ᠥᠪᠥᠷ ᠮᠣᠩᠭᠤᠯ ᠳᠤ ᠶᠡᠭᠡ ᠰᠠᠯᠬᠢ ᠰᠠᠯᠬᠢᠯᠠᠵᠤ ᠬᠦᠢᠲᠡᠷᠡᠨ᠎ᠡ    ᠶᠡᠬᠡᠩᠬᠢ ᠭᠠᠵᠠᠷ ᠲᠤ ᠳᠤᠯᠠᠭᠠᠨ ᠤ ᠬᠡᠮᠵᠢᠶ᠎ᠡ 6 — 10 ℃ ᠳᠣᠷᠣᠭᠰᠢᠯᠠᠵᠤ ᠶᠡᠭᠡ ᠬᠡᠪᠴᠢᠶ᠎ᠡ ᠪᠠᠷ ᠬᠦᠢᠲᠡᠨ ᠬᠢᠷᠠᠭᠤ ᠤᠨᠠᠬᠤ ᠪᠣᠯᠤᠨ᠎ᠠ
ᠨᠡᠶᠢᠲᠡᠯᠡᠭᠰᠡᠨ ᠴᠠᠭ᠄
2018/9/19
     ᠥᠨᠳᠥᠷ ᠣᠭᠲᠠᠷᠭᠤᠶ ᠶᠢᠨ ᠬᠦᠢᠲᠡᠨ ᠤᠶᠢᠯ ᠤᠨ ᠨᠥᠯᠥᠭᠡ ᠪᠠᠷ᠂ ᠥᠨᠥᠳᠥᠷ ︵9 ᠳ᠋ᠦ᠋ᠭᠡᠷ ᠰᠠᠷ᠎ᠠ ᠶᠢᠨ 19᠎ ᠤ ᠡᠳᠦᠷ︶᠎ ᠠᠴᠠ ᠡᠬᠢᠯᠡᠨ ᠭᠤᠷᠪᠠᠨ ᠡᠳᠦᠷ᠂ ᠥᠪᠥᠷ ᠮᠣᠩᠭᠤᠯ ᠳᠤ ᠶᠡᠭᠡ ᠰᠠᠯᠬᠢ ᠰᠠᠯᠬᠢᠯᠠᠵᠤ ᠬᠦᠢᠲᠡᠷᠡᠨ᠎ᠡ᠂ ᠡᠭᠦᠨ ᠳᠤ᠂ ᠳᠤᠮᠳᠠ ᠵᠡᠭᠦᠨ ᠪᠡᠶ᠎ᠡ ᠶᠢᠨ ᠭᠠᠵᠠᠷ ᠣᠷᠣᠨ ᠳᠤ ᠪᠣᠷᠤᠭ᠎ᠠ ᠣᠷᠣᠵᠤ᠂ ᠵᠡᠭᠦᠨ ᠬᠤᠶᠢᠲᠤ ᠶᠢᠨ ᠭᠠᠵᠠᠷ ᠣᠷᠣᠨ ᠳᠤ ᠴᠠᠰᠤ ᠪᠤᠶᠤ ᠴᠠᠰᠤ ᠪᠣᠷᠣᠭᠠᠨ ᠬᠤᠯᠢᠯᠳᠤᠨ ᠣᠷᠣᠵᠤ᠂ ᠪᠠᠷᠠᠭᠤᠨ ᠪᠡᠶ᠎ᠡ ᠶᠢᠨ ᠵᠡᠭᠦᠨ ᠬᠡᠰᠡᠭ᠂ ᠳᠤᠮᠳᠠ ᠬᠡᠰᠡᠭ ᠪᠣᠯᠤᠨ ᠵᠡᠭᠦᠨ ᠬᠡᠰᠡᠭ ᠤᠨ ᠬᠤᠶᠢᠭᠤᠷᠬᠢ ᠭᠠᠵᠠᠷ ᠲᠤ ᠬᠢᠷᠠᠭᠤ ᠤᠨᠠᠬᠤ ᠪᠣᠯᠤᠨ᠎ᠠ᠃ ᠪᠥᠬᠦ ᠣᠷᠣᠨ ᠤ ᠶᠡᠬᠡᠩᠬᠢ ᠭᠠᠵᠠᠷ ᠲᠤ 6 ᠲᠡᠰ ᠠᠴᠠ ᠳᠡᠭᠡᠭᠰᠢ ᠶᠡᠭᠡ ᠰᠠᠯᠬᠢᠨ ᠰᠠᠯᠬᠢᠯᠠᠵᠤ᠂ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ 6 — 10 ℃ ᠳᠣᠷᠣᠭᠰᠢᠯᠠᠵᠤ᠂ ᠶᠡᠭᠡ ᠬᠡᠪᠴᠢᠶ᠎ᠡ ᠪᠠᠷ ᠬᠦᠢᠲᠡᠨ ᠬᠢᠷᠠᠭᠤ ᠤᠨᠠᠬᠤ ᠪᠣᠯᠤᠨ᠎ᠠ᠃      ᠥᠪᠥᠷ ᠮᠣᠩᠭᠤᠯ ᠤᠨ ᠴᠠᠭ ᠠᠭᠤᠷ ᠤᠨ ᠥᠷᠲᠡᠭᠡ ᠶᠢᠨ ᠵᠢᠱᠢᠯᠲᠡ ᠪᠠᠷ᠂ 9 ᠳ᠋ᠦ᠋ᠭᠡᠷ ᠰᠠᠷ᠎ᠠ ᠶᠢᠨ 20᠎ ᠤ ᠡᠳᠦᠷ ᠤᠨ 08 ᠴᠠᠭ ᠠᠴᠠ 22᠎ ᠤᠨ ᠡᠳᠦᠷ ᠤᠨ 20 ᠴᠠᠭ ᠪᠣᠯᠲᠠᠯ᠎ᠠ᠂ ᠳᠤᠮᠳᠠ ᠪᠡᠶ᠎ᠡ ᠶᠢᠨ ᠵᠡᠭᠦᠨ ᠬᠡᠰᠡᠭ ᠪᠠ ᠵᠡᠭᠦᠨ ᠪᠡᠶ᠎ᠡ ᠶᠢᠨ ᠭᠠᠵᠠᠷ ᠣᠷᠣᠨ ᠳᠤ ᠪᠠᠭ᠎ᠠ ᠪᠣᠷᠣᠭᠠᠨ ᠣᠷᠣᠵᠤ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠳᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠪᠠ ᠵᠡᠭᠦᠨ ᠬᠡᠰᠡᠭ ᠤᠨ ᠭᠠᠵᠠᠷ ᠣᠷᠣᠨ ᠳᠤ ᠶᠡᠭᠡ ᠪᠣᠷᠣᠭᠠᠨ ᠣᠷᠣᠬᠤ ᠶᠢᠨ ᠳᠠᠭᠠᠤ ᠵᠠᠷᠢᠮ ᠭᠠᠵᠠᠷ ᠲᠤ ᠨᠢ ᠰᠢᠷᠦᠭᠦᠨ ᠪᠣᠷᠣᠭᠠᠨ᠂ ᠠᠭᠠᠳᠠᠷ ᠪᠣᠷᠣᠭᠠᠨ᠂ ᠠᠶᠤᠩᠭᠠᠲᠤ ᠳᠣᠭᠰᠢᠨ ᠰᠠᠯᠬᠢ᠂ ᠮᠥᠨᠳᠥᠷ ᠵᠡᠷᠭᠡ ᠰᠣᠯᠢᠭ ᠤᠷᠤᠰᠬᠠᠯᠲᠤ ᠠᠭᠤᠷ ᠠᠮᠢᠰᠬᠤᠯ ᠲᠣᠬᠢᠶᠠᠯᠳᠤᠨ᠎ᠠ᠃ ᠡᠭᠦᠨ ᠤ ᠬᠠᠮᠲᠤ᠂ 9 ᠳ᠋ᠦ᠋ᠭᠡᠷ ᠰᠠᠷ᠎ᠠ ᠶᠢᠨ 19᠎ ᠤ ᠡᠳᠦᠷ ᠤᠨ 08 ᠴᠠᠭ ᠠᠴᠠ 23᠎ ᠤ ᠡᠳᠦᠷ ᠤᠨ 08 ᠴᠠᠭ ᠪᠣᠯᠲᠠᠯ᠎ᠠ᠂ ᠪᠥᠬᠦ ᠣᠷᠣᠨ ᠤ ᠶᠡᠬᠡᠩᠬᠢ ᠭᠠᠵᠠᠷ ᠎ ᠲᠤ ᠪᠠᠷᠠᠭᠤᠨ ᠡᠮᠦᠨ᠎ᠡ ᠠᠴᠠ 4᠂ 5 ᠳᠡᠰ ᠤᠨ ᠰᠠᠯᠬᠢᠯᠠᠵᠤ ᠪᠠᠶᠢᠭᠰᠠᠨ ᠠᠴᠠ ᠪᠠᠷᠠᠭᠤᠨ ᠬᠤᠶᠢᠨ᠎ᠠ ᠠᠴᠠ ᠰᠠᠯᠬᠢᠯᠠᠨ᠎ᠠ᠂ ᠬᠡᠰᠡᠭ ᠭᠠᠵᠠᠷ ᠣᠷᠣᠨ ᠳᠤ 6᠂ 7 ᠲᠠᠰ ᠤᠨ ᠰᠠᠯᠬᠢ ᠰᠠᠯᠬᠢᠯᠠᠵᠤ᠂ ᠵᠠᠷᠢᠮ ᠭᠠᠵᠠᠷ ᠣᠷᠣᠨ ᠳᠤ ᠡᠯᠡᠰᠦ ᠲᠣᠭᠤᠰᠣ ᠳᠡᠭᠳᠡᠨ᠎ᠡ᠃ ᠶᠡᠭᠡ ᠰᠠᠯᠬᠢᠨ ᠤ ᠳᠠᠷᠠᠭ᠎ᠠ᠂ ᠪᠥᠬᠦ ᠣᠷᠣᠨ ᠤ ᠶᠡᠬᠡᠩᠬᠢ ᠭᠠᠵᠠᠷ ᠣᠷᠣᠨ ᠤ ᠠᠭᠠᠷ ᠤᠨ ᠳᠤᠯᠠᠭᠠᠨ 6 ℃ ᠣᠷᠴᠢᠮ ᠳᠣᠷᠣᠭᠰᠢᠯᠠᠵᠤ᠂ ᠳᠤᠮᠳᠠ ᠪᠡᠶ᠎ᠡ ᠶᠢᠨ ᠬᠤᠶᠢᠭᠤᠷᠬᠢ ᠪᠠ ᠵᠡᠭᠦᠨ ᠬᠡᠰᠡᠭ᠂ ᠵᠡᠭᠦᠨ ᠪᠡᠶ᠎ᠡ ᠶᠢᠨ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ 8 — 10 ℃ ᠳᠣᠷᠣᠭᠰᠢᠯᠠᠨ᠎ᠠ᠃ ᠪᠠᠷᠠᠭᠤᠨ ᠪᠡᠶ᠎ᠡ ᠶᠢᠨ ᠵᠡᠭᠦᠨ ᠬᠡᠰᠡᠭ᠂ ᠳᠤᠮᠳᠠ ᠪᠡᠶ᠎ᠡ ᠪᠠ ᠵᠡᠭᠦᠨ ᠪᠡᠶ᠎ᠡ ᠶᠢᠨ ᠬᠤᠶᠢᠭᠤᠷᠬᠢ ᠭᠠᠵᠠᠷ ᠣᠷᠣᠨ ᠳᠤ ᠬᠢᠷᠠᠭᠤ ᠪᠤᠶᠤ ᠬᠦᠢᠲᠡᠨ ᠬᠢᠷᠠᠭᠤ ᠤᠨᠠᠨ᠎ᠠ᠃      ᠴᠠᠭ ᠠᠭᠤᠷ ᠤᠨ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠢᠶᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠨᠦᠭᠦᠳ ᠡᠨᠡ ᠤᠳᠠᠭᠠᠨ ᠤ ᠶᠡᠭᠡ ᠰᠠᠯᠬᠢ ᠬᠦᠢᠲᠡᠨ ᠠᠭᠤᠷ ᠠᠮᠢᠰᠬᠤᠯ ᠳᠤ ᠭᠤᠣᠯᠴᠢᠯᠠᠨ ᠬᠠᠨᠳᠤᠭᠤᠯᠵᠤ᠂ ᠰᠠᠯᠬᠢ ᠬᠠᠯᠬᠠᠯᠠᠬᠤ ᠪᠡᠯᠡᠳᠬᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠡᠷ ᠤᠨ ᠭᠠᠳᠠᠨᠠᠬᠢ ᠠᠵᠢᠯ ᠢ ᠲᠦᠷ ᠴᠠᠭ ᠵᠣᠭᠰᠤᠭᠠᠬᠤ ᠬᠡᠷᠡᠭᠲᠡᠢ︔ ᠲᠠᠷᠢᠶᠠᠯᠠᠬᠤ ᠣᠷᠣᠨ ᠲᠠᠷᠢᠶᠠᠯᠠᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠰᠠᠶᠢᠲᠤᠷ ᠠᠳᠬᠤᠵᠤ᠂ ᠮᠠᠯᠵᠢᠬᠤ ᠣᠷᠣᠨ ᠮᠠᠯᠵᠢᠯ ᠤᠨ ᠶᠠᠪᠤᠳᠠᠯ ᠢᠶᠠᠨ ᠵᠦᠢ ᠵᠣᠬᠢᠰᠲᠠᠶ ᠲᠣᠬᠢᠷᠠᠭᠤᠯᠵᠤ᠂ ᠫᠧᠩ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ︔ ᠪᠣᠷᠣᠭᠠᠨ ᠴᠠᠰᠤ ᠬᠤᠯᠢᠯᠳᠤᠨ ᠣᠷᠣᠬᠤ ᠨᠢ ᠵᠠᠮ ᠬᠠᠷᠢᠯᠴᠠᠭ᠎ᠠ ᠳᠤ ᠠᠰᠢᠭ ᠤᠢᠭᠡᠢ ᠨᠥᠯᠥᠭᠡ ᠦᠵᠡᠭᠦᠯᠬᠦ ᠲᠤᠯᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠤᠷ ᠵᠠᠮ᠂ ᠵᠠᠰᠠᠮᠠᠯ ᠵᠠᠮ ᠵᠡᠷᠭᠡ ᠰᠠᠯᠠᠭ᠎ᠠ ᠮᠥᠴᠢᠷ ᠤᠳ ᠴᠠᠭ ᠲᠤᠬᠠᠶ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠪᠣᠷᠣᠭᠠᠨ ᠴᠠᠰᠤ ᠣᠷᠣᠬᠤ ᠠᠭᠤᠷ ᠠᠮᠢᠰᠬᠤᠯ ᠢ ᠨᠢᠭᠲᠠ ᠠᠩᠬᠠᠷᠬᠤ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠬᠦᠢᠲᠡᠨ ᠢ ᠰᠡᠷᠭᠡᠶᠢᠯᠡᠬᠦ ᠳᠤᠯᠠᠭᠠᠯᠠᠭ᠎ᠠ ᠪᠠᠨ ᠰᠠᠶᠢᠲᠤᠷ ᠬᠢᠬᠦ ᠬᠡᠷᠡᠭᠲᠡᠢ᠃ ᠬᠦᠢᠲᠡᠨ ᠬᠢᠷᠠᠭᠤ ᠶᠢᠨ ᠣᠷᠣᠨ ᠪᠦᠰᠡ ᠶᠢᠨ ᠤᠯᠠᠨ ᠨᠡᠶᠢᠲᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠢᠲᠡᠨ ᠬᠢᠷᠠᠭᠤ ᠶᠢ ᠰᠡᠷᠭᠡᠶᠢᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠹᠢᠽᠢᠺ ᠤᠨ ᠠᠷᠭ᠎ᠠ ᠪᠠᠷ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠪᠠ ᠪᠤᠰᠤᠳ ᠬᠥᠳᠡᠭᠡ ᠠᠵᠤ ᠠᠬᠤᠶ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号