9 ᠳ᠋ᠦ᠋ᠭᠡᠷ ᠰᠠᠷ᠎ᠠ ᠶᠢᠨ 13 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ | ᠠᠯᠪᠠᠨ ᠭᠡᠷ ᠠᠴᠠ ᠭᠤᠤᠯᠯᠠᠨ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠬᠦ ᠠᠯᠪᠠᠨ | ᠭᠡᠷ ᠠᠴᠠ ᠳᠠᠭᠠᠭᠠᠴᠢᠯᠠᠨ ᠡᠷᠬᠢᠯᠡᠭᠰᠡᠨ 2018 ᠤᠨ ᠤ ᠪᠦᠬᠦ ᠤᠯᠤᠰ ᠤᠨ ᠶᠠᠳᠠᠭᠤ ᠶᠢ ᠲᠡᠳᠭᠦᠭᠦ ᠡᠲᠡᠭᠡᠳ ᠤᠨ | ᠬᠦᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠪᠤᠯᠪᠠᠰᠤᠷᠠᠯ ᠤᠨ ᠠᠩᠭᠢ ᠬᠦᠬᠡᠬᠤᠲᠠ ᠳᠤ ᠬᠢᠴᠢᠶᠡᠯ ᠡᠬᠢᠯᠡᠪᠡ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ ᠠᠯᠪᠠᠨ ᠭᠡᠷ ᠤᠨ ᠬᠤᠯᠪᠤᠬᠳᠠᠯ ᠪᠦᠬᠦᠢ | ᠤᠳᠤᠷᠢᠳᠤᠯᠭ᠎ᠠ ᠬᠢᠴᠢᠶᠡᠯ ᠡᠬᠢᠯᠡᠬᠦ ᠶᠤᠰᠤᠯᠠᠯ ᠢ ᠡᠷᠬᠢᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ | ᠰᠢᠤᠸᠠᠢ ᠵᠢᠶᠦ᠋ᠨ ᠠᠩᠭᠢ ᠡᠷᠬᠢᠯᠡᠬᠦ ᠶᠤᠰᠤᠯᠠᠯ ᠳᠤ ᠤᠷᠤᠯᠴᠠᠵᠤ ᠪᠠᠶᠠᠷ ᠤᠨ ᠦᠭᠡ ᠬᠡᠯᠡᠪᠡ᠃ ᠬᠤᠷᠠᠯ ᠠᠴᠠ | 2018 ᠤᠨ ᠤ ᠶᠠᠳᠠᠭᠤ ᠶᠢ ᠲᠡᠳᠭᠦᠭᠦ ᠡᠲᠡᠭᠡᠳ ᠤᠨ ᠬᠦᠳᠡᠯᠦᠩᠭᠦᠢ ᠬᠠᠮᠢᠶᠠᠷᠤᠯᠲᠠ ᠶᠢᠨ ᠠᠵᠢᠯ ᠤᠨ ᠲᠦᠰᠦᠯ | ᠵᠢᠴᠢ ᠭᠦᠢᠴᠡᠳᠭᠡᠯ ᠲᠤᠭ᠎ᠠ ᠶᠢᠨ ᠰᠢᠰᠲ᠋ᠧᠮ ᠤᠨ ᠲᠤᠬᠢᠷᠠᠭᠤᠯᠤᠯᠲᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ | ᠶᠠᠳᠠᠭᠤ ᠶᠢ ᠲᠡᠳᠭᠦᠭᠦ ᠡᠲᠡᠭᠡᠳ ᠤᠨ ᠬᠦᠳᠡᠯᠦᠩᠭᠦᠢ ᠬᠠᠮᠢᠶᠠᠷᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠵᠤ | ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠭᠦᠭᠦ | ᠠᠯᠪᠠᠨ ᠭᠡᠷ᠂ ᠪᠦᠬᠦ ᠤᠯᠤᠰ ᠤᠨ 28 ᠮᠤᠵᠢ ᠬᠤᠲᠠ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠭᠦᠭᠦ | ᠠᠯᠪᠠᠨ ᠭᠡᠷ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠶᠠᠳᠠᠭᠤ ᠶᠢ | ᠲᠡᠳᠭᠦᠭᠦ ᠠᠯᠪᠠᠨ ᠭᠡᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠤᠬᠳᠠᠯ ᠪᠦᠬᠦᠢ ᠬᠦᠮᠦᠰ ᠬᠤᠷᠠᠯ | ᠳᠤ ᠤᠷᠤᠯᠴᠠᠪᠠ᠃ |