ᠥᠪᠥᠷ ᠮᠣᠩᠭᠤᠯ ᠬᠤᠵᠢᠮ ᠳᠤ ᠪᠠᠨ 3D ᠳᠠᠷᠤᠮᠠᠯᠯᠠᠬᠤ ᠮᠡᠷᠭᠡᠵᠢᠯ ᠢᠶᠠᠷ ᠬᠥᠮᠦᠨ ᠤ ᠡᠷᠬᠡᠲᠡᠨ ᠢ ᠳᠠᠷᠤᠮᠠᠯᠯᠠᠨ ᠭᠠᠷᠭᠠᠬᠤ ᠪᠣᠯᠤᠮᠵᠢ ᠲᠠᠢ ᠪᠠᠶᠢᠨ᠎ᠠ
ᠨᠡᠶᠢᠲᠡᠯᠡᠭᠰᠡᠨ ᠴᠠᠭ᠄
2018/9/17
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶ᠎ᠡ ᠭᠡᠰᠢᠭᠦᠦ ᠶᠢᠨ ᠭᠠᠳᠠᠷ ᠡᠮᠨᠡᠯᠭᠡ ᠶᠢᠨ ᠰᠢᠨᠵᠢᠯᠡᠭᠡᠨ ᠤ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠪᠡᠶ᠎ᠡ ᠶᠢᠨ ᠬᠦᠳᠡᠯᠭᠡᠭᠡᠨ ᠤ ᠠᠨᠠᠭᠠᠬᠤ ᠤᠬᠠᠭᠠᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ︽ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ 3D ᠳᠠᠷᠤᠮᠠᠯᠯᠠᠬᠤ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠤᠳᠤᠯᠭᠠᠨ ᠤ ᠲᠥᠪ — ᠥᠪᠥᠷ ᠮᠣᠩᠭᠤᠯ ᠤᠨ ᠬᠤᠪᠢᠶᠠᠷᠢ ᠲᠥᠪ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠡᠷᠦᠬᠡ ᠪᠠᠨ ᠰᠡᠬᠦᠪᠡ᠃ ᠬᠤᠵᠢᠮ ᠳᠤ᠂ ᠮᠠᠨ ᠤ ᠣᠷᠣᠨ ᠳᠤ ᠠᠨᠠᠭᠠᠬᠤ ᠤᠬᠠᠭᠠᠨ ᠤ 3D ᠳᠠᠷᠤᠮᠠᠯᠯᠠᠬᠤ ᠮᠡᠷᠭᠡᠵᠢᠯ ᠢ ᠬᠡᠷᠡᠭᠯᠡᠨ ᠬᠥᠮᠦᠨ ᠤ ᠪᠡᠶ᠎ᠡ ᠶᠢᠨ ᠡᠷᠬᠡᠲᠡᠨ ᠢ ᠳᠠᠷᠤᠮᠠᠯᠯᠠᠵᠤ ᠭᠠᠷᠭᠠᠬᠤ ᠪᠣᠯᠣᠮᠵᠢ ᠲᠠᠢ ᠪᠠᠶᠢᠬᠤ ᠪᠦᠭᠡᠳ ᠨᠠᠩ ᠣᠯᠠᠨ ᠡᠪᠡᠳᠴᠢᠲᠡᠨ ᠳᠤ ᠠᠮᠢ ᠨᠠᠰᠤ ᠶᠢ ᠲᠠᠬᠢᠨ ᠣᠯᠭᠤᠵᠤ ᠴᠢᠳᠠᠬᠤ ᠪᠣᠯᠤᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ᠂ ᠡᠮ ᠡᠮᠨᠡᠯᠭᠡ ᠳᠡᠭᠡᠷ᠎ᠡ ᠠᠮᠢᠳᠤ ᠪᠡᠶ᠎ᠡ ᠶᠢᠨ ᠡᠷᠬᠡᠲᠡᠨ ᠲᠤᠲᠠᠭᠳᠠᠵᠤ ᠪᠠᠶᠢᠬᠤ ᠠᠴᠠ ᠡᠷᠬᠡᠲᠡᠨ ᠰᠢᠯᠵᠢᠭᠦᠯᠦᠨ ᠥᠭᠬᠦ ᠬᠡᠷᠡᠭᠴᠡᠭᠡ ᠶᠢ ᠬᠠᠩᠭᠠᠵᠤ ᠴᠢᠳᠠᠬᠤ ᠤᠢᠭᠡᠢ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠵᠢᠯ ᠪᠦᠷᠢ ᠡᠷᠬᠡᠲᠡᠨ ᠰᠢᠯᠵᠢᠭᠦᠯᠬᠦ ᠮᠡᠰᠡ ᠵᠠᠰᠠᠯ ᠬᠢᠯᠭᠡᠬᠦ ᠡᠪᠡᠳᠴᠢᠲᠡᠨ 15%᠎ ᠶᠢᠨ ᠬᠤᠷᠳᠤᠴᠠ ᠪᠠᠷ ᠨᠡᠮᠡᠭᠳᠡᠵᠦ ᠪᠤᠢ᠂ ᠡᠶᠢᠮᠦ ᠠᠴᠠ ᠬᠡᠷᠪᠡ ᠠᠨᠠᠭᠠᠬᠤ ᠤᠬᠠᠭᠠᠨ ᠤ 3D ᠳᠠᠷᠤᠮᠠᠯᠯᠠᠬᠤ ᠮᠡᠷᠭᠡᠵᠢᠯ ᠢ ᠠᠰᠢᠭᠯᠠᠨ ᠬᠥᠮᠦᠨ ᠤ ᠪᠡᠶ᠎ᠡ ᠶᠢᠨ ᠡᠷᠬᠡᠲᠡᠨ ᠢ ᠳᠠᠷᠤᠮᠠᠯᠯᠠᠵᠤ ᠭᠠᠷᠭᠠᠵᠤ ᠴᠢᠳᠠᠳᠠᠭ ᠶᠤᠮ ᠪᠣᠯ ᠨᠠᠩ ᠣᠯᠠᠨ ᠡᠪᠡᠳᠴᠢᠲᠡᠨ ᠳᠤ ᠠᠮᠢ ᠨᠠᠰᠤ ᠶᠢ ᠲᠠᠬᠢᠨ ᠣᠯᠭᠤᠬᠤ ᠪᠣᠯᠤᠨ᠎ᠠ᠃ 3D ᠳᠠᠷᠤᠮᠠᠯᠯᠠᠬᠤ ᠮᠡᠷᠭᠡᠵᠢᠯ ᠨᠢ ᠠᠮᠧᠷᠢᠺᠠ ᠠᠴᠠ ᠡᠭᠦᠰᠴᠡᠢ᠂ 20 ᠳ᠋ᠤᠭᠠᠷ ᠵᠠᠭᠤᠨ ᠤ ᠨᠠᠶᠠᠭᠠᠳ ᠣᠨ ᠳᠤ 3D ᠳᠠᠷᠤᠮᠠᠯᠯᠠᠬᠤ ᠮᠡᠷᠭᠡᠵᠢᠯ  ᠢᠯᠡᠷᠡᠮᠡᠭᠴᠡ ᠠᠨᠠᠭᠠᠬᠤ ᠤᠬᠠᠭᠠᠨ ᠤ ᠬᠢᠨ ᠳᠤ ᠬᠦᠨᠳᠦᠳᠬᠡᠭᠳᠡᠭᠰᠡᠨ ᠪᠠᠶᠢᠨ᠎ᠠ᠂ ᠮᠠᠨ ᠤ ᠤᠯᠤᠰ ᠤᠨ ᠠᠨᠠᠭᠠᠬᠤ ᠤᠬᠠᠭᠠᠨ ᠤ 3D ᠳᠠᠷᠤᠮᠠᠯᠯᠠᠯ ᠤᠨ ᠨᠡᠷᠡᠲᠦ ᠡᠷᠳᠡᠮᠲᠡᠨ᠂ ᠶᠠᠰᠤᠨ ᠤ ᠭᠠᠳᠠᠷ ᠰᠠᠯᠠᠭᠠᠨ ᠤ ᠤᠬᠠᠭᠠᠨ ᠪᠠ ᠶᠠᠰᠤᠨ ᠤ ᠰᠠᠯᠠᠭᠠᠨ ᠤ ᠠᠮᠢᠳᠤ ᠪᠣᠳᠠᠰ ᠤᠨ ᠬᠦᠴᠦᠨ ᠤ ᠤᠬᠠᠭᠠᠨ ᠤ ᠲᠤᠰᠬᠠᠶ ᠮᠡᠷᠭᠡᠵᠢᠯᠲᠡᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠳ᠋ᠠᠢ ᠺᠧ ᠷᠦᠩ ᠤᠯᠤᠰ ᠤᠨ ᠳᠣᠲᠣᠭᠠᠳᠤ ᠳᠤ ᠬᠠᠮᠤᠭ ᠤᠨ ᠡᠷᠲᠡᠨ ᠤ ᠨᠢᠭᠡᠴᠢᠯᠡᠭᠰᠡᠨ ᠵᠣᠬᠢᠶᠠᠮᠠᠯ ᠦᠶ᠎ᠡ ᠭᠡᠰᠢᠭᠦᠦ ᠶᠢ ᠰᠤᠳᠤᠯᠤᠭᠰᠠᠨ ᠪᠠ ᠡᠮᠴᠢᠯᠡᠭᠡᠨ ᠳᠤ ᠬᠡᠷᠡᠭᠯᠡᠭᠳᠡᠵᠡᠢ᠃ ᠣᠳᠣᠬᠢ ᠱᠠᠲᠤᠨ ᠤ 3D ᠳᠠᠷᠤᠮᠠᠯᠯᠠᠬᠤ ᠮᠡᠷᠭᠡᠵᠢᠯ ᠳᠤ ᠡᠪᠡᠳᠴᠢᠲᠡᠨ ᠤ ᠬᠤᠯᠪᠣᠭᠳᠠᠯ ᠪᠦᠬᠦᠢ ᠬᠡᠰᠡᠭ ᠤᠨ ᠵᠠᠭᠪᠤᠷ ᠢ 3D ᠮᠡᠷᠭᠡᠵᠢᠯ ᠢᠶᠠᠷ ᠳᠠᠷᠤᠮᠠᠯᠯᠠᠬᠤ᠂ ᠮᠡᠰᠡ ᠵᠠᠰᠠᠯ ᠬᠢᠬᠦ ᠭᠤᠯᠭᠤᠭᠤᠷ ᠬᠠᠪᠲᠠᠰᠤ ᠶᠢ 3D ᠮᠡᠷᠭᠡᠵᠢᠯ ᠢᠶᠠᠷ ᠳᠠᠷᠤᠮᠠᠯᠯᠠᠬᠤ᠂ ᠲᠡᠮᠦᠷᠯᠢᠭ ᠢ 3D ᠳᠠᠷᠤᠮᠠᠯᠯᠠᠬᠤ ᠮᠡᠷᠭᠡᠵᠢᠯ ᠵᠡᠷᠭᠡ ᠪᠠᠭᠲᠠᠵᠤ ᠪᠤᠢ᠂ ᠲᠡᠭᠦᠨ ᠤ ᠳᠠᠪᠠᠭᠤᠯᠢᠭ ᠨᠢ ᠡᠮᠴᠢᠯᠡᠭᠡᠨ ᠤ ᠬᠡᠷᠡᠭᠴᠡᠭᠡ ᠶᠢ ᠣᠨᠣᠪᠴᠢᠲᠠᠶ ᠬᠠᠩᠭᠠᠵᠤ ᠴᠢᠳᠠᠬᠤ ᠳᠤ ᠪᠤᠢ᠃ ᠡᠨᠡ ᠤᠳᠠᠭ᠎ᠠ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ 3D ᠳᠠᠷᠤᠮᠠᠯᠯᠠᠬᠤ ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠤᠳᠤᠯᠭᠠᠨ ᠤ ᠲᠥᠪ ᠥᠪᠥᠷ ᠮᠣᠩᠭᠤᠯ ᠳᠤ  ᠨᠤᠲᠤᠭᠰᠢᠭᠰᠠᠨ ᠶᠠᠪᠤᠳᠠᠯ ᠎ ᠨᠢ ᠮᠠᠨ ᠤ ᠣᠷᠣᠨ ᠤ ᠲᠣᠭᠠᠴᠢᠯᠠᠭᠰᠠᠨ ᠵᠣᠬᠢᠶᠠᠮᠠᠯ ᠦᠶ᠎ᠡ ᠭᠡᠰᠢᠭᠦᠦ ᠶᠢᠨ ᠬᠦᠷᠢᠶᠡᠨ ᠳᠤ ᠴᠢᠬᠤᠯᠠ ᠨᠢᠭᠡ ᠠᠯᠬᠤᠮ ᠢ ᠠᠯᠬᠤᠭᠤᠯᠵᠤ᠂ ᠭᠠᠵᠠᠷ ᠣᠷᠣᠨ ᠤ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ᠡᠮᠴᠢᠯᠡᠭᠡᠨ ᠤ ᠣᠨᠣᠰᠢᠯᠠᠨ ᠡᠮᠨᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠣᠷᠣᠨ ᠤ ᠡᠮ ᠡᠮᠨᠡᠯᠭᠡ ᠶᠢᠨ ᠮᠡᠷᠭᠡᠵᠢᠯ ᠤᠨ ᠬᠥᠭᠵᠢᠯᠲᠡ ᠶᠢ ᠳᠠᠶᠢᠴᠢᠯᠠᠨ᠂ ᠠᠷᠠᠳ ᠲᠦᠮᠡᠨ ᠤ ᠤᠯᠠᠨ ᠳᠡᠰ ᠳᠠᠪᠬᠤᠷᠭ᠎ᠠ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠬᠤ ᠳᠤ ᠬᠤᠪᠢ ᠨᠡᠮᠡᠷᠢ ᠦᠵᠡᠭᠦᠯᠵᠦ᠂ ᠪᠠᠰᠠ ᠥᠪᠥᠷ ᠮᠣᠩᠭᠤᠯ ᠤᠨ ᠠᠷᠠᠳ ᠤᠯᠠᠨ ᠳᠤ ᠨᠡᠩ ᠰᠠᠶᠢᠨ ᠪᠤᠶᠠᠨ ᠦᠢᠯᠡᠳᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号