9 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠬᠢᠩᠭᠠᠨ | ᠠᠶᠢᠮᠠᠭ ᠤᠨ ᠷᠠᠰᠢᠶᠠᠨ ᠬᠤᠳᠠ ᠳᠤ ᠷᠠᠰᠢᠶᠠᠨ ᠤ ᠶᠠᠷᠢᠶᠠᠨ ᠤ ᠲᠠᠪᠴᠠᠩ ᠳᠤ ᠤᠷᠤᠯᠴᠠᠬᠤ ᠪᠠᠷ ᠢᠷᠡᠭᠰᠡᠨ ᠲᠤᠮᠳᠠᠳᠤ | ᠤᠯᠤᠰ ᠲᠤ ᠰᠠᠭᠤᠭ᠎ᠠ ᠴᠠᠭᠠᠨ ᠣᠷᠣᠰ ᠤᠨ ᠡᠯᠴᠢᠨ ᠰᠠᠶᠢᠳ ᠷᠦᠳ᠋ · ᠺᠢᠷᠢᠯ ᠨᠠᠷ ᠲᠠᠢ ᠠᠭᠤᠯᠵᠠᠪᠠ᠃ | ᠪᠦ᠋ ᠰᠢᠶᠤᠤ ᠯᠢᠨ ᠷᠦᠳ᠋ · ᠺᠢᠷᠢᠯ ᠨᠠᠷ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ | ᠠᠶᠢᠯᠴᠢᠯᠠᠵᠦ᠂ ᠷᠠᠰᠢᠶᠠᠨ ᠤ ᠶᠠᠷᠢᠶᠠᠨ ᠤ ᠲᠠᠪᠴᠠᠩ ᠳᠤ ᠤᠷᠤᠯᠴᠠᠬᠤ ᠶᠢ ᠤᠬᠳᠤᠵᠤ ᠪᠠᠶᠢᠬᠤ ᠪᠠᠨ ᠢᠯᠡᠳᠭᠡᠪᠡ᠃ | ᠲᠡᠷᠡ᠂ ᠴᠠᠭᠠᠨ ᠣᠷᠣᠰ ᠪᠤᠯ ︽ᠨᠢᠭᠡ ᠪᠦᠰᠡ ᠨᠢᠭᠡ ᠵᠠᠮ︾ ᠲᠠᠭᠠᠤ ᠶᠢᠨ ᠴᠢᠬᠤᠯᠠ ᠤᠯᠤᠰ᠂ ᠦᠪᠦᠷ ᠮᠤᠩᠭᠤᠯ | ᠪᠤᠯ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠳᠠᠬᠢ ᠴᠢᠬᠤᠯᠠ ᠬᠤᠯᠪᠤᠭᠠᠰᠦ ᠮᠦᠨ᠂ ᠬᠤᠶᠠᠷ | ᠲᠠᠯ᠎ᠠ ᠪᠠᠷ ᠢᠶᠠᠨ ᠮᠠᠰᠢ ᠤᠯᠠᠨ ᠠᠳᠠᠯᠢᠪᠳᠤᠷ ᠲᠠᠯ᠎ᠠ ᠲᠠᠢ ᠪᠦᠭᠡᠳ ᠪᠠᠰᠠ ᠮᠠᠰᠢ ᠤᠯᠠᠨ ᠠᠳᠠᠯᠢ ᠪᠤᠰᠤ ᠲᠠᠯ᠎ᠠ ᠲᠠᠢ | ᠪᠠᠶᠢᠵᠤ᠂ ᠨᠡᠩ ᠦᠷᠭᠡᠨ ᠬᠦᠷᠢᠶ᠎ᠠ᠂ ᠨᠡᠩ ᠬᠦᠨ ᠲᠠᠪᠬᠤᠷᠭ᠎ᠠ ᠶᠢᠨ ᠬᠠᠮᠳᠤᠷᠠᠯᠴᠠᠭ᠎ᠠ ᠦᠷᠨᠢᠭᠦᠯᠭᠦ ᠨᠦᠬᠦᠴᠡᠯ ᠪᠦᠷᠢᠨ | ᠪᠠᠶᠢᠨ᠎ᠠ᠃ ᠪᠢᠳᠡ ᠳᠤᠷᠠᠲᠠᠶ᠎ᠠ ᠪᠧᠯᠦᠷᠥ᠋ᠰ ᠯᠤᠭ᠎ᠠ ᠬᠠᠮᠢᠶ᠎ᠠ ᠪᠦᠬᠦᠢ ᠬᠦᠷᠢᠶᠡᠨ ᠳᠠᠬᠢ ᠰᠤᠯᠢᠯᠴᠠᠭ᠎ᠠ | ᠬᠠᠮᠳᠤᠷᠠᠯᠴᠠᠭ᠎ᠠ ᠪᠠᠨ ᠴᠢᠨᠠᠬᠰᠢᠳᠠ ᠴᠢᠩᠭᠠᠳᠬᠠᠬᠤ ᠮᠦᠷᠳᠡᠭᠡᠨ ᠪᠠᠰᠠ ᠴᠠᠭᠠᠨ ᠣᠷᠣᠰ ᠤᠨ ᠡᠯ᠎ᠠ ᠲᠠᠯ᠎ᠠ ᠶᠢᠨ | ᠬᠦᠮᠦᠰ ᠤᠨ ᠦᠪᠦᠷ ᠮᠤᠩᠭᠤᠯ ᠳᠤ ᠠᠶᠢᠯᠴᠢᠯᠠᠨ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠤᠬᠳᠤᠵᠤ | ᠪᠠᠶᠢᠨ᠎ᠠ ᠬᠡᠪᠡ᠃ | ᠷᠦᠳ᠋ · ᠺᠢᠷᠢᠯ᠂ ᠠᠩᠬ᠎ᠠ ᠤᠳᠠᠭ᠎ᠠ ᠶᠢᠨ ᠦᠪᠦᠷ ᠮᠤᠩᠭᠤᠯ ᠳᠠᠬᠢ ᠠᠶᠠᠯᠠᠯ ᠨᠠᠳᠠ ᠳᠤ ᠮᠠᠰᠢ ᠰᠠᠶᠢᠨ | ᠲᠦᠷᠦᠭᠳᠡᠯ ᠦᠯᠡᠳᠡᠭᠡᠵᠠᠢ᠃ ᠴᠠᠭᠠᠨ ᠣᠷᠣᠰ ᠬᠢᠭᠡᠳ ᠲᠤᠮᠳᠠᠳᠤ ᠤᠯᠤᠰ ᠪᠤᠯ ᠮᠠᠰᠢ ᠨᠢᠬᠳᠠ ᠬᠠᠷᠢᠯᠴᠠᠭ᠎ᠠ ᠲᠠᠢ | ᠬᠠᠨᠢᠳᠠᠨ ᠪᠠᠶᠢᠵᠤ᠂ ᠦᠪᠦᠷ ᠮᠤᠩᠭᠤᠯ ᠯᠤᠭ᠎ᠠ ᠵᠠᠷᠢᠮ ᠬᠦᠷᠢᠶᠡᠨ ᠳᠤ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ | ᠦᠷᠨᠢᠭᠦᠯᠵᠦ ᠪᠤᠢ᠂ ᠬᠤᠶᠢᠰᠢᠳᠠ ᠦᠪᠦᠷ ᠮᠤᠩᠭᠤᠯ ᠲᠠᠢ ᠬᠤᠳᠠᠯᠳᠤᠭ᠎ᠠ᠂ ᠲᠠᠷᠢᠶᠠᠯᠠᠩ᠂ ᠮᠠᠰᠢᠨ ᠮᠧᠬᠠᠨᠢᠭ | ᠦᠢᠯᠡᠳᠭᠦ᠂ ᠰᠤᠷᠭᠠᠨ ᠬᠦᠮᠦᠵᠢᠯ ᠵᠡᠷᠭᠡ ᠬᠦᠷᠢᠶᠡᠨ ᠳᠠᠬᠢ ᠰᠤᠯᠢᠯᠴᠠᠭ᠎ᠠ ᠬᠢᠭᠡᠳ ᠬᠠᠮᠳᠤᠷᠠᠯᠴᠠᠭ᠎ᠠ ᠪᠠᠨ ᠴᠢᠨᠠᠬᠰᠢᠳᠠ | ᠬᠦᠨᠵᠡᠭᠡᠶᠢᠷᠡᠭᠦᠯᠵᠤ᠂ ᠤᠷᠤᠨ ᠨᠤᠳᠤᠭ ᠤᠨ ᠬᠤᠭᠤᠷᠤᠨᠳᠤᠬᠢ᠂ ᠬᠤᠳᠠ ᠶᠢᠨ ᠬᠤᠭᠤᠷᠤᠨᠳᠤᠬᠢ ᠨᠦᠬᠦᠷᠰᠡᠭ | ᠶᠠᠪᠤᠯᠴᠠᠭ᠎ᠠ ᠪᠠᠨ ᠴᠢᠩᠭᠠᠳᠬᠠᠬᠤ ᠶᠢ ᠬᠦᠰᠡᠵᠤ ᠪᠠᠶᠢᠨ᠎ᠠ ᠬᠡᠵᠡᠢ᠃ | ᠪᠦ᠋ ᠰᠢᠶᠤᠤ ᠯᠢᠨ ᠪᠠᠰᠠ ᠷᠠᠰᠢᠶᠠᠨ ᠤ ᠶᠠᠷᠢᠶᠠᠨ ᠤ ᠲᠠᠪᠴᠠᠩ ᠳᠤ ᠤᠷᠤᠯᠴᠠᠬᠰᠠᠨ ᠲᠤᠮᠳᠠᠳᠤ ᠤᠯᠤᠰ ᠲᠤ | ᠰᠠᠭᠤᠭ᠎ᠠ ᠪᠤᠰᠤᠳ ᠡᠯᠴᠢᠳ ᠲᠠᠢ ᠬᠦᠨᠳᠦᠳᠬᠡᠯ ᠤᠨ ᠠᠭᠤᠯᠵᠠᠯᠳᠠ ᠬᠢᠵᠠᠢ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠯᠢ ᠪᠢᠩ ᠷᠦᠩ | ᠠᠭᠤᠯᠵᠠᠯᠳᠠ ᠳᠤ ᠤᠷᠤᠯᠴᠠᠪᠠ᠃ |