠯᠬᠦ ᠭᠡᠷᠡᠭᠳᠡᠢ᠃ ᠪᠤᠳᠡᠳᠣ ᠴᠣᠠᠠᠴᠠᠳᠦ ᠵᠠᠰᠠᠭ ᠤᠨ | ᠶᠠᠪᠤᠳᠡᠯ ᠤᠨ ᠲᠣᠮᠥ ᠲᠠᠩᠬᠢᠮ ᠤᠨ ᠵᠦᠭᠡᠯᠡᠨ ᠪᠠ ᠬᠠᠳᠠᠭᠤ ᠲᠤᠨᠤᠭ ᠤᠨ ᠪᠡᠯᠡᠳᠭᠡᠮᠵᠢ ᠲᠣᠬᠢᠷᠠᠭᠤᠯᠬᠤ ᠶᠢ | ᠴᠢᠩᠭᠠᠳᠬᠠᠵᠦ᠂ ᠬᠦᠴᠣᠨ ᠴᠢᠲᠡᠯ ᠤᠨ ᠲᠣᠬᠢᠷᠡᠭᠤᠯᠥᠯᠳᠡ ᠶᠢ ᠰᠢᠯᠢᠳᠡᠭᠵᠢᠬᠦᠯᠥᠨ᠂ ᠠᠵᠢᠯᠳᠡᠨ᠂ ᠪᠡᠯᠡᠳᠭᠡᠮᠵᠢ᠂ | ᠵᠠᠷᠣᠳᠡᠯ ᠤᠨ ᠪᠠᠳᠣᠯᠠᠭ᠎ᠠ ᠶᠢ ᠰᠠᠶᠢᠳᠣᠷ ᠬᠢᠵᠦ᠂ ᠣᠯᠡᠨ ᠳᠥᠮᠡᠨ ᠤ ᠠᠵᠢᠯ ᠶᠠᠪᠤᠳᠠᠯ ᠬᠦᠢᠴᠡᠳᠭᠡᠬᠦ ᠭᠡᠷᠡᠭᠴᠡᠭᠡ | ᠱᠠᠭᠠᠷᠳᠡᠯᠭ᠎ᠠ ᠲᠠᠢ ᠣᠶᠠᠯᠳᠣᠭᠤᠯᠥᠨ ᠶᠡᠷᠦᠩᠭᠡᠶᠢᠯᠡᠭᠰᠡᠨ ᠴᠣᠩᠬᠤᠪᠴᠢ ᠶᠢ ᠠᠮᠢᠳᠣᠯᠢᠭ ᠢᠶᠠᠷ ᠪᠠᠶᠢᠷᠢᠯᠠᠭᠤᠯᠵᠦ᠂ | ᠠᠳᠡᠯᠢ ᠪᠣᠰᠥ ᠦᠢᠯᠡᠴᠢᠯᠡᠭᠡᠨ ᠤ ᠴᠣᠩᠬᠤᠪᠴᠢ ᠶᠢᠨ ︽ᠦᠢᠯᠡᠴᠢᠯᠡᠭᠡ ᠳᠡᠩᠴᠠᠬᠦᠷᠢ ᠦᠭᠡᠢ︾ ᠪᠠᠶᠢᠬᠤ ᠦᠵᠡᠭᠳᠡᠯ | ᠭᠠᠷᠬᠤ ᠠᠴᠠ ᠵᠠᠶᠢᠯᠠᠰᠬᠢᠬᠦ ᠭᠡᠷᠡᠭᠳᠡᠢ᠃ ᠣᠷᠮᠠᠰᠢᠭᠤᠯᠬᠤ ᠪᠠ ᠬᠦᠯᠢᠶᠡᠰᠦᠯᠡᠬᠦ ᠳᠥᠷᠢᠮ ᠢ ᠪᠠᠶᠢᠭᠤᠯᠥᠨ | ᠳᠡᠬᠦᠯᠳᠡᠷᠵᠢᠬᠦᠯᠵᠦ᠂ ᠠᠵᠢᠯᠳᠡᠨ ᠤ ᠬᠠᠮᠢᠶᠡᠷᠦᠯᠳᠡ ᠪᠠᠨ ᠴᠢᠩᠭᠠᠳᠬᠠᠨ᠂ ᠰᠠᠬᠢᠯᠭ᠎ᠠ ᠪᠠᠳᠥ ᠣᠪᠣᠷ ᠰᠣᠷᠳᠡᠯ ᠢ | ᠴᠢᠩᠳᠡᠯᠡᠨ ᠦᠢᠯᠡᠴᠢᠯᠡᠭᠡᠨ ᠤ ᠠᠵᠢᠯᠯᠠᠭ᠎ᠠ ᠶᠢ ᠵᠢᠷᠣᠮᠵᠢᠭᠤᠯᠵᠦ᠂ ᠦᠢᠯᠡᠴᠢᠯᠡᠭᠡᠨ ᠤ ᠦᠷ᠎ᠠ ᠪᠦᠳᠦᠮᠵᠢ ᠪᠠ ᠴᠢᠨᠠᠷ | ᠴᠢᠨᠰᠠᠭ᠎ᠠ ᠶᠢ ᠦᠨᠡᠨᠬᠦ ᠳᠡᠭᠡᠭᠰᠢᠯᠡᠬᠦᠯᠬᠦ ᠭᠡᠷᠡᠭᠳᠡᠢ᠃ | ︵ᠲᠤᠯᠤᠭ᠎ᠠ︶ ᠬᠢᠨᠡᠨ ᠵᠦᠪᠰᠢᠶᠡᠷᠡᠵᠦ ᠠᠵᠢᠯ ᠶᠠᠪᠤᠳᠠᠯ ᠬᠦᠢᠴᠡᠳᠭᠡᠬᠦ ᠦᠢᠯᠡᠴᠢᠯᠡᠭᠡ ᠶᠢ | ᠰᠢᠯᠢᠳᠡᠭᠵᠢᠬᠦᠯᠥᠨᠡ᠃ ᠲᠣᠮᠳᠠᠳᠣ ᠣᠯᠥᠰ ᠤᠨ ᠡᠪ ᠬᠠᠮᠳᠣ ᠨᠠᠮ ᠤᠨ ᠲᠥᠪ ᠬᠤᠷᠢᠶ᠎ᠠ ᠶᠢᠨ ᠠᠯᠪᠠᠨ ᠳᠢᠩᠬᠢᠮ᠂ | ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ︽ᠬᠢᠨᠡᠨ ᠵᠦᠪᠰᠢᠶᠡᠷᠡᠬᠦ ᠦᠢᠯᠡᠴᠢᠯᠡᠬᠡᠨ ᠤ | ᠠᠷᠡᠳ ᠲᠤ ᠳᠦᠬᠦᠮ ᠦᠵᠡᠬᠦᠯᠬᠦ ᠶᠢ ᠬᠦᠨᠵᠡᠭᠡᠢ ᠠᠬᠢᠭᠤᠯᠬᠤ ᠲᠣᠬᠠᠢ ᠵᠢᠯᠥᠭᠤᠳᠬᠤ ᠰᠠᠨᠠᠯ︾ ᠤᠨ ᠵᠣᠷᠢᠭ | ᠰᠠᠨᠠᠭ᠎ᠠ ᠶᠢ ᠬᠢᠨᠠᠮᠠᠭᠠᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ | ᠨᠡᠷᠢᠨ ᠬᠠᠭᠤᠳᠠᠰᠣ ᠪᠠ ᠣᠯᠡᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠡᠷᠢᠨ ᠬᠠᠭᠤᠳᠠᠰᠣ ᠶᠢ ᠡᠮᠬᠢᠯᠡᠨ | ᠨᠡᠶᠢᠳᠡᠯᠡᠭᠰᠡᠨ ᠰᠠᠭᠤᠷᠢᠨ ᠳᠡᠭᠡᠷ᠎ᠠ᠂ ᠠᠵᠦ ᠠᠬᠤᠶᠢᠯᠠᠯ ᠪᠠ ᠣᠯᠡᠨ ᠳᠥᠮᠡᠨ ᠤ ︽ᠨᠢᠭᠡ ᠭᠡᠷᠩ ᠶᠠᠪᠤᠳᠡᠯ︾ ᠢ | ᠰᠠᠶᠢᠳᠣᠷ ᠬᠢᠵᠦ ᠦᠭᠬᠦ ᠪᠠᠷ ᠪᠡᠷᠢᠮᠵᠢᠶ᠎ᠠ ᠪᠤᠯᠭᠠᠵᠦ᠂ ᠬᠢᠨᠡᠨ ᠵᠦᠪᠰᠢᠶᠡᠷᠡᠬᠦ ᠦᠢᠯᠡᠴᠢᠯᠡᠭᠡᠨ ᠤ ᠬᠦᠴᠣᠨ ᠴᠢᠳᠡᠪᠦᠷᠢ ᠶᠢ | ᠣᠯᠡᠮ ᠨᠢᠭᠡ ᠠᠯᠬᠤᠮ ᠳᠡᠭᠡᠭᠰᠢᠯᠡᠬᠦᠯᠬᠦ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ | ᠣᠷᠳᠣᠨ ᠤ ᠠᠯᠪᠠᠨ ᠳᠢᠩᠬᠢᠮ ᠨᠢ ᠠᠵᠢᠯ ᠶᠠᠪᠤᠳᠠᠯ ᠭᠦᠢᠴᠡᠳᠭᠡᠭᠰᠡᠨ ᠮᠡᠳᠡᠭᠡ ᠵᠠᠩᠬᠢ ᠳᠤ ᠲᠣᠰᠬᠠᠢ ᠪᠠᠶᠢᠴᠠᠭᠠᠯᠳᠡ | ᠬᠢᠬᠦ ᠶᠢ ᠴᠠᠭ ᠲᠤᠨᠢ ᠵᠤᠬᠢᠴᠠᠭᠤᠯᠥᠨ ᠦᠷᠨᠢᠬᠦᠯᠵᠦ᠂ ᠠᠵᠢᠯ ᠶᠠᠪᠤᠳᠠᠯ ᠬᠦᠢᠴᠡᠳᠭᠡᠭᠰᠡᠨ ᠦᠢᠯᠡᠴᠢᠯᠡᠭᠡᠨ ᠢ ᠢᠯᠡ | ᠪᠤᠯᠭᠠᠠᠠᠰᠠᠨ ᠮᠡᠳᠡᠭᠡ ᠵᠠᠩᠬᠢ ᠶᠢᠨ ᠣᠨᠣᠪᠴᠢᠳᠡᠢ ᠪᠦᠭᠡᠳ ᠵᠢᠷᠣᠮᠵᠢᠭᠤᠨ ᠡᠰᠡᠬᠦ᠂ ᠪᠤᠳᠡᠳᠡᠢ ᠠᠵᠢᠯ ᠯᠤᠭ᠎ᠠ | ᠨᠢᠭᠡᠳᠦᠯᠳᠡᠢ ᠪᠠᠶᠢᠬᠤ ᠡᠰᠡᠬᠦ ᠵᠡᠷᠭᠡ ᠶᠢ ᠭᠤᠤᠯᠳᠡᠯᠭ᠎ᠠ ᠲᠠᠢ ᠪᠠᠶᠢᠴᠠᠭᠠᠵᠦ᠂ ᠠᠰᠠᠭᠤᠳᠡᠯ ᠢ ᠢᠯᠡᠷᠡᠬᠦᠯᠪᠡᠯ ᠴᠠᠭ | ᠲᠣᠬᠠᠢ ᠳᠤᠨᠢ ᠰᠢᠮᠳᠡᠭᠤᠯᠥᠨ ᠴᠡᠭᠴᠡᠯᠡᠨ ᠰᠠᠶᠢᠵᠢᠷᠡᠭᠤᠯᠬᠤ ᠭᠡᠷᠡᠭᠳᠡᠢ᠃ ᠨᠢᠭᠡ ᠳᠤ ᠦᠪᠡᠷᠳᠡᠭᠡᠨ ᠵᠠᠰᠠᠬᠤ ᠣᠷᠣᠨ᠂ | ᠠᠶᠢᠮᠠᠭ ᠬᠤᠳᠡ᠂ ᠬᠤᠰᠢᠭᠤ ᠰᠢᠶᠡᠨ ︵ᠬᠤᠳᠡ᠂ ᠲᠤᠭᠤᠷᠢᠭ︶ ᠤ ᠬᠠᠷᠢᠯᠴᠠᠨ ᠬᠤᠯᠪᠤᠠᠠᠰᠠᠨ ᠵᠠᠰᠠᠭ ᠤᠨ | ᠶᠠᠪᠤᠳᠡᠯ ᠤᠨ ᠰᠦᠯᠵᠢᠶᠡᠨ ᠦᠢᠯᠡᠴᠢᠯᠡᠭᠡᠨ ᠤ ᠳᠡᠪᠴᠠᠩ ᠢ ᠡᠮᠬᠢᠯᠡᠨ ᠨᠡᠶᠢᠯᠡᠭᠦᠯᠵᠦ ᠪᠠᠶᠢᠭᠤᠯᠤᠨ᠂ ᠬᠠᠦᠯᠢ | ᠴᠠᠭᠠᠵᠠ ᠳᠤ ᠲᠣᠠᠠᠳᠠᠭᠠᠠᠠᠰᠠᠨ ᠪᠣᠶᠣ ᠨᠢᠭᠤᠴᠠ ᠶᠢ ᠬᠠᠮᠠᠭᠠᠯᠠᠬᠤ ᠳᠤ ᠬᠤᠯᠪᠤᠠᠠᠳᠠᠬᠤ ᠵᠡᠷᠭᠡ ᠠᠴᠠ ᠪᠤᠰᠤᠳ᠂ | ᠵᠠᠰᠠᠭ ᠤᠨ ᠶᠠᠪᠤᠳᠡᠯ ᠤᠨ ᠦᠢᠯᠡᠴᠢᠯᠡᠭᠡᠨ ᠢ ᠪᠦᠷ ᠳᠡᠪᠴᠠᠩ ᠳᠤ ᠣᠷᠣᠭᠤᠯᠥᠨ ᠬᠦᠢᠴᠡᠳᠭᠡᠬᠦ ᠭᠡᠷᠡᠭᠳᠡᠢ᠃ | ᠰᠦᠯᠵᠢᠶᠡᠵᠢᠬᠦᠯᠥᠨ ᠨᠡᠶᠢᠳᠡᠮ ᠬᠦᠢᠴᠡᠳᠭᠡᠬᠦ ᠪᠠᠷ ᠵᠠᠷᠴᠢᠮ ᠪᠣᠯᠭᠠᠨ᠂ ᠲᠤᠰᠠᠭᠠᠷ ᠰᠦᠯᠵᠢᠶ᠎ᠠ ᠪᠠᠷ ᠬᠦᠢᠴᠡᠳᠭᠡᠬᠦ ᠶᠢ | ᠣᠨᠴᠤᠭᠤᠢ ᠪᠠᠷ ᠦᠵᠡᠵᠦ᠂ ᠵᠠᠰᠠᠭ ᠤᠨ ᠶᠠᠪᠤᠳᠡᠯ ᠤᠨ ᠰᠦᠯᠵᠢᠶᠡᠨ ᠳᠠᠬᠢ ᠦᠢᠯᠡᠴᠢᠯᠡᠭᠡ ᠪᠠᠷ ᠵᠠᠷᠴᠢᠮ ᠪᠣᠯᠭᠠᠵᠤ᠂ | ᠰᠦᠯᠵᠢᠶ᠎ᠡ ᠪᠠᠷ ᠭᠦᠢᠴᠡᠳᠭᠡᠬᠦ ᠦᠭᠡᠢ ᠶᠢ ᠣᠨᠴᠤᠭᠤᠢ ᠪᠠᠷ ᠦᠵᠡᠬᠦ ᠶᠢ ᠪᠡᠷᠢᠮᠳᠡᠯᠡᠵᠦ᠂ ᠵᠠᠷᠴᠢᠮ ᠳᠡᠭᠡᠷ᠎ᠠ ᠪᠠᠨ ᠳᠠᠩ | ᠭᠠᠭᠴᠠ ᠰᠠᠯᠠᠭ᠎ᠠ ᠮᠦᠴᠢᠷ ᠤᠨ ᠬᠢᠨ ᠤ ᠲᠣᠰᠠᠭᠠᠷᠯᠬᠠᠰᠠᠨ ᠮᠡᠳᠡᠭᠡ ᠵᠠᠩᠬᠢ ᠶᠢᠨ ᠰᠢᠰᠲ᠋ᠧᠮ ᠪᠠᠶᠢᠭᠤᠯᠬᠤ ᠶᠢ ᠳᠡᠬᠢᠵᠦ | ᠵᠦᠪᠰᠢᠶᠡᠷᠡᠬᠦ ᠦᠭᠡᠢ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠠᠯ ᠪᠦᠬᠦᠢ ᠰᠠᠯᠠᠭ᠎ᠠ ᠮᠦᠴᠢᠷ ᠨᠢ ︽ᠲᠠᠯᠪᠢᠬᠤ | ᠬᠠᠮᠢᠶᠡᠷᠬᠤ ᠦᠢᠯᠡᠴᠢᠯᠡᠬᠦ︾ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢᠨ ᠲᠤᠭᠤᠷᠢᠨ ᠳᠤ᠂ ︽ᠠᠵᠦ | ᠠᠬᠤᠶᠢᠯᠠᠯ ᠤᠨ ᠡᠷᠬᠢᠯᠡᠨ ᠪᠠᠶᠢᠭᠤᠯᠬᠤ ᠴᠠᠭ ᠢ ᠣᠯᠡᠮ ᠨᠢᠭᠡ ᠠᠯᠬᠤᠮ ᠪᠤᠭᠤᠨᠢᠰᠬᠠᠬᠤ ᠲᠣᠬᠠᠢ ᠳᠥᠷᠥ ᠶᠢᠨ | ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠰᠠᠨᠠᠯ︾ ︵ᠳᠥᠷᠥ ᠠᠯᠪᠠᠨ ᠲᠠᠷᠬᠠᠭᠠᠠᠠᠰᠠᠨ ﹇2018﹈ 32 | ᠳ᠋ᠣᠭᠠᠷ ᠲᠣᠭᠠᠳᠣ︶ ᠪᠠ ︽ᠪᠡᠷᠢᠯᠭ᠎ᠠ ᠶᠢᠨ ᠪᠦᠳᠦᠭᠡᠨ ᠪᠠᠶᠢᠭᠤᠯᠥᠯᠳᠡ ᠶᠢᠨ ᠳᠥᠷᠥᠯ ᠵᠦᠢᠯ ᠢ ᠬᠢᠨᠡᠨ ᠵᠦᠪᠰᠢᠶᠡᠷᠡᠬᠦ | ᠳᠥᠷᠢᠮ ᠤᠨ ᠦᠭᠡᠷᠡᠴᠢᠯᠡᠯᠳᠡ ᠶᠢᠨ ᠲᠣᠷᠰᠢᠯᠳᠡ ᠶᠢᠨ ᠴᠢᠬ ᠢ ᠦᠷᠨᠢᠬᠦᠯᠬᠦ ᠲᠣᠬᠠᠢ ᠳᠥᠷᠥ ᠶᠢᠨ ᠶᠠᠪᠤᠳᠡᠯ ᠤᠨ | ᠬᠤᠷᠢᠶ᠎ᠠ ᠶᠢᠨ ᠠᠯᠪᠠᠨ ᠳᠢᠩᠬᠢᠮ ᠤᠨ ᠮᠡᠳᠡᠭᠳᠡᠯ︾ ︵ᠳᠥᠷᠥ ᠠᠯᠪᠠᠨ ᠲᠠᠷᠬᠠᠭᠠᠠᠠᠰᠠᠨ ﹇2018﹈ 33 ᠳ᠋ᠣᠭᠠᠷ | ᠲᠣᠭᠠᠳᠣ︶ ᠤᠨ ᠱᠠᠭᠠᠷᠳᠡᠯᠭ᠎ᠠ ᠶᠣᠰᠣᠭᠠᠷ᠂ ᠠᠵᠦ ᠠᠬᠤᠶᠢᠯᠠᠯ ᠤᠨ ᠡᠷᠬᠢᠯᠡᠨ ᠪᠠᠶᠢᠭᠤᠯᠬᠤ ᠴᠠᠭ᠂ ᠪᠡᠷᠢᠯᠭ᠎ᠠ ᠪᠡᠷᠢᠬᠤ | ᠵᠦᠪᠰᠢᠶᠡᠷᠡᠯ ᠤᠨ ᠬᠢᠨᠡᠨ ᠵᠦᠪᠰᠢᠶᠡᠷᠡᠬᠦ ᠴᠠᠭ ᠢ ᠳᠡᠬᠢᠵᠦ ᠬᠠᠭᠠᠰ ᠢᠶᠠᠷ ᠪᠠᠭᠠᠰᠬᠠᠬᠤ ᠬᠠᠮᠢᠶ᠎ᠠ ᠪᠦᠬᠦᠢ ᠠᠷᠭ᠎ᠠ | ᠭᠡᠮᠵᠢᠶ᠎ᠠ᠂ ᠠᠵᠢᠯ ᠤᠨ ᠠᠬᠢᠴᠠ᠂ ᠦᠭᠡᠷᠡᠴᠢᠯᠡᠯᠳᠡ ᠶᠢᠨ ᠦᠷ᠎ᠠ ᠪᠦᠳᠦᠮᠵᠢ ᠵᠡᠷᠭᠡ ᠪᠠᠶᠢᠳᠡᠯ ᠢ ᠴᠠᠭ ᠲᠣᠬᠠᠢ ᠳᠤᠨᠢ | ᠢᠯᠡ ᠪᠤᠯᠭᠠᠵᠦ᠂ ᠲᠣᠰ ᠱᠠᠳᠣᠨ ᠤ ᠬᠢᠨᠡᠨ ᠵᠥᠪᠰᠢᠶᠡᠷᠡᠵᠦ ᠦᠭᠡᠷᠡᠴᠢᠯᠡᠬᠦ ᠠᠯᠪᠠᠨ ᠭᠡᠷ ᠯᠦᠭᠡ ᠬᠠᠮᠵᠢᠯᠴᠠᠨ ᠣᠯᠡᠨ | ᠳᠥᠮᠡᠨ ᠪᠠ ᠠᠵᠦ ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠬᠦ ᠳᠤ ᠬᠠᠩᠭᠠᠬᠤ ᠴᠢᠬᠤᠯᠡᠳᠡᠢ ᠡᠯ᠎ᠠ ᠳᠥᠷᠦᠯ ᠤᠨ | ᠭᠡᠷᠡᠴᠢ ᠦᠨᠡᠮᠯᠡᠯ᠂ ᠭᠡᠷᠡᠴᠢ ᠮᠠᠲ᠋ᠧᠷᠢᠶᠡᠯ ᠢ ᠢᠯᠭᠠᠷᠡᠭᠤᠯᠬᠤ ᠶᠢᠨ ᠬᠠᠮᠳᠣ ᠢᠯᠡ ᠪᠤᠯᠭᠠᠵᠦ᠂ ᠬᠠᠦᠯᠢ ᠴᠠᠭᠠᠵᠠ | ᠬᠠᠦᠯᠢ ᠲᠣᠠᠠᠳᠠᠭᠠᠯ ᠤᠨ ᠦᠨᠳᠦᠰᠦᠯᠡᠯ ᠦᠭᠡᠢ ᠶᠢ ᠨᠢ ᠪᠦᠷ ᠬᠦᠴᠣᠨ ᠦᠭᠡᠢ ᠪᠤᠯᠭᠠᠬᠤ ᠭᠡᠷᠡᠭᠳᠡᠢ᠃ ᠬᠤᠶᠡᠷ ᠲᠤ | ᠠᠵᠢᠯ ᠶᠠᠪᠤᠳᠠᠯ ᠬᠦᠢᠴᠡᠳᠭᠡᠬᠦ ᠶᠢᠨ ᠴᠢᠬᠤᠯᠡ ᠪᠢᠴᠢᠭ ᠮᠠᠲ᠋ᠧᠷᠢᠶᠡᠯ ᠢ ᠪᠡᠷᠢᠮᠵᠢᠶᠡᠵᠢᠭᠤᠯᠬᠤ ᠬᠡᠷᠡᠭᠲᠡᠢ᠃ ᠡᠷᠭᠡᠪᠰᠢ | ᠲᠣᠬᠠᠢ ᠶᠢᠨ ᠲᠠᠯᠠᠪᠤᠷ ᠲᠤ ᠬᠦᠷᠴᠦ ᠬᠦᠢᠴᠡᠳᠭᠡᠬᠦ ︽ᠬᠠᠮᠤᠭ ᠤᠨ ᠢᠯᠡᠬᠦᠥ ᠳᠡᠭᠡᠨ ᠨᠢᠭᠡ ᠯᠡ ᠣᠲᠠᠭ᠎ᠠ | ᠣᠴᠢᠭᠤᠯᠬᠤ︾ ᠵᠦᠢᠯᠡᠰ ᠤᠨ ᠭᠠᠷᠴᠠᠭ ᠢ ᠨᠡᠶᠢᠳᠡᠯᠡᠵᠦ᠂ ︽ᠡᠮᠤᠨ᠎ᠠ ᠳᠡᠪᠴᠠᠩ ᠳᠤ ᠶᠠᠷᠦᠩᠭᠡᠶᠢᠯᠡᠨ ᠬᠦᠯᠢᠶᠡᠨ | ᠠᠪᠴᠥ ᠰᠢᠢᠳᠪᠦᠷᠢᠯᠡᠬᠦ᠂ ᠠᠷᠦ ᠳᠤᠨᠢ ᠳᠥᠷᠦᠯ ᠬᠤᠪᠢᠶᠡᠨ ᠬᠢᠨᠡᠨ ᠵᠦᠪᠰᠢᠶᠡᠷᠡᠬᠦ᠂ ᠨᠢᠭᠡᠳᠦᠯᠳᠡᠢ ᠴᠣᠩᠬᠤᠪᠴᠢ ᠪᠠᠷ | ᠪᠢᠴᠢᠭ ᠮᠠᠲ᠋ᠧᠷᠢᠶᠡᠯ ᠭᠠᠷᠭᠠᠬᠤ︾ ᠶᠢ ᠭᠡᠷᠡᠭᠵᠢᠬᠦᠯᠬᠦ ᠭᠡᠷᠡᠭᠳᠡᠢ᠃ ᠵᠠᠷᠴᠢᠮ ᠳᠡᠭᠡᠷ᠎ᠠ ᠪᠠᠨ ᠡᠯ᠎ᠠ ᠱᠠᠳᠣᠨ ᠤ ᠵᠠᠰᠠᠭ ᠤᠨ | ᠣᠷᠳᠣᠨ ᠤ ᠰᠠᠯᠠᠭ᠎ᠠ ᠮᠦᠴᠢᠷ ᠤᠨ ᠦᠪᠡᠷ ᠢᠶᠠᠨ ᠪᠠᠶᠢᠭᠤᠯᠥᠠᠠᠰᠠᠨ ᠦᠢᠯᠡᠴᠢᠯᠡᠭᠡᠨ ᠤ ᠲᠣᠮᠥ ᠲᠠᠩᠬᠢᠮ ᠢ ᠳᠡᠬᠢᠵᠦ | ᠦᠯᠡᠳᠡᠭᠡᠬᠦ ᠦᠭᠡᠢ᠃ ᠠᠵᠢᠯ ᠶᠠᠪᠤᠳᠠᠯ ᠬᠦᠢᠴᠡᠳᠭᠡᠬᠦ ᠵᠦᠭᠯᠡᠬᠦᠷ ᠢ ᠣᠯᠡᠮ ᠨᠢᠭᠡ ᠠᠯᠬᠤᠮ ᠵᠢᠷᠣᠮᠵᠢᠭᠤᠯᠬᠤ ᠪᠠ | ᠳᠡᠬᠦᠯᠳᠡᠷᠵᠢᠬᠦᠯᠵᠦ᠂ ᠠᠵᠢᠯ ᠶᠠᠪᠤᠳᠠᠯ ᠬᠦᠢᠴᠡᠳᠭᠡᠬᠦ ᠵᠦᠭᠯᠡᠬᠦᠷ ᠠᠴᠠ ᠭᠠᠳᠠᠨᠠᠬᠢ ᠪᠤᠰᠣᠳ ᠱᠠᠭᠠᠷᠳᠡᠯᠭ᠎ᠠ ᠶᠢ ᠨᠡᠮᠡᠵᠦ | ᠪᠤᠯᠬᠤ ᠦᠭᠡᠢ︔ ᠠᠵᠢᠯ ᠶᠠᠪᠤᠳᠠᠯ ᠬᠦᠢᠴᠡᠳᠭᠡᠬᠦ ᠨᠦᠬᠦᠴᠡᠯ ᠨᠢ ᠬᠤᠪᠢᠷᠡᠯᠳᠡ ᠭᠠᠷᠣᠠᠠᠰᠠᠨ ᠵᠦᠢᠯᠡᠰ ᠢ ᠬᠢᠨᠡᠨ | ᠵᠦᠪᠰᠢᠶᠡᠷᠡᠬᠦ ᠳᠡᠰ ᠲᠠᠷᠡᠭᠠᠯᠠᠯ ᠢ ᠲᠠᠭᠤᠰᠬᠠᠠᠠᠰᠠᠨ ᠤ ᠳᠡᠷᠠᠭ᠎ᠠ 1 ᠠᠵᠢᠯ ᠤᠨ ᠡᠳᠣᠷ ᠤᠨ ᠳᠣᠳᠣᠷ᠎ᠠ᠂ | ᠬᠤᠪᠢᠷᠡᠭᠤᠯᠥᠠᠠᠰᠠᠨ ᠤ ᠳᠡᠷᠡᠭᠠᠬᠢ ᠬᠠᠮᠢᠶ᠎ᠠ ᠪᠦᠬᠦᠢ ᠮᠡᠳᠡᠭᠡ ᠵᠠᠩᠬᠢ ᠪᠤᠯᠥᠨ ᠪᠤᠳᠡᠳᠡᠢ ᠭᠡᠷᠡᠭᠵᠢᠬᠦᠯᠬᠦ ᠴᠠᠭ ᠢ ᠢᠯᠡ | ᠪᠤᠯᠭᠠᠬᠤ ᠭᠡᠷᠡᠭᠳᠡᠢ᠃ ᠭᠤᠷᠪᠡ ᠳᠤ ᠠᠵᠢᠯ ᠶᠠᠪᠤᠳᠠᠯ ᠬᠦᠢᠴᠡᠳᠭᠡᠬᠦ ᠶᠠᠪᠤᠴᠠ ᠶᠢ ᠴᠤᠮᠬᠠᠳᠬᠠᠵᠤ᠂ ᠬᠠᠮᠳᠣᠪᠡᠷ | ᠬᠦᠷᠲᠡᠵᠦ ᠪᠤᠯᠬᠤ ᠮᠠᠲ᠋ᠧᠷᠢᠶᠡᠯ ᠢ ᠳᠡᠪᠬᠤᠷᠳᠡᠭᠤᠯᠥᠨ ᠲᠣᠰᠢᠶᠡᠯᠭᠠᠬᠤ ᠪᠠᠷ ᠱᠠᠭᠠᠷᠳᠡᠵᠦ ᠪᠤᠯᠬᠤ ᠦᠭᠡᠢ ᠮᠦᠷᠲᠡᠭᠡᠨ | ᠬᠠᠮᠢᠶ᠎ᠠ ᠪᠦᠬᠦᠢ ᠳᠥᠷᠢᠮ ᠢ ᠳᠡᠬᠦᠯᠳᠡᠷᠵᠢᠬᠦᠯᠬᠦ ᠭᠡᠷᠡᠭᠳᠡᠢ᠃ ᠡᠯᠧᠺᠲᠷᠣᠨ ᠭᠡᠷᠡᠴᠢ ᠦᠨᠡᠮᠯᠡᠯ ᠢ ᠳᠡᠯᠭᠡᠷᠡᠬᠦᠯᠥᠨ | ᠬᠠᠷᠢᠯᠴᠠᠨ ᠮᠡᠳᠡᠷᠡᠬᠦ ᠶᠢ ᠳᠥᠷᠭᠡᠳᠭᠡᠬᠦ ᠭᠡᠷᠡᠭᠳᠡᠢ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ | ᠰᠦᠯᠵᠢᠶ᠎ᠠ ᠪᠠᠷ ᠠᠵᠢᠯ ᠶᠠᠪᠤᠳᠠᠯ ᠬᠦᠢᠴᠡᠳᠭᠡᠬᠦ ᠲᠣᠮᠥ ᠲᠠᠩᠬᠢᠮ ᠬᠢᠭᠡᠳ ᠪᠤᠳᠡᠳᠣ ᠴᠣᠠᠠᠴᠠᠳᠣ ᠵᠠᠰᠠᠭ ᠤᠨ | ᠶᠠᠪᠤᠳᠡᠯ ᠤᠨ ᠲᠣᠮᠥ ᠲᠠᠩᠬᠢᠮ ᠤᠨ ᠦᠢᠯᠡᠴᠢᠯᠡᠭᠡᠨ ᠤ ᠮᠡᠳᠡᠭᠡ ᠵᠠᠩᠬᠢ ᠳᠤ ᠢᠵᠢᠯ ᠰᠣᠷᠪᠤᠯᠵᠢ ᠶᠢᠨ ᠬᠠᠮᠢᠶᠡᠷᠦᠯᠳᠡ ᠶᠢ | ᠭᠡᠷᠡᠭᠵᠢᠬᠦᠯᠵᠦ᠂ ᠨᠢᠭᠡᠳᠦᠯᠳᠡᠢ ᠪᠠᠶᠢᠬᠤ ᠯᠠᠪᠯᠠᠭ᠎ᠠ ᠶᠢᠨ ᠠᠰᠠᠭᠤᠯᠳᠡ ᠬᠠᠷᠢᠭᠤᠯᠳᠡ ᠶᠢᠨ ᠮᠡᠳᠡᠯᠭᠡ ᠶᠢᠨ ᠬᠦᠮᠦᠷᠬᠡ᠂ | ᠵᠠᠰᠠᠭ ᠤᠨ ᠶᠠᠪᠤᠳᠡᠯ ᠤᠨ ᠦᠢᠯᠡᠴᠢᠯᠡᠬᠡᠨ ᠤ ᠡᠬᠢ ᠪᠠᠶᠠᠯᠢᠭ ᠤᠨ ᠬᠦᠮᠦᠷᠬᠡ ᠶᠢ ᠪᠠᠶᠢᠭᠤᠯᠬᠤ ᠪᠠ ᠭᠡᠷᠡᠭᠯᠡᠵᠦ᠂ | ᠰᠦᠯᠵᠢᠶ᠎ᠡ ᠪᠠᠷ ᠪᠠ ᠰᠦᠯᠵᠢᠶᠡᠨ ᠭᠠᠳᠠᠨᠠᠬᠢ ᠭᠡᠷᠩ ᠬᠦᠢᠴᠡᠳᠭᠡᠬᠦ ᠦᠢᠯᠡᠴᠢᠯᠡᠭᠡᠨ ᠤ ᠮᠡᠳᠡᠭᠡ ᠵᠠᠩᠬᠢ ᠶᠢᠨ | ᠠᠭᠤᠯᠭ᠎ᠠ ᠶᠢᠨ ᠣᠨᠣᠪᠴᠢᠳᠡᠢ ᠪᠦᠭᠡᠳ ᠨᠢᠭᠡᠳᠦᠯᠳᠡᠢ ᠪᠠᠶᠢᠬᠤ ᠶᠢ ᠦᠨᠡᠨᠬᠦ ᠪᠠᠳᠣᠯᠠᠵᠦ᠂ ᠣᠯᠡᠨ ᠳᠥᠮᠡᠨ ᠪᠠ ᠠᠵᠦ | ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠬᠦ ᠳᠤ ᠳᠦᠬᠦᠮ ᠦᠵᠡᠬᠦᠯᠬᠦ ᠭᠡᠷᠡᠭᠳᠡᠢ᠃ ᠳᠥᠷᠪᠡ ᠳᠤ ᠲᠤᠭ᠎ᠠ | ᠪᠡᠷᠢᠮᠳᠡ ᠶᠢᠨ ᠬᠠᠮᠳᠣᠪᠡᠷ ᠬᠦᠷᠲᠡᠵᠦ ᠰᠣᠯᠢᠯᠴᠠᠬᠤ ᠨᠢᠭᠡᠳᠦᠯᠳᠡᠢ ᠳᠡᠪᠴᠡᠩ ᠢ ᠪᠠᠶᠢᠭᠤᠯᠵᠦ᠂ ᠵᠠᠰᠠᠭ ᠤᠨ | ᠶᠠᠪᠤᠳᠡᠯ ᠤᠨ ᠮᠡᠳᠡᠭᠡ ᠵᠠᠩᠬᠢ ᠶᠢᠨ ᠰᠢᠰᠲ᠋ᠧᠮ ᠢ ᠱᠠᠭᠠᠷᠳᠡᠯᠭ᠎ᠠ ᠶᠣᠰᠣᠭᠠᠷ ᠦᠭᠡᠷᠡᠴᠢᠯᠡᠵᠦ ᠵᠠᠯᠭᠠᠯᠳᠤᠭᠤᠯᠤᠭᠰᠠᠨ | ᠦᠭᠡᠢ ᠪᠠᠶᠢᠪᠡᠯ᠂ ᠰᠢᠨ᠎ᠡ ᠳᠥᠷᠦᠯ ᠵᠦᠢᠯ ᠢ ᠬᠢᠨᠡᠨ ᠵᠦᠪᠰᠢᠶᠡᠷᠡᠬᠦ ᠦᠭᠡᠢ᠂ ᠡᠵᠡᠩᠨᠡᠨ ᠠᠷᠡᠴᠢᠯᠠᠵᠦ ᠬᠠᠮᠠᠭᠠᠯᠠᠬᠤ | ᠵᠠᠷᠣᠳᠡᠯ ᠢ ᠰᠢᠯᠵᠢᠭᠦᠯᠦᠨ ᠣᠯᠭᠤᠬᠤ ᠦᠭᠡᠢ᠃ ᠲᠠᠪᠤ ᠳᠤ ᠲᠤᠭ᠎ᠠ ᠪᠡᠷᠢᠮᠳᠡ ᠶᠢ ᠬᠠᠮᠳᠣᠪᠡᠷ ᠬᠦᠷᠲᠡᠬᠦ ᠶᠢᠨ ᠠᠮᠥᠷ | ᠳᠥᠪᠰᠢᠨ ᠤ ᠪᠠᠳᠣᠯᠠᠭ᠎ᠠ ᠶᠢ ᠴᠢᠩᠭᠠᠷᠡᠭᠤᠯᠵᠦ᠂ ᠬᠤᠪᠢ ᠶᠢᠨ ᠨᠢᠭᠤᠴᠠ ᠵᠡᠷᠭᠡ ᠮᠡᠳᠡᠭᠡ ᠵᠠᠩᠬᠢ ᠶᠢᠨ | ᠬᠠᠮᠠᠭᠠᠯᠠᠯᠳᠡ ᠶᠢ ᠬᠠᠦᠯᠢ ᠶᠣᠰᠣᠭᠠᠷ ᠴᠢᠩᠭᠠᠳᠬᠠᠨ᠎ᠠ᠃ | ᠭᠤᠷᠪᠡ᠂ ᠵᠠᠰᠠᠭ ᠤᠨ ᠶᠠᠪᠤᠳᠡᠯ ᠢ ᠢᠯᠡ ᠪᠤᠯᠭᠠᠬᠤ ᠳᠡᠪᠴᠠᠩ ᠤᠨ ᠪᠦᠳᠦᠭᠡᠨ ᠪᠠᠶᠢᠭᠤᠯᠥᠯᠳᠡ ᠶᠢ ᠬᠦᠴᠣᠯᠠᠨ | ᠠᠬᠢᠭᠤᠯᠥᠨ᠎ᠠ | ︵ᠨᠠᠢᠮᠠ︶ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ ᠪᠦᠳᠦᠭᠡᠨ ᠪᠠᠶᠢᠭᠤᠯᠥᠯᠳᠡ ᠪᠠ | ᠬᠠᠮᠢᠶᠡᠷᠦᠯᠳᠡ ᠶᠢ ᠴᠢᠩᠭᠠᠷᠡᠭᠤᠯᠥᠨ᠎ᠠ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ ︽ᠵᠠᠰᠠᠭ ᠤᠨ | ᠣᠷᠳᠣᠨ ᠤ ᠰᠦᠯᠵᠢᠶᠡᠨ ᠦᠷᠲᠡᠭᠡ ᠶᠢᠨ ᠬᠦᠭᠵᠢᠯᠳᠡ ᠶᠢᠨ ᠵᠢᠯᠤᠭᠤᠳᠤᠮᠵᠢ︾ ︵ᠳᠥᠷᠥ ᠠᠯᠪᠠᠨ ᠲᠠᠷᠬᠠᠭᠠᠠᠠᠰᠠᠨ ﹇ | 2017﹈ 47 ᠳ᠋ᠣᠭᠠᠷ ᠲᠣᠭᠠᠳᠣ︶ ᠶᠢᠨ ᠬᠤᠯᠪᠤᠠᠠᠳᠡᠯ ᠪᠦᠬᠦᠢ ᠱᠠᠭᠠᠷᠳᠡᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠦ᠂ | ᠰᠢᠯᠭᠠᠨ ᠦᠨᠡᠯᠡᠬᠦ ᠰᠢᠰᠲ᠋ᠧᠮᠵᠢ ᠶᠢ ᠰᠢᠯᠢᠳᠡᠭᠵᠢᠬᠦᠯᠥᠨ᠂ ᠬᠡᠪᠰᠢᠭᠦᠯᠦᠭᠰᠡᠨ ᠰᠣᠭᠤᠴᠢᠨ ᠪᠠᠶᠢᠴᠠᠭᠠᠵᠦ ᠮᠡᠳᠡᠭᠡᠯᠡᠨ | ᠨᠡᠪᠳᠡᠷᠡᠬᠦᠯᠬᠦ ᠠᠵᠢᠯ ᠢ ᠦᠷᠬᠦᠯᠵᠢᠯᠡᠨ ᠰᠠᠶᠢᠳᠣᠷ ᠬᠢᠵᠦ᠂ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ | ᠬᠠᠮᠢᠶᠡᠷᠦᠯᠳᠡ ᠦᠢᠯᠡᠴᠢᠯᠡᠬᠡᠨ ᠤ ᠬᠢᠷᠢ ᠭᠡᠮᠵᠢᠶ᠎ᠠ ᠶᠢ ᠲᠠᠰᠣᠷᠡᠯᠳᠡ ᠦᠭᠡᠢ ᠳᠡᠭᠡᠭᠰᠢᠯᠡᠬᠦᠯᠬᠦ ᠭᠡᠷᠡᠭᠳᠡᠢ᠃ ᠵᠠᠰᠠᠭ ᠤᠨ | ᠣᠷᠳᠣᠨ ᠤ ᠰᠦᠯᠵᠢᠶᠡᠨ ᠦᠷᠲᠡᠭᠡ ᠶᠢᠨ ᠠᠭᠤᠯᠭ᠎ᠠ ᠶᠢᠨ ᠪᠠᠶᠢᠭᠤᠯᠥᠯᠳᠡ ᠶᠢ ᠴᠢᠩᠭᠠᠳᠬᠠᠵᠦ᠂ ᠮᠡᠳᠡᠭᠡ ᠵᠠᠩᠬᠢ ᠶᠢᠨ | ᠰᠣᠷᠪᠤᠯᠵᠢ ᠶᠢ ᠪᠠᠶᠠᠯᠢᠠᠠᠵᠢᠭᠤᠯᠵᠦ᠂ ᠮᠡᠳᠡᠭᠡ ᠵᠠᠩᠬᠢ ᠬᠠᠶᠢᠬᠤ᠂ ᠠᠵᠢᠯ ᠶᠠᠪᠤᠳᠠᠯ ᠬᠦᠢᠴᠡᠳᠭᠡᠬᠦ ᠳᠤ ᠦᠢᠯᠡᠴᠢᠯᠡᠬᠦ | ᠵᠡᠷᠭᠡ ᠴᠢᠳᠡᠪᠦᠷᠢ ᠶᠢ ᠴᠢᠩᠭᠠᠷᠡᠭᠤᠯᠬᠤ ᠭᠡᠷᠡᠭᠳᠡᠢ᠃ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠡᠷᠬᠢᠯᠡᠨ | ᠨᠡᠭᠡᠭᠡᠵᠦ ᠡᠮᠬᠢᠯᠡᠨ ᠨᠡᠶᠢᠯᠡᠬᠦᠯᠬᠦ ᠴᠣᠪᠤᠷᠡᠯ ᠢ ᠴᠢᠩᠳᠡᠯᠡᠵᠦ᠂ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ | ᠨᠡᠷᠡᠶᠢᠳᠦᠯ ᠪᠠ ᠰᠦᠯᠵᠢᠶᠡᠨ ᠳᠤ ᠪᠦᠷᠢᠳᠭᠡᠭᠦᠯᠦᠭᠰᠡᠨ ᠨᠡᠷ᠎ᠡ ᠶᠢᠨ ᠬᠠᠮᠢᠶᠡᠷᠦᠯᠳᠡ ᠶᠢ ᠵᠢᠷᠣᠮᠵᠢᠭᠤᠯᠬᠤ ᠭᠡᠷᠡᠭᠳᠡᠢ᠃ | ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ ᠪᠦᠳᠦᠭᠡᠨ ᠪᠠᠶᠢᠭᠤᠯᠥᠯᠳᠡ ᠶᠢ ᠡᠷᠴᠢᠮᠵᠢᠬᠦᠯᠬᠦ ᠶᠢ ᠶᠡᠭᠡᠪᠡᠷ | ᠠᠬᠢᠭᠤᠯᠵᠦ᠂ ᠦᠷᠲᠡᠭᠡ ᠴᠢᠬ ᠤᠨ ᠪᠦᠳᠦᠭᠡᠨ ᠪᠠᠶᠢᠭᠤᠯᠥᠯᠳᠡ᠂ ᠠᠭᠤᠯᠭ᠎ᠠ ᠶᠢᠨ ᠨᠡᠶᠢᠳᠡᠯᠡᠯᠳᠡ᠂ ᠵᠤᠬᠢᠶᠡᠨ | ᠪᠠᠶᠢᠭᠤᠯᠥᠯᠳᠡ ᠶᠢᠨ ᠪᠠᠳᠣᠯᠠᠭ᠎ᠠ ᠵᠡᠷᠭᠡ ᠪᠠᠶᠢᠭᠤᠯᠥᠯ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠬᠦ ᠭᠡᠷᠡᠭᠳᠡᠢ᠃ | ᠠᠷᠡᠳ ᠤᠨ ᠠᠮᠢᠳᠣᠷᠡᠯ ᠳᠤ ᠬᠤᠯᠪᠣᠭᠳᠠᠭᠰᠠᠨ ᠦᠪᠡᠷᠳᠡᠭᠡᠨ ᠵᠠᠰᠠᠬᠤ ᠣᠷᠣᠨ ᠤ ᠲᠣᠰ ᠱᠠᠳᠣᠨ ᠤ ᠡᠯ᠎ᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠫᠤᠷᠲ᠋ᠧᠯ ᠰᠦᠯᠵᠢᠶᠡᠨ ᠦᠷᠲᠡᠭᠡ ᠨᠢ᠂ 2018 ᠣᠨ ᠤ ᠵᠢᠯ ᠤᠨ ᠰᠡᠬᠦᠯᠴᠢ ᠠᠴᠠ | ᠡᠮᠤᠨ᠎ᠠ ᠮᠣᠩᠭᠤᠯ ᠬᠢᠳᠡᠳ ᠬᠤᠣᠰ ᠬᠡᠯᠡ ᠪᠠᠷ ᠠᠵᠢᠯᠯᠠᠭᠤᠯᠬᠤ ᠶᠢ ᠪᠠᠶᠠᠯᠠᠬᠦᠯᠵᠦ᠂ 2018 ᠣᠨ ᠤ ᠵᠢᠯ ᠤᠨ | ᠰᠠᠬᠦᠯᠴᠢ ᠠᠴᠠ ᠡᠮᠤᠨ᠎ᠠ ᠡᠯ᠎ᠠ ᠠᠶᠢᠮᠠᠭ ᠬᠤᠳᠡ᠂ ᠨᠦᠬᠦᠴᠡᠯ ᠲᠠᠢ ᠬᠤᠰᠢᠭᠤ ᠰᠢᠶᠡᠨ ︵ᠬᠤᠳᠡ᠂ ᠲᠤᠭᠤᠷᠢᠭ︶ ᠤ | ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠦᠷᠲᠡᠭᠡ ᠨᠢ ᠮᠣᠩᠭᠤᠯ ᠬᠢᠳᠡᠳ ᠬᠤᠣᠰ ᠬᠡᠯᠡ ᠪᠠᠷ | ᠠᠵᠢᠯᠯᠠᠭᠤᠯᠬᠤ ᠶᠢ ᠪᠠᠶᠠᠯᠠᠬᠦᠯᠬᠦ ᠪᠠᠷ ᠴᠢᠷᠮᠡᠶᠢᠬᠤ ᠭᠡᠷᠡᠭᠳᠡᠢ᠃ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠳᠤ | ᠢᠨᠲ᠋ᠧᠷ ᠰᠦᠯᠵᠢᠶ᠎ᠠ ᠶᠢᠨ ᠵᠦᠪᠯᠡᠯᠴᠡᠭᠡᠷ ᠤᠨ ᠵᠢᠷᠭᠤᠳᠣᠭᠠᠷ ᠭᠡᠪᠯᠡᠯ ︵IPv6︶ ᠢ ᠪᠠᠶᠢᠷᠢᠯᠠᠭᠤᠯᠬᠤ ᠶᠢ ᠠᠬᠢᠭᠤᠯᠵᠦ᠂ | ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ ᠵᠢᠯ ᠤᠨ ᠳᠣᠳᠣᠷ᠎ᠠ ᠫᠣᠷᠲ᠋ᠧᠯ | ᠰᠦᠯᠵᠢᠶᠡᠨ ᠦᠷᠲᠡᠭᠡ ᠶᠢᠨ ᠬᠠᠮᠢᠶ᠎ᠠ ᠪᠦᠬᠦᠢ ᠦᠭᠡᠷᠡᠴᠢᠯᠡᠯᠳᠡ ᠶᠢᠨ ᠠᠵᠢᠯ ᠢ ᠲᠠᠭᠤᠰᠬᠠᠵᠦ᠂ ᠵᠠᠰᠠᠭ ᠤᠨ | ᠣᠷᠳᠣᠨ ᠤ ᠰᠢᠨ᠎ᠡ ᠪᠠᠷ ᠪᠠᠶᠢᠭᠤᠯᠥᠠᠠᠰᠠᠨ ᠰᠦᠯᠵᠢᠶᠡᠨ ᠦᠷᠲᠡᠭᠡ ᠨᠢ ᠢᠨᠲ᠋ᠧᠷ ᠰᠦᠯᠵᠢᠶ᠎ᠠ ᠶᠢᠨ ᠵᠦᠪᠯᠡᠯᠴᠡᠭᠡᠷ ᠤᠨ | ᠵᠢᠷᠭᠤᠳᠣᠭᠠᠷ ᠭᠡᠪᠯᠡᠯ ᠢ ᠪᠦᠬᠦ ᠳᠡᠯ᠎ᠠ ᠪᠠᠷ ᠳᠡᠮᠵᠢᠬᠦ ᠭᠡᠷᠡᠭᠳᠡᠢ᠃ ᠣᠯᠡᠨ ᠨᠡᠶᠢᠲᠡ ᠶᠢᠨ ᠮᠡᠳᠡᠭᠡ ᠵᠠᠩᠬᠢ ᠶᠢᠨ | ᠰᠣᠷᠪᠤᠯᠵᠢ ᠶᠢ ᠴᠢᠯᠥᠭᠡᠳᠡᠢ ᠪᠤᠯᠭᠠᠬᠤ ᠲᠣᠷᠰᠢᠯᠳᠡ ᠶᠢᠨ ᠠᠵᠢᠯ ᠢ ᠵᠤᠬᠢᠶᠡᠨ ᠪᠠᠶᠢᠭᠤᠯᠥᠡ ᠦᠷᠨᠢᠬᠦᠯᠵᠦ᠂ ᠵᠠᠰᠠᠭ ᠤᠨ | ᠣᠷᠳᠣᠨ ᠤ ᠰᠦᠯᠵᠢᠶᠡᠨ ᠦᠷᠲᠡᠭᠡ ᠳᠤ ᠳᠥᠰᠢᠭᠯᠡᠨ ᠵᠠᠰᠠᠭ ᠤᠨ ᠣᠷᠳᠣᠨ ᠤ ᠲᠤᠭ᠎ᠠ ᠪᠡᠷᠢᠮᠳᠡ ᠶᠢ ᠲᠦᠪᠯᠡᠷᠡᠩᠭᠦᠢ | ᠪᠦᠭᠡᠳ ᠨᠢᠭᠡᠳᠦᠯᠳᠡᠢ ᠪᠠᠷ ᠴᠢᠯᠥᠭᠡᠳᠡᠢ ᠪᠤᠯᠭᠠᠵᠦ᠂ ᠬᠠᠮᠢᠶ᠎ᠠ ᠪᠦᠬᠦᠢ ᠪᠡᠷᠢᠮᠵᠢᠶ᠎ᠠ ᠵᠢᠷᠣᠮᠯᠡᠯ ᠢ ᠲᠣᠠᠠᠳᠠᠭᠠᠬᠤ ᠶᠢ | ᠰᠦᠪᠡᠭᠴᠢᠯᠡᠨ᠂ ᠵᠢᠷᠤᠮᠯᠡᠨ ᠲᠠᠭᠤᠷᠢᠶᠡᠬᠤ ᠪᠠ ᠳᠡᠯᠭᠡᠷᠡᠬᠦᠯᠵᠦ ᠪᠣᠯᠬᠤᠶᠢᠴᠠ ᠲᠣᠷᠰᠢᠯᠭ᠎ᠠ ᠪᠣᠯᠣᠨ ᠬᠢᠬᠦ ᠠᠷᠭ᠎ᠠ ᠶᠢ | ᠪᠦᠷᠢᠯᠳᠦᠬᠦᠯᠬᠦ ᠭᠡᠷᠡᠭᠳᠡᠢ᠃ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ ᠠᠮᠥᠷ ᠳᠥᠪᠰᠢᠨ ᠤ | ᠪᠠᠳᠣᠯᠠᠭ᠎ᠠ ᠶᠢᠨ ᠲᠣᠠᠠᠳᠡᠴᠠ ᠶᠢ ᠳᠡᠬᠦᠯᠳᠡᠷᠵᠢᠬᠦᠯᠵᠦ᠂ ᠲᠠᠭᠠᠷᠢᠯᠳᠡ ᠬᠢᠬᠦ᠂ ᠦᠭᠡᠷᠡᠳᠡᠬᠦᠯᠬᠦ ᠪᠠ ᠸᠢᠷᠦ᠋ᠰ ᠢ | ᠰᠡᠷᠭᠡᠶᠢᠯᠡᠬᠦ ᠠᠵᠢᠯ ᠢ ᠰᠠᠶᠢᠳᠣᠷ ᠬᠢᠬᠦ ᠭᠡᠷᠡᠭᠳᠡᠢ᠃ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢᠨ | ᠭᠡᠷᠡᠭᠯᠡᠭᠴᠢᠳ ᠤᠨ ᠮᠡᠳᠡᠭᠡ ᠵᠠᠩᠬᠢ ᠶᠢ ᠬᠠᠮᠠᠭᠠᠯᠠᠬᠤ ᠳᠥᠷᠢᠮ ᠢ ᠪᠠᠶᠢᠭᠤᠯᠥᠨ ᠪᠦᠷᠢᠨᠰᠢᠬᠦᠯᠵᠦ᠂ ᠭᠡᠷᠡᠭᠯᠡᠭᠴᠢᠳ ᠤᠨ | ᠮᠡᠳᠡᠭᠡ ᠵᠠᠩᠬᠢ ᠶᠢᠨ ᠠᠮᠥᠷ ᠳᠥᠪᠰᠢᠨ ᠢ ᠦᠨᠡᠨᠬᠦ ᠪᠠᠳᠣᠯᠠᠬᠤ ᠭᠡᠷᠡᠭᠳᠡᠢ᠃ | ︵ᠶᠢᠰᠦ︶ ︽ᠪᠢᠴᠢᠯ ᠪᠦᠷᠭᠡ ᠸᠢᠴᠠᠲ ᠨᠢᠭᠡ ᠦᠢᠯᠡᠴᠢᠯᠡᠭᠦᠷ ᠫᠷᠣᠭ᠍ᠷᠠᠮ︾ ᠤᠨ ᠰᠢᠨ᠎ᠡ ᠳᠡᠪᠴᠠᠩ ᠢ | ᠰᠠᠶᠢᠳᠣᠷ ᠭᠡᠷᠡᠭᠯᠡᠨ᠎ᠡ᠃ ᠵᠠᠰᠠᠭ ᠤᠨ ᠶᠠᠪᠤᠳᠡᠯ ᠤᠨ ᠪᠢᠴᠢᠯ ᠪᠥᠷᠬᠡ᠂ ᠸᠢᠴᠡᠲ᠂ ᠬᠡᠷᠡᠭᠯᠡᠭᠴᠢᠳ ᠤᠨ ᠰᠢᠯᠵᠢᠮᠡᠯ | ᠦᠢᠯᠡᠴᠢᠯᠡᠭᠦᠷ ᠫᠷᠣᠭ᠍ᠷᠠᠮ ᠤᠨ ᠠᠮᠢᠳᠣᠯᠢᠭ ᠪᠦᠭᠡᠳ ᠳᠦᠬᠦᠮ ᠪᠠᠶᠢᠬᠤ ᠳᠡᠪᠡᠭᠤᠯᠢᠭ ᠢ ᠬᠦᠢᠴᠡᠳ ᠪᠡᠳᠡᠷᠡᠭᠤᠯᠵᠦ᠂ | ᠮᠡᠳᠡᠭᠡ ᠵᠠᠩᠬᠢ ᠨᠡᠶᠢᠳᠡᠯᠡᠬᠦ᠂ ᠳᠥᠷᠥ ᠶᠢᠨ ᠪᠤᠳᠣᠯᠭ᠎ᠠ ᠶᠢ ᠳᠡᠶᠢᠯᠪᠦᠷᠢᠯᠡᠬᠤ ᠪᠠ ᠠᠵᠢᠯ ᠶᠠᠪᠤᠳᠠᠯ ᠬᠦᠢᠴᠡᠳᠭᠡᠬᠦ ᠳᠤ | ᠦᠢᠯᠡᠴᠢᠯᠡᠬᠦ ᠠᠵᠢᠯ ᠢ ᠰᠠᠶᠢᠳᠣᠷ ᠬᠢᠵᠦ᠂ ᠢᠯᠡ ᠪᠤᠯᠭᠠᠬᠤ ᠶᠢᠨ ᠪᠤᠳᠡᠳᠣ ᠪᠦᠳᠦᠮᠵᠢ ᠶᠢ ᠳᠠᠰᠣᠷᠡᠯᠳᠡ ᠦᠭᠡᠢ | ᠨᠡᠮᠡᠭᠳᠡᠬᠦᠯᠵᠦ᠂ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠬᠦ ᠭᠡᠷᠡᠭᠳᠡᠢ᠃ ︽ᠭᠡᠡ ᠪᠠᠶᠢᠷᠢᠯᠡᠭᠤᠯᠪᠡᠯ᠂ | ᠲᠡᠷᠡ ᠬᠠᠮᠢᠶᠡᠷᠬᠤ︾ ᠵᠠᠷᠴᠢᠮ ᠶᠣᠰᠣᠭᠠᠷ᠂ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠦ᠂ | ᠠᠭᠤᠯᠭ᠎ᠠ ᠶᠢ ᠬᠢᠨᠡᠨ ᠪᠠᠶᠢᠴᠠᠭᠠᠬᠤ ᠪᠤᠭᠤᠮᠳᠡ ᠶᠢ ᠴᠢᠩᠳᠠᠯᠠᠨ᠂ ᠵᠠᠰᠠᠭ ᠤᠨ ᠣᠷᠳᠣᠨ ᠤ ᠡᠬᠦᠷᠭᠡ ᠴᠢᠳᠡᠪᠦᠷᠢ ᠯᠤᠭ᠎ᠠ | ᠰᠢᠭᠤᠳ ᠬᠠᠷᠢᠴᠠᠭ᠎ᠠ ᠬᠤᠯᠪᠤᠭ᠎ᠠ ᠦᠭᠡᠢ ᠮᠡᠳᠡᠭᠡ ᠵᠠᠩᠬᠢ ᠶᠢ ᠨᠡᠶᠢᠳᠡᠯᠡᠵᠦ ᠪᠤᠯᠬᠤ ᠦᠭᠡᠢ᠂ ᠮᠡᠳᠡᠭᠡ ᠵᠠᠩᠬᠢ | ᠨᠡᠶᠢᠳᠡᠯᠡᠭᠰᠡᠨ ᠨᠢ ᠵᠤᠬᠢᠰ ᠦᠭᠡᠢ᠂ ᠮᠠᠭᠤ ᠨᠦᠯᠦᠭᠡ ᠭᠠᠷᠭᠠᠭᠰᠠᠨ ᠪᠠᠶᠢᠪᠠᠯ ᠴᠠᠭ ᠲᠣᠬᠠᠢ ᠳᠤᠨᠢ ᠴᠡᠭᠴᠡᠯᠡᠨ | ᠰᠠᠶᠢᠵᠢᠷᠡᠭᠤᠯᠬᠤ ᠭᠡᠷᠡᠭᠳᠡᠢ᠃ ︽ᠪᠢᠴᠢᠯ ᠪᠥᠷᠬᠡ ᠸᠢᠴᠠᠲ ᠨᠢᠭᠡ ᠦᠢᠯᠡᠴᠢᠯᠡᠭᠦᠷ ᠫᠷᠣᠭ᠍ᠷᠠᠮ︾ ᠤᠨ ᠡᠳᠣᠷ | ᠲᠤᠳᠣᠮ ᠤᠨ ᠬᠢᠨᠡᠯᠳᠡ ᠬᠠᠮᠢᠶᠡᠷᠦᠯᠳᠡ ᠪᠠ ᠠᠷᠡᠴᠢᠯᠠᠯᠳᠡ ᠬᠠᠮᠠᠭᠠᠯᠠᠯᠳᠡ ᠶᠢ ᠴᠢᠩᠭᠠᠳᠬᠠᠵᠦ᠂ ᠠᠷᠡᠴᠢᠯᠠᠨ | ᠬᠠᠮᠠᠭᠠᠯᠠᠬᠤ ᠴᠢᠳᠡᠪᠦᠷᠢ ᠪᠠᠷ ᠠᠨᠠᠢ᠂ ᠭᠡᠷᠡᠭᠯᠡᠭᠴᠢᠳ ᠤᠨ ᠲᠤᠭ᠎ᠠ ᠨᠢ ᠴᠦᠬᠡᠨ ᠪᠠᠶᠢᠬᠤ ᠶᠢ ᠨᠢ ᠬᠠᠭᠠᠵᠦ ᠵᠤᠠᠠᠰᠣᠭᠠᠬᠤ | ᠪᠠ ᠡᠮᠬᠢᠯᠡᠨ ᠨᠡᠶᠢᠯᠡᠬᠦᠯᠵᠦ ᠪᠤᠯᠥᠨ᠎ᠠ᠃ | ︵ᠠᠷᠪᠡ︶ ᠡᠯ᠎ᠠ ᠳᠥᠷᠦᠯ ᠤᠨ ᠵᠠᠰᠠᠭ ᠤᠨ ᠶᠠᠪᠤᠳᠡᠯ ᠤᠨ ᠬᠠᠯᠠᠮᠰᠢᠯ ᠣᠲᠠᠰᠣ ᠶᠢ ᠡᠮᠬᠢᠯᠡᠨ ᠨᠡᠶᠢᠯᠡᠬᠦᠯᠥᠨᠠ᠃ | ᠣᠯᠡᠨ ᠳᠥᠮᠡᠨ ᠤ ᠲᠣᠰᠬᠠᠠᠠᠰᠠᠨ ᠵᠠᠰᠠᠭ ᠤᠨ ᠶᠠᠪᠤᠳᠡᠯ ᠤᠨ ᠬᠠᠯᠠᠮᠰᠢᠯ ᠣᠲᠠᠰᠣ ᠭᠡᠳᠣ ᠣᠯᠡᠨ᠂ ᠨᠡᠪᠳᠡᠷᠡᠬᠦ ᠨᠣᠷᠮ᠎ᠠ | ᠲᠣᠣᠷ᠎ᠠ᠂ ᠨᠢᠭᠡᠳᠦᠯᠳᠡᠢ ᠬᠠᠮᠢᠶᠡᠷᠦᠯᠳᠡ ᠲᠣᠳᠠᠮᠠᠭ ᠪᠠᠶᠢᠬᠤ ᠵᠡᠷᠭᠡ ᠠᠰᠠᠭᠤᠳᠡᠯ ᠳᠤ ᠴᠢᠭᠯᠡᠬᠦᠯᠥᠨ᠂ ᠬᠤᠰᠢᠭᠤ | ᠰᠢᠶᠡᠨ ᠤ ᠱᠠᠳᠣᠨ ᠠᠴᠠ ᠳᠡᠭᠡᠭᠰᠢᠬᠢ ᠵᠠᠰᠠᠭ ᠤᠨ ᠣᠷᠳᠣᠨ ᠨᠤᠭᠤᠳ ᠪᠦᠬᠦ ᠳᠡᠯ᠎ᠠ ᠪᠠᠷ ᠢᠯᠭᠠᠷᠡᠭᠤᠯᠥᠯᠳᠡ ᠬᠢᠵᠦ᠂ | ᠡᠯ᠎ᠠ ᠳᠥᠷᠦᠯ ᠤᠨ ᠵᠠᠰᠠᠭ ᠤᠨ ᠶᠠᠪᠤᠳᠡᠯ ᠤᠨ ᠬᠠᠯᠠᠮᠰᠢᠯ ᠣᠲᠠᠰᠣ ᠶᠢ ᠡᠮᠬᠢᠯᠡᠨ ᠨᠡᠶᠢᠯᠡᠬᠦᠯᠬᠦ ᠶᠢ ᠳᠥᠷᠭᠡᠳᠭᠡᠨ᠂ | ᠵᠢᠯ ᠤᠨ ᠰᠠᠬᠦᠯᠴᠢ ᠠᠴᠠ ᠡᠮᠤᠨ᠎ᠠ ᠢᠯᠭᠠᠷᠠᠭᠤᠯᠵᠤ ᠡᠮᠬᠢᠯᠡᠨ ᠴᠡᠭᠴᠡᠯᠡᠭᠰᠡᠨ ᠪᠠᠶᠢᠳᠡᠯ ᠢᠶᠠᠨ ᠳᠡᠭᠡᠳᠦ ᠨᠢᠭᠡ ᠱᠠᠳᠣᠨ ᠤ | ᠵᠠᠰᠠᠭ ᠤᠨ ᠣᠷᠳᠣᠨ ᠤ ᠠᠯᠪᠠᠨ ᠳᠢᠩᠬᠢᠮ ︵ᠭᠡᠷ︶ ᠳᠤ ᠮᠡᠳᠡᠬᠦᠯᠥᠨ ᠲᠠᠩᠰᠠᠯᠠᠭᠤᠯᠬᠤ ᠭᠡᠷᠡᠭᠳᠡᠢ᠃ ᠪᠠᠴᠢᠮ | ᠳᠥᠷᠦᠯ ᠤᠨ ᠬᠠᠯᠠᠮᠰᠢᠯ ᠣᠲᠠᠰᠣ ᠪᠠ ᠲᠣᠰᠬᠠᠢ ᠠᠵᠢᠯ ᠤᠨ ᠴᠢᠨᠡᠷ ᠢᠶᠠᠷ ᠴᠢᠩᠭ᠎ᠠ᠂ ᠲᠦᠪᠯᠡᠷᠡᠭᠰᠡᠨ ᠭᠡᠮᠵᠢᠶ᠎ᠠ ᠨᠢ | ᠦᠨᠳᠣᠷ᠂ ᠯᠠᠪᠯᠠᠭ᠎ᠠ ᠶᠢᠨ ᠦᠢᠯᠡᠴᠢᠯᠡᠭᠡᠨ ᠤ ᠭᠡᠮᠵᠢᠶ᠎ᠠ ᠨᠢ ᠶᠡᠭᠡ ᠠᠴᠠ ᠪᠤᠯᠵᠦ ᠬᠠᠯᠠᠮᠰᠢᠯ ᠣᠳᠠᠰᠣ ᠶᠢ ᠦᠨᠡᠨᠬᠦ | ᠦᠯᠡᠳᠡᠭᠡᠬᠦ ᠴᠢᠬᠤᠯᠡᠳᠡᠢ ᠠᠴᠠ ᠭᠠᠳᠠᠨ᠎ᠠ᠂ ᠪᠤᠰᠣᠳ ᠢ ᠨᠢ ᠵᠠᠷᠴᠢᠮ ᠳᠡᠭᠡᠷ᠎ᠠ ᠪᠠᠨ ᠨᠢᠭᠡᠳᠦᠯᠳᠡᠢ ᠬᠠᠯᠠᠮᠰᠢᠯ | ᠣᠲᠠᠰᠣ ᠶᠢᠨ ᠳᠡᠪᠴᠠᠩ ᠳᠤ ᠡᠮᠬᠢᠯᠡᠨ ᠨᠡᠶᠢᠯᠡᠬᠦᠯᠵᠦ᠂ ᠳᠥᠪᠯᠡᠷᠡᠬᠦᠯᠥᠨ ᠬᠠᠮᠢᠶᠡᠷᠬᠤ᠂ ᠨᠢᠭᠡᠳᠦᠯᠳᠡᠢ ᠪᠠᠷ ᠬᠦᠯᠢᠶᠡᠨ | ᠠᠪᠴᠥ ᠰᠢᠢᠳᠪᠦᠷᠢᠯᠡᠬᠦ᠂ ᠬᠠᠷᠢᠭᠤᠴᠠᠯᠭ᠎ᠠ ᠶᠣᠰᠣᠭᠠᠷ ᠰᠢᠯᠵᠢᠬᠦᠯᠥᠨ ᠦᠭᠴᠥ ᠬᠦᠢᠴᠡᠳᠭᠡᠯᠭᠡᠬᠦ᠂ ᠬᠤᠭᠤᠴᠠᠭ᠎ᠠ | ᠬᠢᠵᠠᠭᠠᠷᠯᠡᠨ ᠬᠢᠯᠭᠡᠬᠦ ᠶᠢ ᠭᠡᠷᠡᠭᠵᠢᠬᠦᠯᠵᠦ᠂ ︽ᠨᠢᠭᠡ ᠯᠡ ᠤᠲᠠᠰᠤ ᠶᠢ ᠭᠠᠳ᠋ᠬᠠᠰᠢ ᠵᠣᠷᠢᠭᠤᠯᠬᠤ︾ ︽ᠨᠢᠭᠡ ᠯᠡ | ᠦᠷᠲᠡᠭᠡ ᠮᠠᠶ᠋ᠢᠭ ᠢᠶᠠᠷ ᠦᠢᠯᠡᠴᠢᠯᠡᠬᠦ︾ ᠶᠢ ᠴᠢᠷᠮᠡᠶᠢᠨ ᠬᠦᠢᠴᠡᠳᠭᠡᠬᠦ ᠭᠡᠷᠡᠭᠳᠡᠢ᠃ ᠵᠠᠰᠠᠭ ᠤᠨ ᠶᠠᠪᠤᠳᠡᠯ ᠤᠨ | ᠬᠠᠯᠠᠮᠰᠢᠯ ᠣᠲᠠᠰᠣ ᠶᠢᠨ ᠡᠳᠣᠷ ᠲᠤᠳᠣᠮ ᠤᠨ ᠵᠢᠵᠢᠬᠦᠷᠯᠡᠨ ᠰᠠᠬᠢᠬᠤ ᠪᠠ ᠰᠢᠮᠳᠡᠭᠤᠯᠥᠨ ᠭᠦᠢᠴᠡᠳᠭᠡᠵᠦ ᠰᠢᠯᠭᠠᠨ | ᠬᠢᠨᠠᠬᠤ ᠶᠢ ᠴᠢᠩᠭᠠᠳᠬᠠᠵᠦ᠂ ᠬᠠᠯᠠᠮᠰᠢᠯ ᠣᠲᠠᠰᠣ ᠶᠢᠨ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠬᠦ | ᠭᠡᠷᠡᠭᠳᠡᠢ᠃ | ︵ᠠᠷᠪᠡᠨ ᠨᠢᠭᠡ︶ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠵᠢᠯ ᠢ ᠵᠢᠷᠣᠮᠵᠢᠭᠤᠨ ᠪᠦᠭᠡᠳ ᠡᠮᠬᠢ | ᠳᠢᠭᠯᠢᠮ ᠲᠠᠢ ᠦᠷᠨᠢᠬᠦᠯᠥᠨ᠎ᠠ᠃ ︽ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠵᠢᠯ ᠢ ᠰᠠᠶᠢᠳᠣᠷ ᠬᠢᠬᠦ ᠲᠣᠬᠠᠢ | ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠮᠡᠳᠡᠭᠳᠡᠯ︾ ︵ᠳᠥᠷᠥ ᠠᠯᠪᠠᠨ ᠲᠠᠷᠬᠠᠭᠠᠠᠠᠰᠠᠨ ﹇ | 2018﹈ 22 ᠳ᠋ᠣᠭᠠᠷ ᠲᠣᠭᠠᠳᠣ︶ ᠤᠨ ᠱᠠᠭᠠᠷᠳᠡᠯᠭ᠎ᠠ ᠶᠣᠰᠣᠭᠠᠷ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ | ᠪᠢᠴᠢᠭᠯᠡᠭᠰᠡᠨ ᠭᠡᠪᠯᠡᠯ ᠢ ᠰᠠᠶᠢᠳᠣᠷ ᠡᠷᠬᠢᠯᠡᠭᠰᠡᠨ ᠰᠠᠭᠤᠷᠢᠨ ᠳᠡᠭᠡᠷ᠎ᠠ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ | ᠡᠯᠧᠺᠲᠷᠣᠨᠴᠢᠯᠠᠬᠦ ᠠᠬᠢᠴᠠ ᠶᠢ ᠳᠥᠷᠭᠡᠳᠭᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠲᠤᠭ᠎ᠠ | ᠪᠡᠷᠢᠮᠳᠡ ᠶᠢᠨ ᠬᠦᠮᠦᠷᠭᠡ ᠶᠢᠨ ᠪᠦᠳᠦᠭᠡᠨ ᠪᠠᠶᠢᠭᠤᠯᠥᠯᠳᠡ ᠶᠢ ᠠᠬᠢᠭᠤᠯᠵᠦ᠂ ᠵᠠᠰᠠᠭ ᠤᠨ ᠣᠷᠳᠣᠨ ᠤ ᠠᠯᠪᠠᠨ | ᠮᠡᠳᠡᠭᠡ ᠶᠢᠨ ᠲᠤᠭ᠎ᠠ ᠪᠡᠷᠢᠮᠳᠡ ᠶᠢ ᠡᠮᠬᠢ ᠵᠢᠷᠣᠮ ᠲᠠᠢ ᠪᠠᠷ ᠴᠢᠯᠥᠭᠡᠳᠡᠢ ᠪᠤᠯᠭᠠᠬᠤ ᠭᠡᠷᠡᠭᠳᠡᠢ᠃ ᠬᠤᠰᠢᠭᠤ ᠰᠢᠶᠡᠨ ᠤ | ᠱᠠᠳᠣᠨ ᠠᠴᠠ ᠳᠡᠭᠡᠭᠰᠢᠬᠢ ᠵᠠᠰᠠᠭ ᠤᠨ ᠣᠷᠳᠣᠨ ᠤ ᠰᠠᠯᠠᠭ᠎ᠠ ᠮᠦᠴᠢᠷ ᠨᠢ ᠲᠣᠰ ᠱᠠᠳᠣᠨ ᠤ ᠵᠠᠰᠠᠭ ᠤᠨ ᠣᠷᠳᠣᠨ ᠤ | ᠠᠯᠪᠠᠨ ᠮᠡᠳᠡᠭᠡ ᠳᠤ ᠪᠢᠴᠢᠭ ᠮᠠᠲ᠋ᠧᠷᠢᠶᠡᠯ ᠬᠠᠩᠭᠠᠬᠤ ᠠᠵᠢᠯ ᠤᠨ ᠲᠣᠠᠠᠳᠡᠴᠠ ᠶᠢ ᠳᠡᠬᠦᠯᠳᠡᠷᠵᠢᠬᠦᠯᠬᠦ ᠭᠡᠷᠡᠭᠳᠡᠢ᠃ | ᠵᠠᠰᠠᠭ ᠤᠨ ᠣᠷᠳᠣᠨ ᠵᠢᠴᠢ ᠳᠡᠬᠦᠨ ᠤ ᠬᠠᠷᠢᠶ᠎ᠠ ᠰᠠᠯᠠᠭ᠎ᠠ ᠮᠦᠴᠢᠷ ᠤᠨ ᠪᠢᠴᠢᠭ ᠮᠠᠲ᠋ᠧᠷᠢᠶᠡᠯ ᠢ ᠲᠣᠰ ᠱᠠᠳᠣᠨ ᠤ | ᠵᠠᠰᠠᠭ ᠤᠨ ᠣᠷᠳᠣᠨ ᠤ ᠠᠯᠪᠠᠨ ᠮᠡᠳᠡᠭᠡ ᠠᠴᠠ ᠨᠢᠭᠡᠳᠦᠯᠳᠡᠢ ᠪᠠᠷ ᠨᠡᠶᠢᠳᠡᠯᠡᠬᠦ ᠳᠥᠷᠢᠮ ᠢ ᠭᠡᠷᠡᠭᠵᠢᠬᠦᠯᠬᠦ ᠭᠡᠷᠡᠭᠳᠡᠢ᠃ | ᠳᠥᠷᠪᠡ᠂ ᠵᠠᠰᠠᠭ ᠤᠨ ᠶᠠᠪᠤᠳᠡᠯ ᠢ ᠢᠯᠡ ᠪᠤᠯᠭᠠᠬᠤ ᠠᠵᠢᠯᠯᠠᠭᠠᠨ ᠢ ᠳᠥᠷᠢᠮᠵᠢᠬᠦᠯᠬᠦ ᠪᠠ ᠵᠢᠷᠣᠮᠵᠢᠭᠤᠯᠬᠤ ᠶᠢ | ᠬᠦᠴᠣᠯᠡᠨ ᠠᠬᠢᠭᠤᠯᠥᠨ᠎ᠠ | ︵ᠠᠷᠪᠡᠨ ᠬᠤᠶᠡᠷ︶ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠤᠯᠭᠠᠬᠤ ᠳᠥᠷᠢᠮ ᠢ | ᠲᠣᠣᠱᠯᠠᠭᠤᠯᠥᠨ ᠨᠠᠶᠢᠳᠠᠪᠤᠷᠢᠵᠢᠭᠤᠯᠤᠨ᠎ᠠ᠃ ︽ᠪᠦᠬᠦᠲᠡ ᠨᠡᠶᠢᠷᠡᠮᠳᠡᠬᠤ ᠲᠣᠮᠳᠠᠳᠣ ᠠᠷᠡᠳ ᠣᠯᠥᠰ ᠤᠨ ᠵᠠᠰᠠᠭ ᠤᠨ | ᠣᠷᠳᠣᠨ ᠤ ᠮᠡᠳᠡᠭᠡ ᠵᠠᠩᠬᠢ ᠶᠢ ᠢᠯᠡ ᠪᠤᠯᠭᠠᠬᠤ ᠳᠥᠷᠢᠮ︾ ᠳᠤ ᠵᠠᠰᠠᠪᠦᠷᠢ ᠣᠷᠣᠭᠤᠯᠵᠦ ᠨᠡᠶᠢᠳᠡᠯᠡᠭᠰᠡᠨ ᠤ | ᠳᠡᠷᠠᠭ᠎ᠠ᠂ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠢᠵᠢ ᠪᠦᠷᠢᠳᠦᠬᠦᠯᠬᠦ ᠠᠷᠭ᠎ᠠ | ᠭᠡᠮᠵᠢᠶ᠎ᠠ ᠶᠢ ᠲᠣᠬᠢᠷᠡᠭᠤᠯᠥᠨ ᠳᠡᠬᠦᠯᠳᠡᠷᠵᠢᠬᠦᠯᠵᠦ᠂ ᠰᠢᠨ᠎ᠡ ᠳᠥᠷᠢᠮ ᠤᠨ ᠡᠯ᠎ᠠ ᠵᠦᠢᠯ ᠤᠨ ᠲᠣᠠᠠᠳᠠᠭᠠᠯ ᠢ ᠴᠢᠩᠭ᠎ᠠ | ᠨᠡᠶᠢᠳᠡᠪᠦᠷᠢᠵᠢᠭᠤᠯᠥᠨ᠂ ᠰᠢᠯᠵᠢᠯᠳᠡ ᠬᠢᠬᠦ ᠪᠠ ᠵᠤᠯᠭᠠᠭᠤᠯᠬᠤ ᠠᠵᠢᠯ ᠢ ᠰᠠᠶᠢᠳᠣᠷ ᠬᠢᠬᠦ ᠭᠡᠷᠡᠭᠳᠡᠢ᠃ ᠰᠢᠨ᠎ᠡ | ᠳᠥᠷᠢᠮ ᠤᠨ ᠱᠠᠭᠠᠷᠳᠡᠯᠭ᠎ᠠ ᠲᠠᠢ ᠬᠠᠷᠢᠴᠠᠭᠤᠯᠥᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠪᠠᠯ ᠵᠤᠬᠢᠬᠤ ᠵᠠᠰᠠᠭ ᠤᠨ | ᠣᠷᠳᠣᠨ ᠤ ᠮᠡᠳᠡᠭᠡ ᠵᠠᠩᠬᠢ ᠶᠢ ᠪᠦᠬᠦ ᠳᠡᠯ᠎ᠠ ᠪᠠᠷ ᠡᠮᠬᠢᠯᠡᠵᠦ᠂ ᠢᠯᠡ ᠪᠣᠯᠭᠠᠬᠰᠠᠨ ᠦᠭᠡᠢ ᠶᠢ ᠨᠢ ᠴᠠᠭ ᠲᠣᠬᠠᠢ ᠳᠤᠨᠢ | ᠨᠡᠶᠢᠭᠡᠮ ᠨᠡᠶᠢᠲᠡ ᠳᠤ ᠢᠯᠡ ᠪᠤᠯᠭᠠᠬᠤ ᠭᠡᠷᠡᠭᠳᠡᠢ᠃ ᠭᠤᠶᠤᠴᠢᠯᠠᠭᠰᠠᠨ ᠢᠶᠠᠷ ᠢᠯᠡ ᠪᠤᠯᠭᠠᠬᠤ ᠠᠵᠢᠯ ᠢ ᠲᠠᠰᠣᠷᠡᠯᠳᠡ | ᠦᠭᠡᠢ ᠵᠢᠷᠣᠮᠵᠢᠭᠤᠯᠵᠦ᠂ ᠬᠦᠯᠢᠶᠡᠨ ᠠᠪᠬᠤ᠂ ᠳᠡᠮᠳᠡᠭᠯᠡᠬᠦ᠂ ᠬᠦᠢᠴᠡᠳᠭᠡᠬᠦ᠂ ᠬᠠᠷᠢᠭᠤ ᠦᠭᠬᠦ ᠵᠡᠷᠭᠡ ᠴᠣᠪᠤᠷᠡᠯ ᠢ | ᠪᠠᠶᠢᠭᠤᠯᠥᠨ ᠪᠦᠷᠢᠨᠰᠢᠬᠦᠯᠵᠦ᠂ ᠠᠷᠡᠳ ᠢᠷᠭᠡᠳ᠂ ᠬᠠᠦᠯᠢ ᠶᠢᠨ ᠡᠷᠭᠡᠳᠡᠨ ᠪᠠ ᠪᠤᠰᠣᠳ ᠵᠤᠬᠢᠶᠡᠨ | ᠪᠠᠶᠢᠭᠤᠯᠥᠯᠳᠡ ᠶᠢᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠣᠯᠬᠤ ᠡᠷᠬᠡ ᠠᠰᠢᠭ ᠢ ᠬᠠᠦᠯᠢ ᠶᠣᠰᠣᠭᠠᠷ | ᠬᠠᠮᠠᠭᠠᠯᠠᠬᠤ ᠭᠡᠷᠡᠭᠳᠡᠢ᠃ ᠳᠥᠷᠢᠮ ᠢ ᠭᠡᠷᠡᠭᠵᠢᠬᠦᠯᠥᠭᠰᠡᠨ 10 ᠵᠢᠯ ᠤᠨ ᠣᠢ ᠪᠠ ᠰᠢᠨ᠎ᠡ ᠪᠠᠷ ᠵᠠᠰᠠᠪᠦᠷᠢ | ᠣᠷᠣᠭᠤᠯᠥᠬᠠᠰᠠᠨ ᠳᠥᠷᠢᠮ ᠢ ᠨᠡᠶᠢᠳᠡᠯᠡᠬᠦ ᠲᠠᠢ ᠣᠶᠠᠯᠳᠣᠭᠤᠯᠥᠨ᠂ ᠣᠯᠡᠨ ᠭᠡᠯᠪᠡᠷᠢ ᠶᠠᠩᠵᠦ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠵᠤᠬᠢᠶᠡᠨ ᠪᠠᠶᠢᠭᠤᠯᠥᠨ ᠦᠷᠨᠢᠬᠦᠯᠵᠦ᠂ ᠨᠡᠶᠢᠭᠡᠮ ᠤᠨ ᠣᠯᠡᠨ ᠨᠡᠶᠢᠲᠡ ᠶᠢᠨ ᠬᠢᠨ ᠤ ᠪᠠᠶᠢᠳᠡᠯ ᠢ | ᠬᠦᠢᠴᠡᠳ ᠮᠡᠳᠡᠬᠦ᠂ ᠡᠮᠬᠢ ᠲᠢᠭᠯᠢᠮ ᠲᠠᠢ ᠪᠠᠷ ᠣᠷᠣᠯᠴᠠᠬᠤ᠂ ᠪᠦᠬᠦ ᠳᠡᠯ᠎ᠠ ᠪᠠᠷ ᠬᠢᠨᠡᠯᠳᠡ ᠳᠡᠯᠪᠢᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠡᠢ᠃ | ︵ᠠᠷᠪᠡᠨ ᠭᠤᠷᠪᠡ︶ ᠦᠨᠳᠣᠰᠣᠡ ᠱᠠᠳᠣᠨ ᠤ ᠵᠠᠰᠠᠭ ᠤᠨ ᠶᠠᠪᠤᠳᠡᠯ ᠢ ᠢᠯᠡ ᠪᠤᠯᠭᠠᠬᠤ ᠶᠢ | ᠪᠡᠷᠢᠮᠵᠢᠶᠡᠵᠢᠭᠤᠯᠬᠤ ᠪᠠ ᠵᠢᠷᠣᠮᠵᠢᠭᠤᠯᠬᠤ ᠲᠣᠷᠰᠢᠯᠳᠡ ᠶᠢᠨ ᠴᠢᠬ ᠤᠨ ᠳ᠋ᠦᠩᠨᠡᠵᠦ ᠰᠢᠯᠭᠠᠨ ᠬᠤᠷᠢᠶᠠᠵᠤ ᠠᠪᠬᠤ | ᠠᠵᠢᠯ ᠢ ᠰᠠᠶᠢᠳᠣᠷ ᠬᠢᠨ᠎ᠠ᠃ ᠡᠯ᠎ᠠ ᠲᠣᠷᠰᠢᠯᠳᠡ ᠶᠢᠨ ᠴᠢᠬ ᠤᠨ ᠭᠠᠵᠡᠷ ᠣᠷᠣᠨ ᠤ ᠠᠷᠡᠳ ᠤᠨ ᠵᠠᠰᠠᠭ ᠤᠨ | ᠣᠷᠳᠣᠨ ᠨᠤᠭᠤᠳ ᠬᠠᠷᠢᠭᠤᠴᠠᠯᠭ᠎ᠠ ᠪᠠᠨ ᠦᠨᠡᠨᠬᠦ ᠨᠡᠶᠢᠳᠡᠪᠦᠷᠢᠵᠢᠭᠤᠯᠵᠦ᠂ ᠲᠣᠷᠰᠢᠯᠳᠡ ᠶᠢᠨ ᠠᠵᠢᠯ ᠢ | ᠯᠠᠪᠳᠠᠭᠤᠨ ᠢᠶᠠᠷ ᠠᠬᠢᠭᠤᠯᠵᠦ᠂ 8 ᠳ᠋ᠣᠭᠠᠷ ᠰᠡᠷ᠎ᠠ ᠶᠢᠨ ᠰᠡᠬᠦᠯᠴᠢ ᠠᠴᠠ ᠡᠮᠤᠨ᠎ᠠ ᠲᠣᠷᠰᠢᠯᠳᠡ ᠶᠢᠨ ᠴᠢᠬ ᠤᠨ | ᠰᠢᠯᠭᠠᠨ ᠬᠤᠷᠢᠶᠠᠵᠤ ᠠᠪᠬᠤ ᠠᠵᠢᠯ ᠢ ᠲᠠᠭᠤᠰᠬᠠᠵᠦ᠂ 9 ᠳ᠋ᠣᠭᠡᠷ ᠰᠡᠷ᠎ᠠ ᠶᠢᠨ 10 ᠤ ᠡᠳᠣᠷ ᠠᠴᠠ ᠡᠮᠤᠨ᠎ᠠ | ᠲᠣᠷᠰᠢᠯᠳᠡ ᠶᠢᠨ ᠴᠢᠬ ᠤᠨ ᠦᠷ᠎ᠠ ᠪᠦᠳᠦᠭᠡᠯ ᠪᠠ ᠶᠡᠷᠦᠩᠬᠡᠢ ᠪᠠᠶᠢᠳᠡᠯ ᠢᠶᠠᠨ ᠮᠡᠳᠡᠬᠦᠯᠥᠨ ᠬᠦᠷᠭᠡᠵᠦ᠂ ᠡᠬᠦᠨ ᠳᠤ | ᠲᠣᠷᠰᠢᠯᠳᠡ ᠶᠢᠨ ᠴᠢᠬ ᠤᠨ ᠬᠦᠷᠢᠶ᠎ᠠ ᠴᠡᠷᠠᠭ᠎ᠠ ᠨᠢᠭᠡᠪᠦᠷᠢ ᠳᠤ ᠨᠢᠭᠡᠨ ᠪᠦᠷᠢᠨ ᠳᠦᠬᠦᠷ ᠢᠯᠡ ᠪᠤᠯᠭᠠᠬᠤ ᠶᠢᠨ | ᠪᠡᠷᠢᠮᠵᠢᠶ᠎ᠠ ᠵᠢᠷᠣᠮᠯᠠᠯ ᠤᠨ ᠰᠠᠨᠠᠭᠤᠯᠭ᠎ᠠ ᠶᠢ ᠮᠡᠳᠡᠬᠦᠯᠥᠨ ᠬᠦᠷᠭᠡᠬᠦ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠡᠯ᠎ᠠ | ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠲᠣᠬᠠᠶᠢᠯᠬᠠᠰᠠᠨ ᠠᠵᠢᠯ ᠢ ᠵᠢᠯᠥᠭᠤᠳᠬᠤ ᠬᠠᠷᠢᠭᠤᠴᠠᠯᠭ᠎ᠠ ᠪᠠᠨ | ᠢᠳᠡᠪᠬᠢᠳᠡᠢ ᠪᠠᠷ ᠬᠦᠢᠴᠡᠳᠭᠡᠵᠦ᠂ ᠲᠣᠰ ᠰᠢᠰᠲ᠋ᠧᠮ ᠤᠨ ᠦᠨᠳᠣᠰᠣᠡ ᠱᠠᠳᠣᠨ ᠤ ᠨᠢᠭᠡᠴᠡ ᠶᠢᠨ ᠲᠣᠷᠰᠢᠯᠳᠡ ᠶᠢᠨ | ᠴᠢᠬ ᠦᠷᠨᠢᠬᠦᠯᠬᠦ ᠳᠤ ᠬᠦᠴᠣᠳᠡᠢ ᠳᠡᠮᠵᠢᠯᠭᠡ ᠬᠠᠩᠭᠠᠬᠤ ᠭᠡᠷᠡᠭᠳᠡᠢ︔ ᠦᠪᠡᠷᠳᠡᠭᠡᠨ ᠵᠠᠰᠠᠬᠤ ᠣᠷᠣᠨ ᠤ | ᠪᠡᠷᠢᠮᠵᠢᠶᠡᠵᠢᠭᠤᠯᠥᠯᠳᠡ ᠶᠢᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠤᠳ ᠲᠣᠰᠬᠠᠢ ᠠᠵᠢᠯ ᠤᠨ | ᠳᠡᠪᠡᠭᠤᠯᠢᠭ ᠢᠶᠠᠨ ᠦᠨᠡᠨᠬᠦ ᠪᠠᠳᠡᠷᠡᠭᠤᠯᠵᠦ᠂ ᠪᠡᠷᠢᠮᠵᠢᠶ᠎ᠠ ᠵᠢᠷᠣᠮᠯᠠᠯ ᠢ ᠨᠡᠶᠢᠷᠡᠭᠤᠯᠥᠨ ᠵᠤᠬᠢᠶᠡᠬᠤ ᠠᠵᠢᠯ ᠳᠤ | ᠢᠳᠡᠪᠬᠢᠳᠡᠢ ᠪᠠᠷ ᠣᠷᠣᠯᠴᠠᠬᠤ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ | ᠠᠯᠪᠠᠨ ᠳᠢᠩᠬᠢᠮ ᠨᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠲᠣᠠᠠᠳᠠᠭᠠᠠᠠᠰᠠᠨ | ᠲᠣᠷᠰᠢᠯᠳᠡ ᠶᠢᠨ ᠴᠢᠬ ᠤᠨ ᠠᠵᠢᠯ ᠢ ᠰᠢᠯᠭᠠᠨ ᠬᠤᠷᠢᠶᠠᠵᠤ ᠠᠪᠬᠤ ᠪᠡᠷᠢᠮᠵᠢᠶ᠎ᠠ ᠶᠣᠰᠣᠭᠠᠷ᠂ ᠲᠣᠷᠰᠢᠯᠳᠡ ᠶᠢᠨ | ᠴᠢᠬ ᠤᠨ ᠨᠢᠭᠡᠴᠡ ᠳᠤ ᠪᠠᠶᠢᠴᠠᠭᠠᠯᠲᠠ ᠬᠢᠵᠦ ᠰᠢᠯᠭᠠᠨ ᠬᠤᠷᠢᠶᠠᠵᠤ ᠠᠪᠬᠤ ᠠᠵᠢᠯ ᠢ ᠦᠷᠨᠢᠬᠦᠯᠵᠦ᠂ | ᠲᠣᠷᠰᠢᠯᠳᠡ ᠶᠢᠨ ᠴᠢᠬ ᠤᠨ ᠲᠣᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠠ᠂ ᠳᠥᠷᠥ ᠶᠢᠨ ᠶᠠᠪᠤᠳᠡᠯ ᠤᠨ | ᠬᠤᠷᠢᠶ᠎ᠠ ᠶᠢᠨ ᠠᠯᠪᠠᠨ ᠳᠢᠩᠬᠢᠮ ᠳᠤ ᠮᠠᠨ ᠤ ᠣᠷᠣᠨ ᠤ ᠢᠯᠡ ᠪᠤᠯᠭᠠᠬᠤ ᠶᠢᠨ ᠪᠡᠷᠢᠮᠵᠢᠶ᠎ᠠ ᠵᠢᠷᠣᠮᠯᠠᠯ ᠢᠶᠠᠨ | ᠳᠡᠨᠢᠯᠴᠠᠭᠤᠯᠬᠤ ᠭᠡᠷᠡᠭᠳᠡᠢ᠃ | ︵ᠠᠷᠪᠡᠨ ᠳᠥᠷᠪᠡ︶ ᠵᠠᠰᠠᠭ ᠤᠨ ᠣᠷᠳᠣᠨ ᠤ ᠮᠡᠳᠡᠭᠡ ᠵᠠᠩᠬᠢ ᠶᠢᠨ ᠬᠢᠨᠡᠨ ᠪᠠᠶᠢᠴᠠᠭᠠᠬᠤ ᠠᠵᠢᠯ ᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠪᠤᠯᠭᠠᠬᠤ ᠠᠴᠠ ᠡᠮᠤᠨ᠎ᠠ ᠬᠠᠦᠯᠢ ᠲᠣᠠᠠᠳᠠᠭᠠᠯ | ᠶᠣᠰᠣᠭᠠᠷ ᠴᠢᠩᠭ᠎ᠠ ᠬᠢᠨᠡᠨ ᠪᠠᠶᠢᠴᠠᠭᠠᠵᠦ᠂ ᠢᠯᠠᠩᠭᠤᠶ᠎ᠠ ᠢᠯᠡ ᠪᠤᠯᠭᠠᠬᠤ ᠠᠭᠤᠯᠭ᠎ᠠ ᠶᠢᠨ ᠢᠯᠡᠳᠭᠡᠯᠲᠡ᠂ ᠢᠯᠡ | ᠪᠤᠯᠭᠠᠬᠤ ᠵᠣᠬᠢᠰᠲᠠᠢ ᠴᠠᠭ᠂ ᠢᠯᠡ ᠪᠤᠯᠭᠠᠬᠤ ᠠᠷᠭ᠎ᠠ ᠮᠠᠶ᠋ᠢᠭ ᠢ ᠰᠣᠳᠣᠯᠥᠡ ᠮᠠᠭᠠᠳᠯᠠᠬᠤ ᠶᠢ ᠰᠠᠶᠢᠳᠣᠷ ᠬᠢᠵᠦ᠂ | ᠮᠡᠳᠡᠭᠡ ᠵᠠᠩᠬᠢ ᠨᠡᠶᠢᠳᠡᠯᠡᠬᠦ ᠳᠤ ᠢᠳᠡᠭᠡᠮᠵᠢ ᠠᠯᠳᠠᠬᠤ᠂ ᠨᠡᠶᠢᠭᠡᠮ ᠤᠨ ᠲᠣᠠᠠᠳᠠᠭᠤᠨ ᠪᠠᠶᠢᠳᠡᠯ ᠢ ᠨᠦᠯᠥᠭᠡᠯᠡᠬᠦ ᠵᠡᠷᠭᠡ | ᠠᠰᠠᠭᠤᠳᠡᠯ ᠭᠠᠷᠬᠤ ᠠᠴᠠ ᠵᠠᠶᠢᠯᠡᠰᠬᠢᠬᠦ ᠭᠡᠷᠡᠭᠳᠡᠢ᠃ ᠬᠤᠪᠢ ᠬᠦᠮᠦᠨ ᠤ ᠨᠢᠭᠤᠴᠠ ᠶᠢ ᠬᠠᠦᠯᠢ ᠶᠣᠰᠣᠭᠠᠷ | ᠬᠠᠮᠠᠭᠠᠯᠠᠵᠦ᠂ ᠵᠠᠯᠬᠠᠭᠠᠨ ᠴᠡᠭᠡᠷᠯᠡᠬᠦᠯᠬᠦ ᠪᠠᠷ ᠨᠡᠶᠢᠲᠡ ᠳᠤ ᠵᠠᠷᠯᠠᠬᠤ᠂ ᠠᠯᠪᠠᠳᠡᠯᠭᠠ ᠶᠢᠨ ᠴᠢᠨᠡᠷᠳᠡᠢ ᠮᠡᠳᠡᠭᠡ ᠵᠠᠩᠬᠢ ᠶᠢ | ᠨᠡᠶᠢᠳᠡᠯᠡᠬᠦ ᠠᠴᠠ ᠭᠠᠳᠠᠨ᠎ᠠ᠂ ᠪᠤᠰᠣᠳ ᠬᠤᠪᠢ ᠬᠦᠮᠦᠨ ᠤ ᠨᠢᠭᠤᠴᠠ ᠳᠤ ᠬᠤᠯᠪᠤᠠᠠᠳ᠋ᠬᠠᠰᠠᠨ ᠵᠠᠰᠠᠭ ᠤᠨ ᠣᠷᠳᠣᠨ ᠤ | ᠮᠡᠳᠡᠭᠡ ᠵᠠᠩᠬᠢ ᠶᠢ ᠢᠯᠡ ᠪᠤᠯᠭᠠᠬᠤ ᠳᠠᠭᠠᠨ ᠢᠯᠡᠷᠬᠡᠶᠢᠯᠡᠭᠴᠢ ᠶᠢ ᠠᠷᠢᠯᠭᠠᠬᠤ ᠰᠢᠢᠳᠪᠦᠷᠢᠯᠡᠯᠳᠡ ᠬᠢᠵᠦ᠂ ᠵᠦᠢ | ᠵᠤᠬᠢᠰᠳᠡᠢ ᠠᠷᠭ᠎ᠠ ᠮᠠᠶ᠋ᠢᠭ ᠪᠠ ᠬᠦᠷᠢᠶ᠎ᠠ ᠭᠡᠪᠴᠢᠶ᠎ᠠ ᠶᠢ ᠰᠣᠩᠭᠤᠬᠤ ᠭᠡᠷᠡᠭᠳᠡᠢ᠃ | ︵ᠠᠷᠪᠡᠨ ᠲᠠᠪᠤ︶ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠦᠨᠳᠣᠰᠣᠡ ᠭᠠᠷᠴᠠᠭ ᠤᠨ ᠳᠥᠷᠢᠮ ᠢ ᠪᠦᠬᠦ | ᠳᠡᠯ᠎ᠠ ᠪᠠᠷ ᠭᠡᠷᠡᠭᠵᠢᠬᠦᠯᠥᠨ᠎ᠠ᠃ ᠡᠯ᠎ᠠ ᠰᠠᠯᠠᠭ᠎ᠠ ᠮᠦᠴᠢᠷ ᠨᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠠᠯᠠᠭ᠎ᠠ | ᠮᠦᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠦᠨᠳᠣᠰᠣᠡ | ᠭᠠᠷᠴᠠᠭ ᠲᠠᠢ ᠬᠠᠷᠢᠴᠠᠭᠤᠯᠥᠨ᠂ ᠲᠣᠰ ᠰᠠᠯᠠᠭ᠎ᠠ ᠮᠦᠴᠢᠷ᠂ ᠲᠣᠰ ᠰᠢᠰᠲ᠋ᠧᠮ ᠤᠨ ᠰᠠᠨᠠᠭᠠᠴᠢᠯᠠᠭ᠎ᠠ ᠠᠴᠠ ᠪᠠᠨ ᠢᠯᠡ | ᠪᠤᠯᠭᠠᠬᠤ ᠦᠨᠳᠣᠰᠣᠡ ᠭᠠᠷᠴᠠᠭ ᠤᠨ ᠨᠡᠶᠢᠷᠡᠭᠤᠯᠥᠨ ᠵᠤᠬᠢᠶᠡᠬᠤ ᠠᠵᠢᠯ ᠢ ᠢᠳᠡᠪᠬᠢᠳᠡᠢ ᠪᠠᠷ ᠦᠷᠨᠢᠬᠦᠯᠬᠦ ᠶᠢᠨ ᠬᠠᠮᠳᠣ᠂ | ᠡᠬᠦᠷᠭᠡ ᠬᠠᠷᠢᠭᠤᠴᠠᠯᠭ᠎ᠠ ᠶᠢᠨ ᠬᠤᠪᠢᠷᠡᠯᠳᠡ ᠪᠠᠨ ᠦᠨᠳᠣᠰᠣᠯᠡᠨ ᠭᠠᠷᠴᠠᠭ ᠲᠤ ᠬᠦᠳᠡᠯᠥᠩᠬᠦᠢ ᠪᠠᠷ ᠰᠢᠨᠡᠳᠭᠡᠬᠦ ᠪᠠ | ᠲᠣᠬᠢᠷᠡᠭᠤᠯᠥᠯᠳᠡ ᠬᠢᠬᠦ ᠭᠡᠷᠡᠭᠳᠡᠢ᠃ ᠭᠠᠷᠴᠠᠭ ᠢ ᠨᠡᠶᠢᠷᠡᠭᠤᠯᠥᠨ ᠵᠤᠬᠢᠶᠡᠬᠤ ᠳᠠᠭᠠᠨ ︽ᠲᠠᠪᠤ ᠶᠢ ᠢᠯᠡ ᠪᠤᠯᠭᠠᠬᠤ︾᠂ | ᠳᠥᠷᠥ ᠶᠢᠨ ᠪᠤᠳᠣᠯᠭ᠎ᠠ ᠶᠢᠨ ᠲᠠᠶᠢᠯᠤᠮᠵᠢ ᠬᠢᠬᠦ᠂ ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ᠂ ᠣᠯᠡᠨ | ᠨᠡᠶᠢᠲᠡ ᠪᠠᠷ ᠢᠶᠠᠨ ᠣᠷᠣᠯᠴᠠᠬᠤ ᠵᠡᠷᠭᠡ ᠱᠠᠭᠠᠷᠳᠡᠯᠭ᠎ᠠ ᠶᠢ ᠬᠦᠢᠴᠡᠳ ᠬᠠᠷᠡᠭᠤᠯᠬᠤ ᠭᠡᠷᠡᠭᠳᠡᠢ᠃ | ︵ᠠᠷᠪᠡᠨ ᠵᠢᠷᠭᠤᠭ᠎ᠠ︶ ᠣᠯᠡᠨ ᠨᠡᠶᠢᠲᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ | ᠵᠠᠩᠬᠢ ᠶᠢ ᠢᠯᠡ ᠪᠤᠯᠭᠠᠬᠤ ᠳᠥᠷᠢᠮ ᠢ ᠪᠠᠶᠢᠭᠤᠯᠥᠨ ᠪᠦᠷᠢᠨᠰᠢᠬᠦᠯᠥᠨ᠎ᠠ᠃ ᠬᠤᠰᠢᠭᠤ ᠰᠢᠶᠡᠨ ᠤ ᠱᠠᠳᠣᠨ ᠠᠴᠠ | ᠳᠡᠭᠡᠭᠰᠢᠬᠢ ᠡᠯ᠎ᠠ ᠱᠠᠳᠣᠨ ᠤ ᠵᠠᠰᠠᠭ ᠤᠨ ᠣᠷᠳᠣᠨ ᠨᠤᠭᠤᠳ ᠰᠣᠷᠭᠠᠨ ᠬᠦᠮᠦᠵᠢᠯ᠂ ᠠᠮᠢ ᠠᠬᠤᠢ ᠶᠢᠨ ᠣᠷᠴᠢᠨ | ᠲᠤᠭᠤᠷᠢᠨ᠂ ᠰᠣᠶᠣᠯ ᠵᠢᠭᠤᠯᠴᠢᠯᠠᠯ᠂ ᠡᠷᠡᠬᠦᠯ ᠬᠠᠮᠠᠭᠠᠯᠠᠯ ᠡᠷᠡᠬᠦᠯ ᠡᠩᠬᠡ᠂ ᠣᠷᠣᠨ ᠰᠠᠭᠤᠴᠠ ᠶᠢᠨ ᠪᠠᠳᠣᠯᠠᠭ᠎ᠠ᠂ | ᠨᠡᠶᠢᠭᠡᠮ ᠤᠨ ᠠᠪᠤᠷᠡᠨ ᠲᠣᠰᠠᠯᠠᠬᠤ ᠪᠠ ᠨᠡᠶᠢᠭᠡᠮ ᠤᠨ ᠠᠰᠠᠷᠡᠮᠵᠢ ᠵᠡᠷᠭᠡ ᠭᠤᠤᠯᠴᠢᠯᠠᠨ ᠬᠠᠮᠢᠶᠡᠷᠬᠤ ᠰᠠᠯᠠᠭ᠎ᠠ | ᠮᠦᠴᠢᠷ ᠢ ᠰᠢᠮᠳᠡᠭᠤᠯᠵᠦ ᠪᠠᠶᠢᠭᠠᠳ᠂ ᠬᠠᠮᠢᠶ᠎ᠠ ᠪᠦᠬᠦᠢ ᠬᠦᠷᠢᠶ᠎ᠠ ᠴᠡᠷᠠᠭ᠎ᠠ ᠶᠢᠨ ᠣᠯᠡᠨ ᠨᠡᠶᠢᠲᠡ ᠶᠢᠨ ᠠᠵᠦ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠭᠡ ᠵᠠᠩᠬᠢ ᠶᠢᠨ ᠢᠯᠡ ᠪᠤᠯᠭᠠᠬᠤ ᠳᠥᠷᠢᠮ ᠢ ᠦᠨᠳᠣᠰᠣᠯᠡᠨ᠂ | ᠬᠢᠨᠡᠯᠳᠡ ᠬᠠᠮᠢᠶᠡᠷᠦᠯᠳᠡ ᠶᠢᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠳᠥᠷᠦᠯ ᠬᠤᠪᠢᠶᠡᠨ ᠵᠢᠯᠥᠭᠤᠳᠬᠤ ᠶᠢ | ᠴᠢᠩᠭᠠᠳᠬᠠᠨ᠂ ᠣᠯᠡᠨ ᠨᠡᠶᠢᠲᠡ ᠶᠢᠨ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠯᠡ ᠪᠤᠯᠭᠠᠬᠤ | ᠵᠦᠢᠯᠡᠰ ᠤᠨ ᠭᠠᠷᠴᠠᠭ ᠢ ᠵᠤᠬᠢᠶᠡᠨ ᠪᠠᠶᠢᠭᠤᠯᠥᠨ ᠨᠡᠶᠢᠷᠡᠭᠤᠯᠥᠨ ᠵᠤᠬᠢᠶᠡᠵᠦ᠂ ᠰᠢᠯᠭᠠᠨ ᠬᠢᠨᠠᠬᠤ᠂ ᠵᠦᠪᠯᠡᠨ | ᠲᠣᠭᠲᠠᠭᠠᠬᠤ᠂ ᠬᠠᠷᠢᠭᠤᠴᠠᠯᠭ᠎ᠠ ᠨᠡᠭᠡᠮᠵᠢᠯᠡᠬᠦ ᠪᠠ ᠬᠢᠨᠡᠯᠳᠡ ᠳᠡᠯᠪᠢᠵᠦ ᠪᠠᠶᠢᠴᠠᠭᠠᠬᠤ ᠶᠢ ᠢᠯᠡ ᠪᠤᠯᠭᠠᠬᠤ ᠪᠤᠳᠡᠳᠡᠢ | ᠠᠷᠭ᠎ᠠ ᠶᠢ ᠪᠠᠶᠢᠭᠤᠯᠥᠨ ᠳᠡᠬᠦᠯᠳᠡᠷᠵᠢᠬᠦᠯᠵᠦ᠂ ᠣᠯᠡᠨ ᠨᠡᠶᠢᠲᠡ ᠶᠢᠨ ᠠᠵᠦ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠦᠨᠡᠨᠬᠦ ᠠᠬᠢᠭᠤᠯᠬᠤ ᠭᠡᠷᠡᠭᠳᠡᠢ᠃ ᠡᠯ᠎ᠠ ᠭᠠᠵᠡᠷ | ᠣᠷᠣᠨ᠂ ᠡᠯ᠎ᠠ ᠰᠠᠯᠠᠭ᠎ᠠ ᠮᠦᠴᠢᠷ ᠨᠢ ᠣᠨ ᠤ ᠠᠵᠢᠯ ᠤᠨ ᠭᠤᠤᠯᠳᠡᠯᠭ᠎ᠠ ᠳᠤ ᠪᠠᠶᠢᠷᠢᠯᠠᠭᠤᠯᠥᠠᠠᠰᠠᠨ ᠡᠯ᠎ᠠ ᠵᠦᠢᠯ ᠤᠨ | ᠡᠬᠦᠷᠭᠡ ᠶᠢ ᠬᠢᠨᠠᠮᠠᠭᠠᠢ ᠪᠠᠷ ᠰᠣᠳᠣᠯᠥᠨ᠂ ᠪᠤᠳᠡᠳᠡᠢ ᠲᠠᠢ ᠪᠠᠨ ᠣᠶᠠᠯᠳᠣᠭᠤᠯᠥᠨ ᠪᠤᠳᠡᠳᠡᠢ ᠠᠵᠢᠯ ᠤᠨ ᠠᠷᠭ᠎ᠠ | ᠭᠡᠮᠵᠢᠶ᠎ᠠ ᠶᠢ ᠲᠣᠷᠡᠳᠴᠥ᠂ ᠨᠡᠶᠢᠳᠡᠪᠦᠷᠢᠵᠢᠭᠤᠯᠥᠯᠳᠡ ᠶᠢ ᠬᠢᠨᠠᠮᠠᠭᠠᠢ ᠰᠠᠶᠢᠳᠣᠷ ᠠᠳᠬᠤᠨ᠂ ᠳᠦᠬᠦᠮᠭᠡᠨ ᠢᠶᠠᠷ ᠪᠢᠴᠢᠭ | ᠮᠠᠲ᠋ᠧᠷᠢᠶᠡᠯ ᠢᠶᠠᠷ ᠪᠢᠴᠢᠭ ᠮᠠᠲ᠋ᠧᠷᠢᠶᠡᠯ ᠢ ᠨᠠᠶᠢᠳᠡᠪᠦᠷᠢᠵᠢᠭᠤᠯᠬᠤ ᠶᠢ ᠰᠡᠷᠭᠡᠶᠢᠯᠡᠬᠦ ᠭᠡᠷᠡᠭᠳᠡᠢ᠃ ᠵᠠᠰᠠᠭ ᠤᠨ ᠶᠠᠪᠤᠳᠡᠯ ᠢ | ᠢᠯᠡ ᠪᠤᠯᠭᠠᠬᠤ ᠠᠵᠢᠯ ᠤᠨ ᠴᠢᠳᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠰᠢᠨ᠎ᠡ ᠳᠥᠷᠢᠮ ᠢ | ᠲᠣᠣᠱᠯᠠᠭᠤᠯᠥᠨ ᠨᠠᠶᠢᠳᠡᠪᠦᠷᠢᠵᠢᠭᠤᠯᠬᠤ᠂ ᠳᠥᠷᠥ ᠶᠢᠨ ᠪᠤᠳᠣᠯᠭ᠎ᠠ ᠶᠢᠨ ᠲᠠᠶᠢᠯᠤᠮᠵᠢ ᠬᠢᠬᠦ᠂ ᠵᠠᠰᠠᠭ ᠤᠨ ᠶᠠᠪᠤᠳᠡᠯ ᠤᠨ | ᠶᠡᠷᠢᠶ᠎ᠠ ᠭᠡᠯᠡᠯᠴᠡᠭᠡᠨ ᠤ ᠪᠠᠶᠢᠳᠡᠯ ᠳᠤ ᠬᠠᠷᠢᠭᠤ ᠲᠤᠰᠬᠠᠬᠤ ᠵᠡᠷᠭᠡ ᠠᠵᠢᠯ ᠤᠨ ᠲᠤᠭᠤᠷᠢᠨ ᠳᠤ ᠲᠤᠬᠠᠶᠢᠯᠬᠠᠰᠠᠨ | ᠠᠵᠢᠯ ᠤᠨ ᠪᠤᠯᠪᠠᠰᠣᠷᠡᠭᠤᠯᠥᠯ ᠢ ᠰᠠᠶᠢᠳᠣᠷ ᠠᠳᠬᠤᠬᠤ ᠭᠡᠷᠡᠭᠳᠡᠢ᠃ ᠰᠢᠮᠳᠡᠭᠤᠯᠥᠨ ᠪᠠᠶᠢᠴᠠᠭᠠᠬᠤ ᠶᠢ ᠴᠢᠩᠭᠠᠳᠬᠠᠵᠦ᠂ | ᠳᠥᠷᠥ ᠶᠢᠨ ᠪᠤᠳᠣᠯᠭ᠎ᠠ ᠶᠢᠨ ᠲᠠᠶᠢᠯᠤᠮᠵᠢ ᠬᠢᠭᠰᠡᠨ᠂ ᠵᠠᠰᠠᠭ ᠤᠨ ᠶᠠᠪᠤᠳᠡᠯ ᠤᠨ ᠶᠡᠷᠢᠶ᠎ᠠ ᠭᠡᠯᠡᠯᠴᠡᠭᠡᠨ ᠤ ᠪᠠᠶᠢᠳᠡᠯ ᠳᠤ | ᠬᠠᠷᠢᠭᠤ ᠲᠤᠰᠬᠠᠭᠰᠠᠨ᠂ ᠭᠤᠤᠯ ᠬᠠᠷᠢᠭᠤᠴᠠᠬᠤ ᠨᠦᠬᠦᠳ ᠤᠨ ᠵᠠᠰᠠᠭ ᠤᠨ ᠶᠠᠪᠤᠳᠡᠯ ᠢ ᠢᠯᠡ ᠪᠤᠯᠭᠠᠬᠤ ᠠᠵᠢᠯ ᠢ | ᠰᠣᠳᠣᠯᠥᠨ ᠪᠠᠶᠢᠷᠢᠯᠠᠭᠤᠯᠤᠭᠰᠠᠨ ᠪᠠ ᠰᠣᠨᠢᠨ ᠮᠡᠳᠡᠭᠡ ᠨᠡᠶᠢᠳᠡᠯᠡᠬᠦ ᠬᠤᠷᠡᠯ ᠳᠤ ᠣᠷᠣᠯᠴᠠᠬᠰᠠᠨ ᠵᠡᠷᠭᠡ ᠪᠠᠶᠢᠳᠡᠯ ᠢ | ᠰᠢᠯᠭᠠᠨ ᠬᠢᠨᠠᠵᠦ ᠦᠨᠡᠯᠡᠨ ᠵᠢᠱᠢᠬᠦ ᠶᠢ ᠴᠢᠩᠭᠠᠷᠡᠭᠤᠯᠬᠤ ᠭᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠠᠷᠡᠳ ᠤᠨ | ᠵᠠᠰᠠᠭ ᠤᠨ ᠣᠷᠳᠣᠨ ᠤ ᠠᠯᠪᠠᠨ ᠳᠢᠩᠬᠢᠮ ᠠᠴᠠ ᠨᠡᠶᠢᠳᠡᠪᠦᠷᠢᠵᠢᠭᠤᠯᠥᠠᠠᠰᠠᠨ ᠪᠠᠶᠢᠳᠡᠯ ᠢ ᠲᠤᠰᠬᠠᠶᠢᠯᠠᠨ ᠰᠢᠮᠳᠡᠭᠤᠯᠥᠨ | ᠪᠠᠶᠢᠴᠠᠭᠠᠬᠤ ᠠᠵᠢᠯ ᠢ ᠴᠠᠭ ᠲᠤᠨᠢ ᠵᠣᠬᠢᠴᠡᠭᠤᠯᠥᠨ ᠵᠤᠬᠢᠶᠡᠨ ᠪᠠᠶᠢᠭᠤᠯᠬᠤ ᠶᠢᠨ ᠬᠠᠮᠳᠣ ᠦᠷ᠎ᠠ ᠳ᠋ᠦᠩ ᠢ ᠨᠢ | ᠮᠡᠳᠡᠭᠡᠯᠡᠨ ᠨᠡᠪᠳᠡᠷᠡᠬᠦᠯᠬᠦ ᠭᠡᠷᠡᠭᠳᠡᠢ᠃ |