| ᠥᠪᠥᠷ ᠵᠠᠰᠠᠭ ᠠᠯᠪᠠᠨ ᠲᠠᠷᠬᠠᠭᠠᠭᠰᠠᠨ ﹇2018﹈ 25 ᠳ᠋ᠤᠭᠠᠷ ᠲᠤᠭᠠᠳᠤ | 4 ᠳ᠋ᠤᠭᠡᠷ ᠰᠠᠷ᠎ᠠ ᠶᠢᠨ 29 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ | ᠠᠭᠤᠰᠤᠯᠴᠠᠭᠤᠯᠬᠤ ᠠᠵᠢᠯᠯᠠᠭ᠎ᠠ ᠶᠢᠨ ᠲᠥᠯᠥᠪᠯᠡᠭᠡ ︵2018 — 2020 ᠣᠨ︶︾ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ | ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠠᠵᠢᠯᠯᠠᠭ᠎ᠠ ᠶᠢᠨ | ᠲᠥᠯᠥᠪᠯᠡᠭᠡ ︵2018 - 2020 ᠣᠨ︶ | | | ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠲᠤᠮᠤ ᠳ᠋ᠠᠶᠢᠲ᠋ᠠ ᠪᠠ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠤᠨ᠂ ᠲᠤᠰ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠵᠢᠱᠢᠶ᠎ᠡ ᠦᠵᠡᠭᠦᠯᠬᠦ ᠪᠠᠷ ᠬᠦᠲᠦᠯᠦᠨ ᠵᠢᠯᠣᠭᠤᠳᠤᠭᠤᠯᠵᠤ᠂ ᠡᠭᠦᠯᠡᠨ ᠪᠣᠳᠣᠯᠲᠠ ᠪᠠ | ᠳ᠋ᠠᠶᠢᠲ᠋ᠠ ᠶᠢ ᠤᠶᠠᠯᠳᠤᠭᠤᠯᠤᠨ᠂ ᠠᠵᠢᠯ ᠲᠦᠷᠦᠯ ᠢᠯᠭᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠦᠬᠦ | ᠲᠠᠯ᠎ᠠ ᠪᠠᠷ ᠦᠷᠨᠢᠭᠦᠯᠬᠦ︾ ᠵᠠᠷᠴᠢᠮ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠬᠦᠲᠦᠴᠢ ᠠᠵᠤ ᠠᠬᠤᠶᠢᠯᠠᠯ ᠢᠶᠠᠷ ᠭᠤᠣᠯ ᠪᠣᠯᠭᠠᠨ᠂ ᠢᠨᠲ᠋ᠧᠷ ᠰᠦᠯᠵᠢᠶ᠎ᠡ᠂ ᠲᠤᠮᠤ | ᠳ᠋ᠠᠶᠢᠲ᠋ᠠ᠂ ᠡᠭᠦᠯᠡᠨ ᠪᠣᠳᠣᠯᠳᠠ᠂ ᠪᠤᠳᠠᠰᠯᠢᠭ ᠬᠤᠯᠪᠣᠭᠠᠲᠤ ᠰᠦᠯᠵᠢᠶ᠎ᠡ᠂ ᠬᠢᠮᠡᠯ ᠤᠶᠦᠠ ᠵᠡᠷᠭᠡ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠲᠤᠯᠭᠠᠭᠤᠷᠢ ᠪᠣᠯᠭᠠᠵᠤ᠂ ᠰᠤᠳᠤᠯᠤᠨ ᠨᠡᠭᠡᠭᠡᠵᠦ ᠵᠢᠷᠤᠵᠤ | ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ ᠲᠤ ᠡᠵᠡᠩᠨᠡᠨ | ᠪᠣᠷᠣᠯᠠᠭᠤᠯᠬᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠡᠯ᠎ᠡ ᠵᠠᠩᠭᠢᠯᠠᠭ᠎ᠠ ᠳᠤ ᠲᠤᠮᠤ ᠳ᠋ᠠᠶᠢᠲ᠋ᠠ ᠪᠣᠯᠤᠨ | ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠦᠢᠯᠡᠳᠬᠦᠨ ᠤ ᠠᠮᠢ ᠨᠠᠰᠤᠨ ᠤ ᠪᠦᠬᠦ | ᠦᠶᠡᠯᠡᠯ ᠪᠠ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠠᠬᠢᠭᠤᠯᠵᠤ᠂ | ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠠᠯᠬᠤᠮ | ᠠᠯᠬᠤᠮ ᠢᠶᠠᠷ ᠪᠤᠢ ᠪᠣᠯᠭᠠᠬᠤ ᠬᠡᠷᠡᠭᠲᠡᠶ᠃ | ᠬᠤᠶᠠᠷ᠂ ᠭᠤᠣᠯ ᠬᠠᠷᠠᠯᠲᠠ | ᠠᠵᠤ ᠦᠢᠯᠡᠳᠪᠦᠷᠢ ᠶᠢᠨ ᠠᠵᠢᠯ ᠲᠥᠷᠥᠯ ᠳᠤ ᠨᠢᠭᠡ ᠪᠦᠯᠦᠭ ᠲᠤᠮᠤ ᠳ᠋ᠠᠶᠢᠲ᠋ᠠ ᠶᠢᠨ ᠦᠢᠯᠡᠳᠬᠦᠨ ᠢ | ᠰᠤᠳᠤᠯᠤᠨ ᠨᠡᠭᠡᠭᠡᠬᠦ ᠶᠢ ᠲᠦᠯᠬᠢᠨ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠦᠢᠯᠡᠳᠬᠦ | ᠲᠤᠬᠠᠶᠢᠯᠠᠭᠰᠠᠨ ᠠᠵᠢᠯ ᠤᠨ ᠴᠤᠪᠤᠷᠠᠯ ᠢ ᠪᠡᠶᠡᠯᠡᠭᠦᠯᠦᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ | ᠪᠣᠯᠤᠨ ᠦᠢᠯᠡᠳᠬᠦ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠬᠡᠳᠬᠡᠨ᠎ᠡ︔ ᠲᠠᠷᠢᠶᠠᠯᠠᠩ ᠮᠠᠯ ᠠᠵᠤ ᠠᠬᠤᠶ᠂ | ᠦᠢᠯᠡᠴᠢᠯᠡᠭᠡᠨ ᠤ ᠠᠵᠢᠯ ᠲᠥᠷᠥᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮᠵᠢ ᠶᠢᠨ ᠰᠢᠨ᠎ᠡ ᠶᠢ ᠡᠭᠦᠳᠬᠦ᠂ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠬᠤᠪᠢᠰᠤᠯᠲᠠ᠂ ᠬᠤᠳᠠᠯᠳᠤᠭᠠᠨ ᠤ ᠬᠡᠪ ᠵᠠᠭᠪᠤᠷ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠦᠷᠲᠡᠭ ᠤᠨ ᠬᠡᠯᠬᠢᠶ᠎ᠡ ᠶᠢᠨ ᠰᠢᠰᠲ᠋ᠧᠮᠵᠢ ᠶᠢᠨ ᠲᠠᠬᠢᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ︔ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ | ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠠᠮᠵᠢᠯᠴᠠᠨ ᠰᠢᠨ᠎ᠡ ᠶᠢ | ᠡᠭᠦᠳᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ 2020 ᠣᠨ | ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠲᠡᠯᠢᠭ ᠵᠢᠱᠢᠶ᠎ᠡ ᠦᠵᠡᠭᠦᠯᠬᠦ 100 ᠠᠴᠠ ᠳᠡᠭᠡᠭᠰᠢ | ᠲᠥᠷᠥᠯ ᠵᠦᠢᠯ ᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ᠂ | ᠠᠵᠤ ᠦᠢᠯᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠪ ᠪᠣᠯᠤᠨ ᠤᠯᠠᠨ ᠨᠡᠶᠢᠲᠡ ᠶᠢᠨ | ᠮᠡᠷᠭᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠨᠢᠭᠡ ᠪᠦᠯᠦᠭ ᠲᠤᠮᠤ ᠳ᠋ᠠᠶᠢᠲ᠋ᠠ ᠶᠢᠨ ᠬᠡᠷᠡᠭᠯᠡᠭᠡᠨ ᠢ ᠨᠡᠭᠡᠭᠡᠨ | ᠠᠰᠢᠭᠯᠠᠬᠤ ᠠᠵᠤ ᠠᠬᠤᠶᠢᠯᠠᠯ᠂ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠳᠤ ᠦᠢᠯᠡᠴᠢᠯᠡᠬᠦ ᠬᠤᠳᠠᠯᠳᠤᠭᠠᠴᠢᠨ᠂ | ᠲᠤᠮᠤ ᠳ᠋ᠠᠶᠢᠲ᠋ᠠ ᠶᠢᠨ ᠡᠵᠡᠩᠨᠡᠬᠦ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠭᠦᠯᠡᠨ ᠪᠣᠳᠣᠯᠲᠠ ᠶᠢᠨ ᠬᠡᠷᠡᠭᠯᠡᠭᠡᠨ ᠤ | ᠦᠢᠯᠡᠴᠢᠯᠡᠬᠦ ᠬᠤᠳᠠᠯᠳᠤᠭᠠᠴᠢᠳ ᠢ ᠬᠥᠮᠥᠵᠢᠭᠦᠯᠵᠦ᠂ ᠨᠢᠭᠡ ᠪᠦᠯᠦᠭ ᠠᠵᠤ ᠠᠬᠤᠶᠢᠯᠠᠯ ᠢ ᠡᠭᠦᠯᠡᠨ ᠪᠣᠳᠣᠯᠲᠠ ᠳᠤ | ᠣᠷᠣᠬᠤ ᠶᠢ ᠲᠦᠯᠬᠢᠨ ᠠᠬᠢᠭᠤᠯᠤᠨ᠎ᠠ︔ ᠨᠢᠭᠡ ᠪᠦᠯᠦᠭ ᠰᠢᠨ᠎ᠡ ᠶᠢ ᠡᠭᠦᠳᠬᠦ ᠬᠡᠷᠡᠭᠯᠡᠭᠡᠨ ᠢ ᠰᠢᠢᠳᠪᠦᠷᠢᠯᠡᠬᠦ | ᠲᠥᠰᠦᠯ ᠢ ᠪᠣᠢ ᠪᠣᠯᠭᠠᠵᠤ᠂ ᠨᠢᠭᠡ ᠪᠦᠯᠦᠭ ᠰᠢᠢᠳᠪᠦᠷᠢᠯᠡᠬᠦ ᠲᠥᠰᠦᠯ ᠤᠨ ᠦᠢᠯᠡᠴᠢᠯᠡᠬᠦ ᠬᠤᠳᠠᠯᠳᠤᠭᠠᠴᠢᠨ ᠢ | ᠬᠥᠮᠥᠵᠢᠭᠦᠯᠦᠨ᠎ᠡ︔ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ | ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠦᠨᠡᠯᠡᠨ ᠵᠢᠱᠢᠬᠦ ᠭᠦᠢᠴᠡᠳᠬᠡᠬᠦ ᠲᠣᠭᠠᠨ ᠤ ᠰᠢᠰᠲ᠋ᠧᠮᠵᠢ ᠪᠣᠯᠣᠨ | ᠦᠨᠡᠯᠡᠬᠦ ᠪᠠᠷᠢᠮᠵᠢᠶ᠎ᠠ ᠶᠢ ᠠᠩᠬ᠎ᠠ ᠠᠯᠬᠤᠮ ᠪᠠᠶᠢᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠲᠤᠮᠤ ᠳ᠋ᠠᠶᠢᠲ᠋ᠠ ᠶᠢ ᠲᠠᠷᠢᠶᠠᠯᠠᠩ ᠮᠠᠯ ᠠᠵᠤ ᠠᠬᠤᠶ ᠯᠤᠭ᠎ᠠ ᠭᠦᠨ ᠠᠭᠤᠰᠤᠯᠴᠠᠭᠤᠯᠬᠤ ᠶᠢ | ᠲᠦᠯᠬᠢᠨ ᠠᠬᠢᠭᠤᠯᠤᠨ᠎ᠠ᠃ ᠰᠦ᠂ ᠮᠢᠬ᠎ᠠ᠂ ᠢᠮᠠᠭᠠᠨ ᠨᠣᠯᠣᠣᠷ᠂ ᠲᠥᠮᠥᠰᠥ᠂ ᠢᠳᠡᠰᠢᠨ ᠨᠣᠭᠤᠭ᠎ᠠ᠂ ᠠᠮᠤ ᠳᠤᠰᠤ᠂ | ᠡᠪᠡᠰᠦ ᠪᠣᠷᠳᠤᠭ᠎ᠠ ᠶᠢᠨ ᠦᠢᠯᠡᠰ ᠵᠡᠷᠭᠡ ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ ᠭᠤᠣᠯᠳᠠᠯᠭ᠎ᠠ | ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠠᠮᠢᠶᠠᠷᠤᠯᠲᠠ᠂ ᠪᠦᠲᠦᠭᠡᠭᠳᠡᠬᠦᠨ ᠢ ᠮᠥᠷᠲᠡᠬᠦ ᠪᠠ | ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠳᠤ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠬᠦᠴᠦᠲᠡᠢ ᠲᠦᠯᠬᠢᠨ | ᠠᠬᠢᠭᠤᠯᠤᠨ᠎ᠠ᠃ ᠭᠠᠵᠠᠷ ᠳᠡᠭᠡᠷᠡᠬᠢ ᠠᠵᠢᠭᠯᠠᠯᠲᠠ᠂ ᠪᠠᠷᠠᠭᠠᠨ ᠤ ᠰᠦᠯᠵᠢᠶ᠎ᠡ᠂ ᠠᠯᠤᠰ ᠰᠡᠷᠡᠯ ᠪᠠ ᠭᠠᠵᠠᠷ ᠵᠦᠢ ᠶᠢᠨ | ᠮᠡᠳᠡᠭᠡ ᠵᠠᠩᠭᠢ ᠶᠢᠨ ᠮᠡᠷᠭᠡᠵᠢᠯ ᠵᠡᠷᠭᠡ ᠶᠢ ᠬᠡᠷᠡᠭᠯᠡᠨ᠂ ᠲᠠᠷᠢᠶᠠᠯᠠᠩ ᠤᠨ ᠪᠠᠶᠢᠳᠠᠯ᠂ ᠮᠠᠯ ᠲᠡᠵᠢᠭᠡᠪᠦᠷᠢ᠂ ᠤᠷᠭᠤᠮᠠᠯ ᠢ | ᠬᠠᠮᠠᠭᠠᠯᠠᠬᠤ᠂ ᠲᠠᠷᠢᠶᠠᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ᠂ ᠸᠠᠺᠼᠢᠨ᠂ ᠲᠠᠷᠢᠶᠠᠯᠠᠩ ᠤᠨ | ᠮᠠᠰᠢᠨ ᠢᠶᠠᠷ ᠠᠵᠢᠯᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠵᠡᠷᠭᠡ | ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠲᠣᠬᠠᠢ ᠶᠢᠨ ᠴᠠᠭ ᠲᠤᠨᠢ ᠬᠢᠨᠠᠨ ᠬᠡᠮᠵᠢᠬᠦ ᠪᠠ ᠵᠠᠳᠠᠯᠬᠤ ᠶᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢ ᠰᠣᠯᠢᠯᠴᠠᠨ ᠬᠠᠮᠲᠤ ᠪᠠᠷ | ᠡᠳ᠋ᠯᠡᠬᠦ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ ᠣᠷᠴᠢᠨ ᠲᠣᠭᠤᠷᠢᠨ᠂ | ᠪᠦᠲᠦᠭᠡᠭᠳᠡᠭᠦᠨ᠂ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠣᠨᠣᠪᠴᠢᠲᠠᠢ ᠬᠢᠨᠡᠨ ᠬᠡᠮᠵᠢᠯᠲᠡ ᠶᠢ ᠬᠡᠷᠡᠭᠵᠢᠭᠦᠯᠦᠨ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠮᠢᠶᠠᠷᠤᠯᠲᠠ᠂ ᠵᠢᠯᠣᠭᠤᠳᠤᠨ ᠲᠣᠬᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠣᠶᠣᠨᠴᠢᠯᠠᠯᠲᠠ ᠶᠢ | ᠲᠦᠯᠬᠢᠨ ᠠᠬᠢᠭᠤᠯᠤᠨ᠎ᠠ᠃ ᠶᠠᠰᠤ ᠴᠢᠨᠠᠷ ᠢ ᠮᠥᠷᠳᠡᠬᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ᠂ ᠰᠢᠯᠭᠠᠨ | ᠪᠠᠶᠢᠴᠠᠭᠠᠵᠤ ᠰᠢᠯᠭᠠᠨ ᠬᠡᠮᠵᠢᠬᠦ ᠵᠡᠷᠭᠡ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠲᠠᠷᠢᠶᠠᠯᠠᠩ | ᠮᠠᠯ ᠠᠵᠤ ᠠᠬᠤᠶ ᠶᠢᠨ ᠦᠢᠯᠡᠳᠪᠦᠷᠢᠯᠡᠬᠦ᠂ ᠬᠤᠳᠠᠯᠳᠤᠨ ᠠᠪᠬᠤ᠂ ᠨᠥᠭᠡᠴᠡᠯᠡᠬᠦ᠂ ᠲᠡᠭᠡᠭᠡᠪᠦᠷᠢᠯᠡᠬᠦ ᠵᠡᠷᠭᠡ | ᠵᠠᠩᠭᠢᠯᠠᠭ᠎ᠠ ᠶᠢᠨ ᠳ᠋ᠠᠶᠢᠲ᠋ᠠ ᠶᠢ ᠠᠰᠢᠭᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠥᠪᠰᠢᠨ ᠤ ᠪᠦᠬᠦ ᠶᠠᠪᠤᠴᠠ ᠶᠢᠨ ᠮᠥᠷᠳᠡᠯᠭᠡ ᠶᠢ ᠴᠢᠩᠭᠠᠳᠬᠠᠨ᠂ ᠮᠥᠷᠲᠡᠭᠰᠡᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ᠂ ᠢᠷᠡᠯᠲᠡ ᠶᠢ ᠨᠢ ᠮᠥᠷᠳᠡᠵᠦ ᠪᠣᠯᠬᠤ᠂ ᠬᠠᠨᠳᠤᠰᠢ ᠶᠢ ᠨᠢ ᠮᠥᠷᠳᠡᠵᠦ ᠪᠣᠯᠬᠤ᠂ | ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠳ᠋ᠠᠶᠢᠲ᠋ᠠ ᠶᠢᠨ ᠳᠡᠮᠵᠢᠯᠭᠡ ᠶᠢ ᠴᠢᠩᠭᠠᠳᠬᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠬᠤᠭᠤᠴᠠᠭᠠᠲᠤ ᠪᠠᠷᠠᠭ᠎ᠠ ᠠᠷᠠᠯᠵᠢᠶᠠᠯᠠᠬᠤ᠂ ᠡᠯᠧᠺᠲᠷᠣᠨ ᠦᠨ᠎ᠡ ᠬᠠᠶᠠᠵᠤ ᠬᠤᠳᠠᠯᠳᠤᠬᠤ᠂ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠲᠤ ᠡᠯᠧᠺᠲᠷᠣᠨ ᠢᠶᠠᠷ ᠳ᠋ᠦᠩᠨᠡᠨ ᠪᠤᠳᠦᠬᠤ ᠵᠡᠷᠭᠡ ᠳ᠋ᠠᠶᠢᠲ᠋ᠠ ᠶᠢ ᠬᠢᠨᠠᠨ ᠬᠡᠮᠵᠢᠵᠦ | ᠵᠠᠳᠠᠯᠤᠯᠲᠠ ᠬᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠳ᠋ᠠᠶᠢᠲ᠋ᠠ ᠶᠢ | ᠴᠤᠭᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠢᠯᠡᠳᠪᠦᠷᠢᠯᠡᠵᠦ ᠪᠣᠷᠣᠯᠠᠭᠤᠯᠬᠤ ᠶᠢ ᠣᠨᠣᠪᠴᠢᠲᠠᠢ ᠪᠠᠷ ᠵᠣᠯᠭᠠᠭᠤᠯᠬᠤ ᠶᠢ ᠠᠬᠢᠭᠤᠯᠤᠨ᠎ᠠ᠃ | ︵ᠬᠤᠶᠠᠷ︶ ᠲᠤᠮᠤ ᠳ᠋ᠠᠶᠢᠲ᠋ᠠ ᠶᠢ ᠠᠵᠤ ᠦᠢᠯᠡᠳᠪᠦᠷᠢ ᠯᠦᠭᠡ ᠭᠦᠨ ᠠᠭᠤᠰᠤᠯᠴᠠᠭᠤᠯᠬᠤ ᠶᠢ ᠲᠦᠯᠬᠢᠨ | ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠥᠩᠭᠡᠲᠦ ᠲᠡᠮᠦᠷᠯᠢᠭ ᠢ ᠦᠢᠯᠡᠳᠪᠦᠷᠢᠯᠡᠵᠦ | ᠪᠣᠯᠪᠠᠰᠤᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠵᠡᠷᠭᠡ | ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠳᠪᠦᠷᠢ ᠶᠢᠨ ᠰᠡᠷᠡᠯ | ᠳᠠᠮᠵᠢᠭᠤᠯᠤᠭᠤᠷ᠂ ᠰᠠᠴᠤᠷᠠᠯ ᠳᠠᠪᠲᠠᠮᠵᠢ ᠶᠢ ᠢᠯᠭᠠᠨ ᠲᠠᠨᠢᠬᠤ ︵RFID︶᠂ ᠬᠡᠷᠡᠯᠯᠢᠭ ᠴᠢᠮᠡᠭᠡ ᠬᠤᠯᠪᠣᠭ᠎ᠠ ᠶᠢᠨ | ᠲᠣᠨᠣᠭᠯᠠᠭᠠᠰᠤ ᠵᠡᠷᠭᠡ ᠳ᠋ᠠᠶᠢᠲ᠋ᠠ ᠴᠤᠭᠯᠠᠭᠤᠯᠬᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠪᠣᠯᠣᠨ ᠬᠡᠷᠡᠭᠯᠡᠯᠲᠡ ᠶᠢ | ᠲᠦᠷᠭᠡᠳᠬᠡᠵᠦ᠂ ᠠᠵᠤ ᠦᠢᠯᠡᠳᠪᠦᠷᠢ ᠶᠢᠨ ᠡᠵᠡᠮᠳᠡᠬᠦ ᠰᠢᠰᠲ᠋ᠧᠮ ᠤᠨ ᠳᠡᠰ ᠳᠡᠪᠰᠢᠭᠦᠯᠬᠦ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠳᠠᠮᠵᠢᠭᠤᠯᠬᠤ᠂ ᠡᠵᠡᠮᠳᠡᠬᠦ᠂ ᠬᠠᠮᠢᠶᠠᠷᠬᠤ᠂ ᠡᠵᠡᠩᠨᠡᠬᠦ ᠵᠡᠷᠭᠡ ᠤᠯᠠᠨ ᠰᠤᠷᠪᠤᠯᠵᠢᠲᠤ | ᠳ᠋ᠠᠶᠢᠲ᠋ᠠ ᠶᠢ ᠬᠤᠷᠠᠮᠳᠤᠭᠤᠯᠤᠨ᠂ ᠦᠢᠯᠡᠳᠬᠦᠨ᠂ ᠲᠤᠨᠤᠭ ᠲᠦᠬᠦᠭᠡᠷᠦᠮᠵᠢ᠂ ᠠᠵᠤ ᠠᠬᠤᠶᠢᠯᠠᠯ ᠤᠨ ᠲᠣᠭᠠᠴᠢᠯᠠᠭᠰᠠᠨ᠂ | ᠰᠦᠯᠵᠢᠶᠡᠵᠢᠭᠰᠡᠨ ᠪᠠ ᠣᠶᠣᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠢᠭᠡ ᠪᠦᠯᠦᠭ ᠠᠵᠢᠯ ᠲᠦᠷᠦᠯ ᠤᠨ ᠡᠭᠦᠯᠡᠨ ᠲᠠᠪᠴᠠᠩ ᠢ ᠬᠥᠮᠥᠵᠢᠭᠦᠯᠦᠨ᠂ ᠳ᠋ᠠᠶᠢᠲ᠋ᠠ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠡᠯ᠎ᠡ ᠵᠠᠩᠭᠢᠯᠠᠭ᠎ᠠ ᠶᠢᠨ ᠳ᠋ᠠᠶᠢᠲ᠋ᠠ ᠶᠢᠨ ᠬᠡᠯᠬᠢᠶ᠎ᠡ ᠶᠢ ᠨᠡᠪᠲᠡᠷᠡᠭᠦᠯᠦᠨ᠂ ᠭᠤᠣᠯᠳᠠᠯᠭ᠎ᠠ ᠲᠠᠢ | ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠡᠯ᠎ᠡ ᠵᠠᠩᠭᠢᠯᠠᠭ᠎ᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ | ᠲᠦᠯᠬᠢᠨ ᠠᠬᠢᠭᠤᠯᠤᠨ᠎ᠠ᠃ ᠲᠤᠮᠤ ᠳ᠋ᠠᠶᠢᠲ᠋ᠠ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ | ᠣᠨᠣᠪᠴᠢᠲᠠᠢ ᠪᠠᠷ ᠰᠡᠷᠡᠵᠦ ᠮᠡᠳᠡᠬᠦ ᠶᠢ ᠠᠰᠢᠭᠯᠠᠨ᠂ ᠳ᠋ᠠᠶᠢᠲ᠋ᠠ ᠪᠣᠯᠣᠨ ᠮᠡᠳᠡᠯᠭᠡ ᠪᠠᠷ ᠰᠠᠭᠤᠷᠢᠯᠠᠭᠤᠯᠤᠭᠰᠠᠨ | ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠪᠠ ᠰᠤᠳᠤᠯᠤᠨ ᠨᠡᠭᠡᠭᠡᠯᠲᠡ ᠶᠢ ᠠᠬᠢᠭᠤᠯᠤᠨ᠎ᠠ︔ ᠲᠣᠮᠣ ᠳ᠋ᠠᠶᠢᠲ᠋ᠠ ᠶᠢᠨ | ᠡᠵᠡᠮᠰᠢᠯ ᠢᠶᠠᠷ ᠳᠠᠮᠵᠢᠭᠤᠯᠤᠨ ᠠᠵᠢᠯᠯᠠᠬᠤ ᠴᠤᠪᠤᠷᠠᠯ ᠢ ᠰᠢᠯᠢᠳᠡᠭᠵᠢᠭᠦᠯᠵᠦ᠂ ᠰᠠᠭᠠᠳ ᠤᠨ ᠲᠥᠰᠦᠭᠡᠯᠡᠯ ᠪᠣᠯᠣᠨ | ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ | ᠡᠨᠧᠷᠭᠢ ᠶᠢᠨ ᠬᠤᠷᠣᠭᠳᠠᠯ ᠢ ᠪᠠᠭᠠᠰᠬᠠᠨ᠎ᠠ︔ ᠬᠥᠮᠦᠨ ᠤ ᠬᠦᠴᠦ᠂ ᠡᠳ᠋ ᠤᠨ ᠶᠠᠪᠤᠳᠠᠯ᠂ ᠦᠢᠯᠡᠳᠪᠦᠷᠢᠯᠡᠵᠦ | ᠦᠢᠯᠡᠳᠬᠦ᠂ ᠬᠤᠳᠠᠯᠳᠤᠨ ᠠᠪᠬᠤ ᠵᠡᠷᠭᠡ ᠵᠠᠩᠭᠢᠯᠠᠭ᠎ᠠ ᠶᠢᠨ ᠡᠵᠡᠩᠨᠡᠯᠲᠡ ᠶᠢᠨ ᠭᠤᠭᠴᠣᠭᠠᠨ ᠤ ᠳ᠋ᠠᠶᠢᠲ᠋ᠠ ᠶᠢ | ᠬᠤᠷᠠᠮᠳᠤᠭᠤᠯᠤᠨ ᠠᠰᠢᠭᠯᠠᠵᠤ᠂ ᠬᠠᠮᠢᠶᠠᠷᠤᠯᠲᠠ ᠶᠢᠨ ᠦᠷ᠎ᠡ ᠪᠦᠲᠦᠭᠡᠯ ᠪᠣᠯᠤᠨ ᠰᠢᠢᠳᠪᠦᠷᠢᠲᠦ ᠪᠤᠳᠤᠯᠭ᠎ᠠ | ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠪᠣᠷᠣᠯᠠᠭᠤᠯᠬᠤ ᠠᠴᠠ ᠡᠮᠦᠨ᠎ᠡ᠂ ᠪᠤᠷᠤᠯᠠᠭᠤᠯᠬᠤ ᠳᠤᠮᠳᠠ᠂ | ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠳᠠᠬᠢ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠬᠦ ᠬᠡᠷᠡᠭᠯᠡᠯᠲᠡ ᠶᠢ | ᠠᠬᠢᠭᠤᠯᠤᠨ᠎ᠠ᠃ | ᠲᠤᠮᠤ ᠳ᠋ᠠᠶᠢᠲ᠋ᠠ ᠶᠢ ᠠᠰᠢᠭᠯᠠᠨ ᠳᠤᠮᠳᠠ ᠵᠢᠵᠢᠭ ᠠᠵᠤ ᠠᠬᠤᠶᠢᠯᠠᠯ ᠤᠨ ᠪᠦᠭᠡᠮᠨᠡᠷᠡᠨ ᠬᠥᠭᠵᠢᠬᠦ ᠶᠢ | ᠲᠦᠷᠭᠡᠳᠬᠡᠨ᠂ ᠨᠢᠭᠡ ᠪᠦᠯᠦᠭ ᠪᠦᠬᠦ ᠠᠵᠤ ᠦᠢᠯᠡᠰ ᠤᠨ ᠬᠡᠯᠬᠢᠶᠡᠨ ᠳᠤ ᠬᠡᠷᠡᠭᠯᠡᠯᠲᠡ ᠶᠢᠨ ᠦᠢᠯᠡᠴᠢᠯᠡᠭᠡ ᠬᠠᠩᠭᠠᠬᠤ | ᠴᠢᠨᠠᠷ ᠰᠠᠶᠢᠲᠠᠶ ᠠᠵᠤ ᠠᠬᠤᠶᠢᠯᠠᠯ ᠤᠨ ᠲᠠᠪᠴᠠᠩ ᠢ ᠪᠠᠶᠢᠭᠤᠯᠵᠤ᠂ ᠢᠵᠢ ᠪᠦᠷᠢᠳᠦᠭᠦᠯᠦᠭᠰᠡᠨ ᠳᠤᠮᠳᠠ ᠵᠢᠵᠢᠭ ᠠᠵᠤ | ᠠᠬᠤᠶᠢᠯᠠᠯ ᠤᠨ ᠴᠤᠭᠯᠠᠷᠠᠯ ᠢ ᠳᠠᠭᠠᠭᠤᠯᠤᠨ᠂ ᠳᠡᠭᠡᠳᠦ ᠲᠤᠤᠷᠡᠳᠤ ᠤᠷᠤᠰᠬᠠᠯ ᠤᠨ ᠬᠤᠭᠤᠷᠣᠨᠳᠣ ᠪᠠᠨ ᠬᠠᠮᠵᠢᠯᠴᠠᠨ | ᠦᠢᠯᠡᠳᠬᠦ ᠪᠠ ᠥᠪᠡᠷᠮᠢᠴᠡ ᠣᠨᠴᠠᠯᠢᠭ ᠲᠠᠢ ᠪᠠᠷ ᠦᠢᠯᠡᠳᠬᠦ ᠶᠢ ᠲᠦᠯᠬᠢᠨ ᠠᠬᠢᠭᠤᠯᠤᠨ᠎ᠠ᠃ ᠠᠵᠤ | ᠠᠬᠤᠶᠢᠯᠠᠯ ᠤᠳ ᠤᠨ ᠬᠤᠭᠤᠷᠣᠨᠳᠣ ᠲᠤᠮᠤ ᠳ᠋ᠠᠶᠢᠲ᠋ᠠ ᠶᠢᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ᠂ | ᠬᠠᠮᠵᠢᠯᠴᠠᠨ ᠰᠢᠨ᠎ᠡ ᠶᠢ ᠡᠭᠦᠳᠬᠦ᠂ ᠰᠦᠯᠵᠢᠶᠡᠨ ᠤ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠪᠡᠯᠡ ᠣᠷᠣᠭᠤᠯᠵᠤ | ᠪᠡᠯᠡ ᠲᠣᠬᠢᠷᠠᠭᠤᠯᠬᠤ ᠪᠠᠷ ᠰᠠᠭᠤᠷᠢᠯᠠᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠶ ᠶᠢ | ᠪᠤᠶᠢᠵᠢᠭᠤᠯᠤᠨ᠎ᠠ᠃ ᠬᠥᠭᠵᠢᠭᠦᠯᠬᠦ ᠨᠢ ᠳᠠᠷᠤᠢ ᠦᠢᠯᠡᠴᠢᠯᠡᠬᠦ ᠵᠠᠭᠪᠤᠷ ᠢ ᠬᠥᠭᠵᠢᠭᠦᠯᠵᠦ᠂ ᠦᠢᠯᠡᠳᠪᠦᠷᠢᠯᠡᠯ ᠤᠨ | ᠮᠠᠶ᠋ᠢᠭ ᠤᠨ ᠦᠢᠯᠡᠳᠬᠦ ᠪᠠᠶᠢᠭᠰᠠᠨ ᠠᠴᠠ ᠪᠠᠨ ᠦᠢᠯᠡᠴᠢᠯᠡᠭᠡᠨ ᠤ ᠮᠠᠶ᠋ᠢᠭ ᠤᠨ ᠦᠢᠯᠡᠳᠬᠦ ᠪᠣᠯᠭᠠᠨ ᠬᠤᠪᠢᠷᠠᠭᠤᠯᠬᠤ ᠶᠢ | ᠠᠬᠢᠭᠤᠯᠤᠨ᠎ᠠ᠃ | ︵ᠭᠤᠷᠪᠠ︶ ᠲᠤᠮᠤ ᠳ᠋ᠠᠶᠢᠲ᠋ᠠ ᠶᠢ ᠡᠨᠧᠷᠭᠢ ᠶᠢᠨ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠶᠢ | ᠲᠦᠯᠬᠢᠨ ᠠᠬᠢᠭᠤᠯᠤᠨ᠎ᠠ᠃ ᠤᠶᠤᠨᠲᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ᠂ ᠣᠶᠣᠨᠲᠦ ᠭᠡᠷᠡᠯ | ᠸᠣᠯᠲ ᠤᠨ ᠴᠠᠬᠢᠯᠭᠠᠨ ᠥᠷᠲᠡᠭᠡ ᠵᠡᠷᠭᠡ ᠪᠡᠯᠡᠳᠬᠡᠮᠵᠢ ᠵᠢᠴᠢ ᠣᠶᠣᠨᠯᠢᠭ ᠠᠵᠢᠯᠯᠠᠭᠠᠨ ᠤ ᠲᠤᠮᠤ ᠳ᠋ᠠᠶᠢᠲ᠋ᠠ ᠶᠢᠨ | ᠲᠠᠪᠴᠠᠩ ᠪᠠᠶᠢᠭᠤᠯᠬᠤ ᠶᠢ ᠵᠣᠷᠢᠬᠵᠢᠭᠤᠯᠤᠨ᠂ ᠰᠡᠷᠭᠦᠭᠡᠭᠳᠡᠬᠦ ᠡᠨᠧᠷᠭᠢ ᠶᠢᠨ ᠤᠶᠤᠨᠴᠢᠯᠠᠬᠰᠠᠨ ᠦᠢᠯᠡᠳᠪᠦᠷᠢᠯᠡᠯ ᠢ | ᠪᠡᠶᠡᠯᠡᠭᠦᠯᠦᠨ᠎ᠡ᠃ ᠨᠡᠭᠦᠷᠡᠰᠦ᠂ ᠴᠢᠯᠠᠭᠤᠨ ᠲᠤᠰᠤ᠂ ᠰᠢᠲᠠᠮᠠᠬᠠᠢ ᠭᠡᠢ ᠮᠠᠯᠲᠠᠬᠤ᠂ ᠦᠢᠯᠡᠳᠪᠦᠷᠢᠯᠡᠯ ᠵᠢᠴᠢ | ᠠᠰᠢᠭᠯᠠᠯᠲᠠ ᠶᠢᠨ ᠪᠥᠬᠦ ᠬᠡᠯᠬᠢᠶ᠎ᠡ ᠶᠢᠨ ᠣᠶᠣᠨᠴᠢᠯᠠᠭᠰᠠᠨ ᠥᠭᠡᠷᠡᠴᠢᠯᠡᠯᠲᠡ ᠶᠢ ᠵᠣᠷᠢᠬᠵᠢᠭᠤᠯᠤᠨ᠂ ᠴᠢᠯᠠᠭᠤᠵᠢᠮᠠᠯ ᠤᠨ | ᠡᠨᠧᠷᠭᠢ ᠶᠢᠨ ᠪᠣᠬᠢᠷᠳᠤᠯ ᠦᠭᠡᠢ᠂ ᠴᠡᠪᠡᠷ ᠪᠠ ᠥᠨᠳᠥᠷ ᠪᠦᠲᠦᠮᠵᠢᠲᠡᠶ ᠦᠢᠯᠡᠳᠪᠦᠷᠢᠯᠡᠯ ᠢ ᠪᠡᠶᠡᠯᠡᠭᠦᠯᠦᠨ᠎ᠡ᠃ | ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠲᠠ ᠶᠢ | ᠴᠢᠩᠭᠠᠳᠬᠠᠨ᠂ ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠬᠢᠨᠠᠨ ᠬᠡᠮᠵᠢᠬᠦ ᠪᠠ ᠣᠨᠣᠰᠢᠯᠠᠯᠲᠠ ᠶᠢᠨ ᠮᠡᠷᠭᠡᠵᠢᠯ ᠢ | ᠲᠥᠭᠡᠮᠡᠯᠵᠢᠭᠦᠯᠦᠨ᠎ᠡ᠃ ᠮᠡᠳᠡᠭᠡ ᠵᠠᠩᠭᠢ ᠶᠢᠨ ᠰᠢᠰᠲ᠋ᠧᠮ ᠪᠣᠯᠤᠨ ᠹᠢᠽᠢᠺ ᠤᠨ ᠰᠢᠰᠲ᠋ᠧᠮ ᠠᠭᠤᠰᠤᠯᠴᠠᠭᠰᠠᠨ | ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠲᠣᠬᠢᠷᠠᠭᠤᠯᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ | ᠡᠨᠧᠷᠭᠢ ᠶᠢᠨ ᠦᠢᠯᠡᠳᠪᠦᠷᠢᠯᠡᠯ ᠬᠢᠭᠡᠳ ᠬᠡᠷᠡᠭᠯᠡᠭᠡ ᠶᠢᠨ ᠲᠦᠷᠭᠡᠨ ᠲᠤᠰᠬᠠᠬᠤ ᠪᠠ ᠨᠠᠷᠢᠯᠢᠬ ᠣᠨᠣᠪᠴᠢᠲᠠᠶ | ᠡᠵᠡᠮᠳᠡᠬᠦ ᠶᠢ ᠪᠡᠶᠡᠯᠡᠭᠦᠯᠦᠨ᠎ᠡ᠃ ᠡᠨᠧᠷᠭᠢ ᠶᠢᠨ ᠦᠵᠦᠭᠦᠷᠯᠢᠭ ᠬᠡᠷᠡᠭᠯᠡᠭᠴᠢᠳ ᠲᠤ ᠬᠠᠨᠳᠤᠭᠤᠯᠤᠭᠰᠠᠨ ᠡᠨᠧᠷᠭᠢ | ᠬᠡᠷᠡᠭᠯᠡᠬᠦ ᠲᠤᠮᠤ ᠳ᠋ᠠᠶᠢᠲ᠋ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠶᠢ ᠵᠣᠷᠢᠬᠵᠢᠭᠤᠯᠤᠨ᠂ ᠡᠨᠧᠷᠭᠢ | ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠵᠦ ᠮᠡᠳᠡᠬᠦ ᠪᠠ ᠬᠥᠳᠡᠯᠦᠩᠭᠦᠶ ᠵᠠᠳᠠᠯᠤᠯᠲᠠ ᠬᠢᠵᠦ᠂ | ᠡᠨᠧᠷᠭᠢ ᠶᠢ ᠣᠶᠣᠨᠴᠢᠯᠠᠨ ᠬᠡᠷᠡᠭᠯᠡᠬᠦ ᠶᠢ ᠠᠯᠤᠰ ᠠᠴᠠ᠂ ᠨᠦᠭᠦᠷᠰᠡᠭ ᠢᠶᠠᠷ᠂ ᠬᠠᠷᠢᠯᠴᠠᠨ ᠬᠦᠳᠡᠯᠦᠯᠴᠡᠵᠦ ᠡᠵᠡᠮᠳᠡᠨ᠎ᠡ᠃ | ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠭᠦᠷᠡᠰᠦ᠂ ᠴᠠᠬᠢᠯᠭᠠᠨ ᠬᠦᠴᠦ᠂ ᠴᠢᠯᠠᠭᠤᠨ ᠲᠤᠰᠤ᠂ | ᠪᠠᠶᠢᠭᠠᠯᠢ ᠶᠢᠨ ᠰᠢᠲᠠᠮᠬᠠᠢ ᠬᠡᠢ᠂ ᠰᠡᠷᠭᠦᠭᠡᠭᠳᠡᠬᠦ ᠡᠨᠧᠷᠭᠢ ᠵᠡᠷᠭᠡ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠤᠯᠠᠨ ᠲᠡᠰ | ᠳᠠᠪᠬᠤᠷᠭᠠᠲᠤ ᠰᠢᠰᠲ᠋ᠧᠮᠵᠢ ᠶᠢ ᠪᠦᠲᠦᠭᠡᠨ ᠪᠠᠶᠢᠭᠤᠯᠵᠤ᠂ ᠡᠨᠧᠷᠭᠢ ᠶᠢᠨ ᠦᠢᠯᠡᠳᠪᠦᠷᠢᠯᠡᠯ᠂ ᠲᠡᠭᠡᠭᠡᠪᠦᠷᠢ᠂ ᠬᠡᠷᠡᠭᠯᠡᠭᠡ | ᠵᠡᠷᠭᠡ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳ᠋ᠠᠶᠢᠲ᠋ᠠ ᠶᠢᠨ ᠴᠤᠭᠯᠠᠷᠠᠯ᠂ ᠬᠠᠮᠲᠤ ᠪᠠᠷ ᠡᠳ᠋ᠯᠡᠬᠦ | ᠪᠠ ᠬᠡᠷᠡᠭᠯᠡᠭᠡᠨ ᠢ ᠪᠡᠶᠡᠯᠡᠭᠦᠯᠦᠨ᠎ᠡ᠃ ᠴᠢᠯᠠᠭᠤᠨ ᠲᠣᠰᠣ᠂ ᠴᠠᠬᠢᠯᠭᠠᠨ ᠬᠦᠴᠦ᠂ ᠪᠠᠶᠢᠭᠠᠯᠢ ᠶᠢᠨ ᠰᠢᠲᠠᠮᠠᠬᠠᠶ ᠬᠡᠢ | ᠵᠡᠷᠭᠡ ᠴᠤᠪᠤᠷᠠᠯ ᠢ ᠦᠢᠯᠡᠳᠬᠦ ᠠᠵᠤ ᠠᠬᠤᠶᠢᠯᠠᠯ ᠤᠨ ᠪᠦᠯᠦᠭᠯᠡᠯ ᠤᠨ ᠲᠤᠮᠤ ᠳ᠋ᠠᠶᠢᠲ᠋ᠠ ᠶᠢᠨ ᠲᠠᠪᠴᠠᠩ ᠢ ᠨᠡᠭᠡᠭᠡᠨ | ᠬᠥᠭᠵᠢᠭᠦᠯᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠳᠡᠮᠵᠢᠨ᠎ᠡ᠃ ᠰᠠᠯᠬᠢᠨ ᠬᠦᠴᠦ᠂ ᠭᠡᠷᠡᠯ ᠸᠣᠯᠲ᠂ | ᠨᠡᠭᠦᠷᠡᠰᠦᠨ ᠳᠠᠪᠬᠤᠷᠭ᠎ᠠ ᠶᠢᠨ ᠭᠡᠢ᠂ ᠵᠠᠨᠠᠷ ᠤᠨ ᠬᠡᠢ ᠵᠡᠷᠭᠡ ᠡᠯ᠎ᠡ ᠵᠦᠢᠯ ᠤᠨ ᠰᠢᠨ᠎ᠡ ᠡᠨᠧᠷᠭᠢ ᠶᠢᠨ ᠳ᠋ᠠᠶᠢᠲ᠋ᠠ ᠶᠢ | ᠡᠮᠬᠢᠯᠡᠨ ᠨᠡᠶᠢᠯᠡᠭᠦᠯᠬᠦ ᠶᠢ ᠬᠦᠴᠦᠯᠡᠨ ᠠᠬᠢᠭᠤᠯᠵᠤ᠂ ᠲᠣᠮᠣ ᠳ᠋ᠠᠶᠢᠲ᠋ᠠ ᠶᠢ ᠠᠰᠢᠭᠯᠠᠨ ᠰᠢᠨ᠎ᠡ ᠡᠨᠧᠷᠭᠢ ᠶᠢ ᠬᠡᠷᠡᠭᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠲᠥᠷᠪᠡ︶ ᠲᠤᠮᠤ ᠳ᠋ᠠᠶᠢᠲ᠋ᠠ ᠶᠢ ᠦᠢᠯᠡᠴᠢᠯᠡᠭᠡᠨ ᠤ ᠦᠢᠯᠡᠰ ᠯᠦᠭᠡ ᠭᠦᠨ ᠠᠭᠤᠰᠤᠯᠴᠠᠭᠤᠯᠬᠤ ᠶᠢ | ᠲᠦᠯᠬᠢᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠲᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ᠂ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ ᠦᠷᠳᠡᠭ ᠤᠨ ᠬᠡᠯᠬᠢᠶᠡᠨ ᠤ ᠳᠡᠭᠡᠳᠦ ᠳᠡᠰ ᠲᠠᠰᠢ | ᠥᠷᠭᠦᠯᠵᠢᠯᠡᠬᠦ ᠶᠢ ᠠᠬᠢᠭᠤᠯᠤᠨ᠎ᠠ᠃ ᠵᠢᠭᠤᠯᠴᠢᠯᠠᠯ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡ᠂ ᠭᠡᠷ ᠭᠠᠵᠠᠷ | ᠬᠥᠷᠥᠩᠭᠡ ᠶᠢᠨ ᠠᠵᠤ ᠦᠢᠯᠡᠰ᠂ ᠰᠣᠶᠣᠯ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠠᠵᠤ ᠦᠢᠯᠡᠰ᠂ | ᠰᠠᠭᠤᠭᠠᠯᠢ ᠠᠷᠠᠳ ᠪᠠ ᠭᠡᠷ ᠪᠦᠯᠢ ᠶᠢᠨ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠲᠠᠬᠢ ᠲᠣᠮᠣ | ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠥᠭᠦᠮ | ᠳᠥᠲᠡ᠂ ᠨᠠᠷᠢᠯᠢᠬ᠂ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ ᠲᠤᠮᠤ ᠳ᠋ᠠᠶᠢᠲ᠋ᠠ ᠪᠠᠷ ᠰᠠᠭᠤᠷᠢᠯᠠᠭᠤᠯᠤᠭᠰᠠᠨ | ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠶᠡᠬᠡᠪᠡᠷ ᠲᠦᠯᠬᠢᠨ ᠠᠬᠢᠭᠤᠯᠵᠤ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠠᠷᠭ᠎ᠠ ᠪᠠᠷᠢᠯ ᠢ ᠠᠰᠢᠭᠯᠠᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ | ᠭᠦᠢᠯᠭᠡᠭᠡᠨ ᠤ ᠰᠢᠨ᠎ᠡ ᠶᠢ ᠡᠭᠦᠳᠬᠦ ᠪᠠ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ | ︵ᠲᠠᠪᠤ︶ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠤᠨ᠎ᠠ᠃ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ ᠠᠭᠤᠰᠤᠯᠴᠠᠯ | ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠴᠠᠬᠢᠯᠭᠠᠨ ᠬᠤᠯᠪᠣᠭ᠎ᠠ᠂ ᠢᠨᠲ᠋ᠧᠷ | ᠰᠦᠯᠵᠢᠶ᠎ᠡ᠂ ᠮᠥᠩᠭᠦᠨ ᠭᠦᠢᠯᠭᠡᠭᠡᠨ᠂ ᠠᠮᠤᠷ ᠮᠡᠨᠳᠤ᠂ ᠵᠠᠮ ᠬᠠᠷᠢᠯᠴᠠᠭ᠎ᠠ ᠵᠡᠷᠭᠡ ᠬᠦᠷᠢᠶ᠎ᠡ ᠬᠡᠪᠴᠢᠶᠡᠨ ᠳᠠᠬᠢ ᠤᠯᠠᠨ | ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠯᠲᠡ ᠶᠢ ᠦᠷᠨᠢᠭᠦᠯᠵᠦ᠂ ᠨᠢᠭᠡ ᠪᠦᠯᠦᠭ ᠤᠯᠠᠨ ᠲᠠᠯ᠎ᠠ ᠶᠢᠨ | ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠲᠠᠪᠴᠠᠩ ᠢ ᠪᠦᠲᠦᠭᠡᠨ ᠪᠠᠶᠢᠭᠤᠯᠵᠤ᠂ | ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠲᠤᠰᠬᠠᠶᠢᠵᠢᠭᠰᠠᠨ ᠬᠡᠮᠵᠢᠶ᠎ᠡ ᠪᠠᠷ ᠥᠨᠳᠥᠷ ᠠᠵᠢᠯ ᠲᠦᠷᠦᠯ ᠠᠯᠤᠰᠯᠠᠨ | ᠠᠭᠤᠰᠤᠯᠴᠠᠬᠤ ᠬᠡᠷᠡᠭᠯᠡᠭᠡᠨ ᠤ ᠬᠡᠯᠪᠡᠷᠢ ᠶᠢᠨ ᠲᠤᠮᠤ ᠳ᠋ᠠᠶᠢᠲ᠋ᠠ ᠶᠢᠨ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠪᠠᠷ | ᠪᠤᠢ ᠪᠣᠯᠣᠭᠰᠠᠨ ᠠᠵᠤ ᠦᠢᠯᠡᠰ ᠤᠨ ᠬᠥᠭᠵᠢᠯᠲᠡ ᠪᠣᠯᠣᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠬᠠᠮᠵᠢᠯᠴᠠᠨ ᠬᠥᠭᠵᠢᠬᠦ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ ᠪᠣᠢ ᠪᠣᠯᠭᠠᠵᠤ᠂ ᠰᠢᠨ᠎ᠡ ᠨᠡᠮᠡᠭᠳᠡᠯ ᠤᠨ ᠴᠡᠭ ᠢ | ᠬᠥᠮᠥᠵᠢᠭᠦᠯᠦᠨ᠎ᠡ᠃ ᠤᠯᠠᠨ ᠲᠠᠯ᠎ᠠ ᠶᠢᠨ ᠲᠤᠭ᠎ᠠ ᠪᠠᠷᠢᠮᠲᠠ ᠶᠢ ᠨᠡᠶᠢᠯᠡᠭᠦᠯᠦᠭᠰᠡᠨ ᠪᠠᠶᠢᠳᠠᠯ ᠳᠣᠣᠷᠠᠬᠢ ᠲᠤᠭ᠎ᠠ | ᠪᠠᠷᠢᠮᠲᠠ ᠶᠢᠨ ᠠᠮᠤᠷ ᠲᠦᠪᠰᠢᠨ ᠬᠢᠭᠡᠳ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠪᠠ ᠮᠡᠷᠭᠡᠵᠢᠯ ᠤᠨ | ᠪᠠᠷᠢᠮᠵᠢᠶ᠎ᠠ ᠶᠢ ᠵᠢᠭᠠᠵᠤ ᠢᠳᠡᠪᠬᠢᠲᠡᠢ ᠰᠦᠪᠡᠭᠴᠢᠯᠡᠨ ᠪᠠᠶᠢᠭᠤᠯᠤᠨ᠎ᠠ᠃ | ᠲᠦᠷᠪᠡ᠂ ᠭᠤᠣᠯ ᠡᠭᠦᠷᠭᠡ | ︵ᠨᠢᠭᠡ︶ ᠲᠤᠮᠤ ᠳ᠋ᠠᠶᠢᠲ᠋ᠠ ᠪᠣᠯᠤᠨ ᠠᠵᠤ ᠦᠢᠯᠡᠰ ᠢ ᠭᠦᠨ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠶᠢ | ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠤ ᠦᠢᠯᠡᠰ ᠪᠤᠯᠤᠨ ᠠᠵᠤ ᠦᠢᠯᠡᠰ ᠤᠨ ᠬᠡᠯᠬᠢᠶ᠎ᠡ ᠶᠢ ᠴᠢᠬᠤᠯᠠᠴᠢᠯᠠᠵᠦ᠂ | ᠬᠦᠲᠦᠴᠢ ᠠᠵᠤ ᠠᠬᠤᠶᠢᠯᠠᠯ ᠢᠶᠠᠷ ᠭᠤᠤᠯᠳᠠᠭᠤᠯᠵᠦ᠂ ᠲᠤᠮᠤ ᠳ᠋ᠠᠶᠢᠲ᠋ᠠ ᠪᠣᠯᠣᠨ ᠲᠠᠷᠢᠶᠠᠯᠠᠩ ᠮᠠᠯ ᠠᠵᠤ ᠠᠬᠤᠶ᠂ | ᠠᠵᠤ ᠦᠢᠯᠡᠳᠪᠦᠷᠢ᠂ ᠡᠨᠧᠷᠭᠢ᠂ ᠦᠢᠯᠡᠴᠢᠯᠡᠭᠡᠨ ᠤ ᠦᠢᠯᠡᠰ ᠵᠡᠷᠭᠡ ᠶᠢ ᠭᠦᠨ ᠠᠭᠤᠰᠤᠯᠴᠠᠭᠤᠯᠤᠨ ᠵᠢᠱᠢᠶ᠎ᠡ | ᠦᠵᠡᠭᠦᠯᠬᠦ ᠶᠢ ᠦᠷᠨᠢᠬᠦᠯᠦᠨ᠎ᠠ᠃ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ | ᠠᠵᠢᠯ ᠲᠥᠷᠥᠯ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠤ | ᠦᠢᠯᠡᠰ ᠤᠨ ᠪᠦᠬᠦ ᠬᠡᠯᠬᠢᠶ᠎ᠡ᠂ ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠠᠵᠤ | ᠦᠢᠯᠡᠰ ᠤᠨ ᠠᠮᠢ ᠠᠬᠤᠶ ᠶᠢᠨ ᠭᠤᠣᠯ ᠳ᠋ᠠᠶᠢᠲ᠋ᠠ ᠶᠢ ᠨᠡᠪᠲᠡᠷᠡᠭᠦᠯᠵᠦ᠂ ᠲᠣᠭᠠᠴᠢᠯᠠᠭᠰᠠᠨ᠂ ᠰᠦᠯᠵᠢᠶᠡᠵᠢᠭᠰᠡᠨ᠂ | ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠮᠡᠷᠭᠡᠵᠢᠯ ᠢ | ᠰᠢᠨᠡᠳᠬᠡᠬᠦ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠪᠠ ᠦᠢᠯᠡᠳᠬᠦᠨ ᠤ ᠬᠠᠩᠭᠠᠯᠭ᠎ᠠ ᠶᠢ | ᠰᠢᠨᠡᠴᠢᠯᠡᠬᠦ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠤᠨ᠎ᠠ᠃ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠨᠡᠶᠢᠲᠡᠯᠢᠭ ᠵᠢᠱᠢᠶ᠎ᠡ | ᠦᠵᠡᠭᠦᠯᠬᠦ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠵᠢᠯ ᠪᠦᠷᠢ 30 ᠠᠴᠠ ᠳᠡᠭᠡᠭᠰᠢ᠂ ᠠᠶᠢᠮᠠᠭ ᠬᠤᠳᠠ | ᠨᠢᠭᠡᠪᠦᠷᠢ 20 ᠠᠴᠠ ᠳᠡᠭᠡᠭᠰᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠨᠥᠬᠦᠴᠡᠯ ᠲᠠᠢ ᠬᠤᠰᠢᠭᠤ ᠰᠢᠶᠠᠨ ︵ | ᠬᠤᠳᠠ᠂ ᠲᠣᠭᠤᠷᠢᠭ︶ ᠴᠤ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ | ᠵᠢᠱᠢᠶ᠎ᠡ ᠦᠵᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠲᠤᠮᠤ ᠳ᠋ᠠᠶᠢᠲ᠋ᠠ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠲᠠᠪᠴᠠᠩ ᠪᠠᠶᠢᠭᠤᠯᠤᠨ᠎ᠠ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠡᠳ᠋ᠯᠡᠵᠦ ᠴᠢᠯᠥᠭᠡᠲᠡᠶ ᠨᠡᠭᠡᠭᠡᠬᠦ ᠶᠢ ᠲᠦᠷᠭᠡᠳᠬᠡᠨ᠂ ᠳ᠋ᠠᠶᠢᠲ᠋ᠠ ᠶᠢᠨ | ᠡᠬᠢ ᠪᠠᠶᠠᠯᠢᠭ ᠤᠨ ᠬᠤᠷᠢᠭ᠎ᠠ ᠰᠠᠭᠠᠳ ᠢ ᠡᠪᠳᠡᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠶᠢᠭᠡᠮ ᠤᠨ | ᠳ᠋ᠠᠶᠢᠲ᠋ᠠ ᠯᠤᠭ᠎ᠠ ᠠᠭᠤᠰᠤᠯᠴᠠᠭᠰᠠᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ | ᠬᠠᠮᠢᠶᠠᠷᠤᠯᠲᠠ ᠬᠢᠭᠡᠳ ᠵᠢᠯᠣᠭᠤᠳᠤᠮᠵᠢ᠂ ᠵᠠᠬ᠎ᠠ ᠳᠡᠯᠭᠡᠭᠦᠷ ᠤᠨ ᠡᠵᠡᠩᠨᠡᠯᠲᠡ ᠬᠢᠭᠡᠳ ᠦᠢᠯᠡᠴᠢᠯᠡᠭᠡᠨ ᠤ ᠬᠤᠣᠰ | ᠴᠢᠭᠯᠡᠯᠲᠦ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠤᠯᠤᠰ ᠤᠨ ᠦᠮᠴᠢᠯᠡᠯᠲᠦ ᠭᠦᠷᠦᠩᠭᠡ ᠶᠢᠨ ᠬᠤᠪᠢ | ᠡᠵᠡᠮᠳᠡᠵᠦ᠂ ᠠᠷᠠᠳ ᠤᠨ ᠡᠵᠡᠩᠨᠡᠯᠲᠡ ᠶᠢᠨ ᠬᠦᠷᠦᠩᠭᠡ ᠣᠷᠣᠯᠴᠠᠭᠰᠠᠨ ᠬᠤᠯᠢᠮᠠᠭ ᠦᠮᠴᠢᠯᠡᠯᠲᠦ ᠲᠤᠮᠤ | ᠳ᠋ᠠᠶᠢᠲ᠋ᠠ ᠶᠢᠨ ᠡᠵᠡᠩᠨᠡᠯᠲᠡ ᠶᠢᠨ ᠺᠣᠮᠫᠠᠨᠢ ᠪᠠᠶᠢᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ ᠭᠦᠢᠯᠭᠡᠭᠡ ᠶᠢ | ᠲᠦᠯᠬᠢᠨ ᠠᠬᠢᠭᠤᠯᠵᠤ᠂ ᠲᠤᠮᠤ ᠳ᠋ᠠᠶᠢᠲ᠋ᠠ ᠶᠢᠨ ᠭᠦᠢᠯᠭᠡᠭᠡ ᠶᠢᠨ ᠲᠠᠪᠴᠠᠩ ᠪᠠᠶᠢᠭᠤᠯᠤᠨ᠂ ᠳ᠋ᠠᠶᠢᠲ᠋ᠠ ᠶᠢᠨ | ᠲᠤᠯᠭᠠᠭᠤᠷᠢᠯᠠᠯ ᠪᠣᠯᠣᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠨ᠎ᠠ᠃ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠭᠦᠢᠯᠭᠡᠭᠡ ᠶᠢᠨ ᠲᠥᠪ ᠪᠠᠶᠢᠭᠤᠯᠤᠨ᠂ ᠲᠤᠮᠤ ᠳ᠋ᠠᠶᠢᠲ᠋ᠠ ᠶᠢᠨ | ᠡᠵᠡᠩᠨᠡᠯᠲᠡ ᠶᠢᠨ ᠬᠤᠳᠠᠯᠳᠤᠭᠠᠴᠢᠨ ᠢ 3 — 5 ᠡᠷᠦᠭᠡ ᠪᠤᠶᠢᠵᠢᠭᠤᠯᠤᠨ᠎ᠠ᠃ | ︵ᠭᠤᠷᠪᠠ︶ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠲᠦᠯᠬᠢᠨ ᠠᠬᠢᠭᠤᠯᠤᠨ᠎ᠠ᠃ ᠠᠵᠤ | ᠦᠢᠯᠡᠰ ᠤᠨ ᠪᠠᠶᠢᠷᠢᠯᠠᠮᠵᠢ᠂ ᠮᠡᠷᠭᠡᠵᠢᠯ᠂ ᠵᠠᠬ᠎ᠠ ᠳᠡᠯᠭᠡᠭᠦᠷ᠂ ᠦᠢᠯᠡᠴᠢᠯᠡᠭᠡ ᠪᠠᠷ ᠭᠤᠣᠯ ᠬᠥᠳᠡᠯᠭᠡᠬᠦ ᠬᠦᠴᠦ ᠪᠣᠯᠭᠠᠨ | ᠂ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ᠂ ᠠᠵᠤ | ᠠᠬᠤᠶᠢᠯᠠᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠡᠭᠦᠯᠡᠨ ᠲᠠᠪᠴᠠᠩ ᠳᠤ ᠭᠠᠷᠬᠤ ᠶᠢ ᠲᠦᠷᠭᠡᠳᠬᠡᠨ | ᠠᠬᠢᠭᠤᠯᠵᠤ᠂ ᠡᠭᠦᠯᠡᠨ ᠲᠠᠪᠴᠠᠩ ᠳᠤ ᠬᠠᠳᠠᠭᠠᠯᠠᠬᠤ᠂ ᠪᠣᠳᠣᠯᠲᠠ᠂ ᠲᠠᠪᠴᠠᠩ᠂ ᠵᠥᠭᠡᠯᠡᠨ ᠲᠣᠨᠤᠭ᠂ ᠳ᠋ᠠᠶᠢᠲ᠋ᠠ᠂ | ᠬᠡᠷᠡᠭᠯᠡᠯᠲᠡ ᠵᠡᠷᠭᠡ ᠳᠤ ᠰᠠᠭᠤᠷᠢᠯᠠᠭᠰᠠᠨ ᠦᠢᠯᠡᠴᠢᠯᠡᠭᠡ ᠬᠢᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ | ᠰᠢᠰᠲ᠋ᠧᠮ ᠪᠠᠶᠢᠭᠤᠯᠬᠤ ᠥᠪᠡᠷ ᠤᠨ ᠦᠷᠳᠡᠭ ᠢ ᠪᠠᠭᠤᠷᠠᠭᠤᠯᠤᠨ᠂ ᠬᠠᠮᠲᠤ ᠳᠠᠭᠠᠨ ᠡᠳ᠋ᠯᠡᠬᠦ ᠠᠵᠢᠯ ᠲᠥᠷᠥᠯ ᠤᠨ ᠠᠮᠢ | ᠠᠬᠤᠶ ᠶᠢᠨ ᠲᠣᠮᠣ ᠳ᠋ᠠᠶᠢᠲ᠋ᠠ ᠶᠢ ᠴᠤᠭᠯᠠᠷᠠᠭᠤᠯᠵᠤ᠂ ᠠᠵᠤ ᠠᠬᠤᠶᠢᠯᠠᠯ ᠤᠨ ᠲᠤᠮᠤ ᠳ᠋ᠠᠶᠢᠲ᠋ᠠ᠂ ᠡᠭᠦᠯᠡᠨ | ᠪᠤᠳᠤᠯᠲᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠠᠵᠤ ᠠᠬᠤᠶᠢᠯᠠᠯ | ᠬᠤᠪᠢ ᠶᠢᠨ ᠡᠭᠦᠯᠡᠨ ᠲᠠᠪᠴᠠᠩ ᠢᠶᠠᠨ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠳᠤ | ᠬᠤᠯᠪᠣᠭᠳᠠᠬᠤ ᠳ᠋ᠠᠶᠢᠲ᠋ᠠ ᠪᠠᠨ ᠬᠠᠮᠢᠶᠠᠷᠬᠤ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠨᠡᠶᠢᠲᠡ ᠶᠢᠨ ᠡᠭᠦᠯᠡᠨ | ᠲᠠᠪᠴᠠᠩ ᠢ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠪᠣᠰᠤ ᠠᠮᠤᠷ ᠲᠦᠪᠰᠢᠨ ᠤ ᠳ᠋ᠠᠶᠢᠲ᠋ᠠ ᠶᠢ ᠬᠠᠮᠢᠶᠠᠷᠴᠤ᠂ | ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠶᠢᠨ | ᠳ᠋ᠠᠶᠢᠲ᠋ᠠ ᠶᠢ ᠬᠠᠮᠲᠤ ᠳᠠᠭᠠᠨ ᠡᠳ᠋ᠯᠡᠵᠦ ᠨᠡᠭᠡᠭᠡᠯᠲᠡ ᠲᠠᠢ ᠪᠠᠶᠢᠯᠭᠠᠬᠤ ᠶᠢ ᠵᠣᠷᠢᠬᠵᠢᠭᠤᠯᠤᠨ᠎ᠠ᠃ ᠪᠦᠬᠦ ᠣᠷᠣᠨ ᠤ | ᠡᠭᠦᠯᠡᠨ ᠲᠠᠪᠴᠠᠩ ᠳᠤ ᠣᠷᠣᠭᠰᠠᠨ ᠠᠵᠤ ᠠᠬᠤᠶᠢᠯᠠᠯ 10 ᠲᠦᠮᠡᠨ ᠡᠷᠦᠬᠡ ᠳᠤ ᠬᠦᠷᠴᠦ᠂ 3 - 5 ᠡᠷᠦᠬᠡ | ᠵᠣᠬᠢᠬᠤ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ᠂ 50 ᠡᠷᠦᠬᠡ | ᠲᠤᠮᠤ ᠳ᠋ᠠᠶᠢᠲ᠋ᠠ ᠶᠢᠨ ᠡᠭᠦᠯᠡᠨ ᠬᠡᠷᠡᠭᠯᠡᠯᠲᠡ ᠶᠢᠨ ᠦᠢᠯᠡᠴᠢᠯᠡᠬᠡᠨ ᠤ ᠬᠤᠳᠠᠯᠳᠤᠭᠠᠴᠢᠳ ᠢ ᠣᠷᠣᠭᠤᠯᠤᠨ ᠠᠪᠴᠢᠷᠠᠵᠤ | ᠬᠥᠮᠥᠵᠢᠭᠦᠯᠦᠨ᠎ᠡ᠃ | ︵ᠲᠦᠷᠪᠡ︶ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠦᠢᠯᠡᠴᠢᠯᠡᠭᠡᠨ ᠤ | ᠰᠢᠰᠲ᠋ᠧᠮᠵᠢ ᠶᠢ ᠡᠭᠦᠳᠦᠨ ᠪᠠᠶᠢᠭᠤᠯᠤᠨ᠎ᠠ᠃ ᠨᠢᠭᠡ ᠪᠦᠯᠦᠭ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠳᠤ ᠬᠠᠨᠳᠤᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠡᠯᠡ | ᠣᠷᠣᠭᠤᠯᠤᠯᠲᠠ ᠪᠡᠯᠡ ᠳᠤᠬᠢᠷᠠᠭᠤᠯᠭ᠎ᠠ᠂ ᠥᠮᠴᠢᠯᠡᠬᠦ ᠡᠷᠬᠡ ᠶᠢᠨ ᠠᠷᠠᠯᠵᠢᠶ᠎ᠠ᠂ ᠴᠢᠳᠠᠪᠤᠷᠢᠲᠠᠨ ᠤ ᠦᠢᠯᠡᠴᠢᠯᠡᠭᠡ᠂ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠪᠠ ᠨᠡᠷᠡᠲᠦ ᠲᠥᠷᠥᠯ ᠲᠡᠮᠳᠡᠭᠲᠦ ᠶᠢ ᠳᠡᠯᠭᠡᠷᠡᠭᠦᠯᠬᠦ ᠵᠡᠷᠭᠡ | ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠳᠭᠦᠨ᠂ ᠨᠢᠭᠡ ᠪᠦᠯᠦᠭ ᠵᠥᠪᠯᠡᠯᠭᠡ ᠥᠭᠬᠦ | ᠦᠢᠯᠡᠴᠢᠯᠡᠭᠡ᠂ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠰᠢᠯᠭᠠᠨ | ᠬᠡᠮᠵᠢᠬᠦ ᠭᠡᠷᠡᠴᠢᠯᠡᠭᠡ᠂ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠵᠢᠯᠣᠭᠤᠳᠬᠤ ᠵᠡᠷᠭᠡ ᠲᠤᠮᠤ ᠳ᠋ᠠᠶᠢᠲ᠋ᠠ ᠶᠢᠨ | ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠵᠢᠱᠢᠶ᠎ᠡ ᠦᠵᠡᠭᠦᠯᠬᠦ | ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠨᠢᠭᠡ ᠪᠦᠯᠦᠭ ᠰᠢᠨ᠎ᠡ ᠶᠢ ᠡᠭᠦᠳᠬᠦ | ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠪᠣᠢ ᠪᠣᠯᠭᠠᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠣᠨᠴᠠᠯᠢᠭ ᠲᠠᠢ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠪᠠᠷᠢᠮᠵᠢᠶ᠎ᠠ ᠶᠢ | ᠪᠠᠶᠢᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠮᠤ ᠳ᠋ᠠᠶᠢᠲ᠋ᠠ ᠶᠢᠨ | ᠬᠥᠭᠵᠢᠯᠲᠡ ᠶᠢᠨ ᠲᠤᠰᠬᠠᠶ ᠵᠦᠢᠯ ᠤᠨ ᠠᠵᠢᠯ ᠢ ᠵᠣᠬᠢᠴᠠᠭᠤᠯᠬᠤ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ︶ ᠲᠦᠷᠦᠭᠦᠯᠡᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠴᠢᠬᠤᠯᠠ ᠶᠡᠭᠡ | ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠭᠤᠷᠪᠠᠨ ᠱᠡᠳᠦ ᠬᠠᠮᠲᠤᠷᠠᠨ ᠬᠦᠳᠡᠯᠦᠯᠴᠡᠭᠰᠡᠨ ᠠᠵᠢᠯ ᠤᠨ | ᠲᠣᠭᠲᠠᠴᠠ ᠶᠢ ᠪᠠᠶᠢᠭᠤᠯᠤᠨ᠂ ᠡᠯ᠎ᠡ ᠭᠠᠵᠠᠷ ᠣᠷᠣᠨ᠂ ᠠᠵᠢᠯ ᠲᠦᠷᠤᠯ ᠤᠨ ᠵᠣᠬᠢᠶᠠᠨ ᠪᠠᠶᠢᠭᠤᠯᠤᠯᠲᠠ ᠪᠣᠯᠤᠨ ᠠᠵᠤ | ᠠᠬᠤᠶᠢᠯᠠᠯ ᠤᠨ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠣᠷᠣᠨ᠂ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠤᠲᠤᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ | ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠵᠦ᠂ ᠨᠡᠶᠢᠲᠡᠯᠢᠭ ᠵᠢᠱᠢᠶ᠎ᠡ ᠦᠵᠡᠭᠦᠯᠦᠭᠰᠡᠨ | ᠲᠤᠷᠰᠢᠯᠭ᠎ᠠ ᠪᠣᠯᠣᠨ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦᠩᠨᠡᠨ ᠳᠡᠯᠭᠡᠷᠡᠭᠦᠯᠵᠦ᠂ ᠲᠤᠮᠤ | ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠪᠠᠷᠢᠮᠵᠢᠶ᠎ᠠ ᠶᠢ ᠬᠢᠨᠠᠨ ᠬᠠᠷᠭᠤᠭᠤᠯᠬᠤ ᠪᠠ | ᠦᠨᠡᠯᠡᠬᠦ ᠶᠢ ᠵᠣᠬᠢᠶᠠᠨ ᠪᠠᠶᠢᠭᠤᠯᠵᠤ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠰᠢᠮᠳᠠᠭᠤᠯᠤᠨ ᠪᠠᠶᠢᠴᠠᠭᠠᠨ᠎ᠠ᠃ ᠪᠥᠬᠦ ᠣᠷᠣᠨ ᠤ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠠᠭᠤᠰᠤᠯᠴᠠᠯ ᠤᠨ | ᠳ᠋ᠠᠶᠢᠲ᠋ᠠ ᠶᠢᠨ ᠡᠬᠢ ᠪᠠᠶᠠᠯᠢᠭ ᠴᠤᠭᠯᠠᠭᠤᠯᠬᠤ ᠵᠡᠷᠭᠡ ᠶᠢ ᠨᠢᠭᠡᠳᠦᠯᠲᠡᠢ ᠲᠥᠯᠥᠪᠯᠡᠨ᠂ ᠪᠦᠬᠦ ᠣᠷᠣᠨ ᠤ ᠠᠵᠤ | ᠦᠢᠯᠡᠰ ᠲᠤ ᠬᠠᠨᠳᠤᠭᠤᠯᠤᠭᠰᠠᠨ ︽ᠡᠭᠦᠯᠡᠨ ᠦᠢᠯᠡᠴᠢᠯᠡᠭᠡ︾ ᠶᠢ ᠠᠬᠢᠭᠤᠯᠤᠨ᠎ᠠ᠃ ᠤᠯᠠᠨ ᠲᠠᠯ᠎ᠠ ᠶᠢᠨ | ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ | ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 10 ᠠᠴᠠ ᠳᠡᠭᠡᠭᠰᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠦᠷᠦᠭᠦᠯᠡᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠭᠦᠨ | ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ | ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 5 ᠠᠴᠠ ᠳᠡᠭᠡᠭᠰᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠲᠦᠷᠦᠭᠦᠯᠡᠨ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠠᠵᠤ ᠦᠢᠯᠡᠳᠪᠦᠷᠢ ᠶᠢᠨ ᠭᠦᠨ | ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ | ᠵᠢᠯ ᠪᠦᠷᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ | 10 ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠡᠨᠧᠷᠭᠢ ᠶᠢᠨ | ᠲᠣᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ | ᠡᠨᠧᠷᠭᠢ ᠶᠢᠨ ᠠᠵᠤ ᠦᠢᠯᠡᠰ ᠤᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ | ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ | 5 ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ᠂ ᠰᠣᠶᠣᠯ ᠤᠨ ᠲᠢᠩᠬᠢᠮ᠂ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠮᠥᠩᠭᠦᠨ ᠭᠦᠢᠯᠭᠡᠭᠡᠨ ᠤ ᠠᠯᠪᠠᠨ ᠭᠡᠷ ᠲᠤᠰ ᠲᠤᠰ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ᠲᠤᠮᠤ ᠳ᠋ᠠᠶᠢᠲ᠋ᠠ ᠬᠢᠬᠡᠳ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠰᠣᠶᠣᠯ᠂ | ᠡᠷᠡᠭᠦᠯ ᠮᠡᠨᠳᠦ ᠡᠮ ᠡᠮᠨᠡᠯᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ | ᠬᠡᠪᠴᠢᠶᠡᠨ ᠳᠠᠬᠢ ᠬᠦᠨᠵᠡᠬᠡᠢ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ | ᠬᠡᠮᠵᠢᠶ᠎ᠡ ᠶᠢ ᠲᠣᠭᠲᠠᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ ᠲᠤᠰ ᠲᠤᠰ 1 - 2 ᠢ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠡᠯ᠎ᠡ ᠠᠶᠢᠮᠠᠭ ᠬᠤᠳᠠ ᠶᠢᠨ ᠬᠢᠨ ᠲᠤᠰ ᠭᠠᠵᠠᠷ ᠣᠷᠣᠨ ᠤ ᠪᠠᠨ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ | ᠭᠦᠨ ᠠᠭᠤᠰᠤᠯᠴᠠᠯ ᠤᠨ ᠠᠵᠢᠯᠯᠠᠭᠠᠨ ᠤ ᠲᠥᠯᠥᠪᠯᠡᠭᠡ ᠪᠠ ᠳᠦᠬᠦᠷ ᠠᠷᠭ᠎ᠠ ᠬᠡᠮᠵᠢᠶ᠎ᠡ ᠪᠠᠨ ᠬᠠᠷᠢᠭᠤᠴᠠᠨ | ᠲᠣᠭᠲᠠᠭᠠᠵᠤ᠂ ᠲᠤᠰ ᠭᠠᠵᠠᠷ ᠣᠷᠣᠨ ᠤ ᠪᠠᠨ ᠵᠢᠱᠢᠶ᠎ᠡ ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠤᠰ ᠭᠠᠵᠠᠷ ᠣᠷᠣᠨ ᠤ ᠪᠠᠨ ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ ᠪᠣᠯᠣᠨ ᠠᠰᠠᠭᠤᠳᠠᠯ ᠢ | ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦᠩᠨᠡᠨ ᠳᠡᠯᠭᠡᠷᠡᠭᠦᠯᠦᠨ᠎ᠡ᠃ | ︵ᠬᠤᠶᠠᠷ︶ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠪᠠᠶᠢᠭᠤᠯᠤᠨ᠎ᠠ᠃ ᠲᠤᠮᠤ ᠳ᠋ᠠᠶᠢᠲ᠋ᠠ ᠶᠢ | ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠵᠣᠬᠢᠶᠠᠨ | ᠪᠠᠶᠢᠭᠤᠯᠵᠤ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤᠨᠢ ᠬᠦᠷᠴᠦ ᠬᠠᠮᠲᠤᠷᠠᠨ ᠣᠨᠣᠰᠢᠯᠠᠬᠤ᠂ ᠭᠡᠷ ᠲᠤᠨᠢ | ᠬᠦᠷᠴᠦ ᠦᠢᠯᠡᠴᠢᠯᠡᠨ᠂ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠦ ᠪᠠᠶᠢᠭᠠᠳ ᠲᠤᠮᠤ ᠳ᠋ᠠᠶᠢᠲ᠋ᠠ ᠶᠢᠨ | ᠠᠭᠤᠰᠤᠯᠴᠠᠯ ᠤᠨ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠲᠣᠭᠲᠠᠭᠠᠨ᠎ᠠ᠃ ᠥᠪᠥᠷ ᠮᠣᠩᠭᠤᠯ ᠤᠨ ᠲᠤᠮᠤ | ᠳ᠋ᠠᠶᠢᠲ᠋ᠠ ᠶᠢᠨ ᠠᠵᠤ ᠦᠢᠯᠡᠰ ᠤᠨ ᠬᠤᠯᠪᠣᠭᠠᠲᠤ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠲᠤᠮᠤ ᠳ᠋ᠠᠶᠢᠲ᠋ᠠ ᠶᠢ | ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠪᠠᠶᠢᠭᠤᠯᠤᠨ᠂ | ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠪᠠ ᠵᠢᠱᠢᠶ᠎ᠡ ᠦᠵᠡᠭᠦᠯᠬᠦ | ᠲᠦᠷᠦᠯ ᠵᠦᠢᠯ ᠢ ᠰᠢᠭᠰᠢᠬᠦ᠂ ᠰᠢᠯᠭᠠᠷᠠᠭᠤᠯᠬᠤ᠂ ᠰᠢᠯᠭᠠᠨ ᠠᠪᠬᠤ᠂ ᠳ᠋ᠦᠩᠨᠡᠬᠦ᠂ ᠳᠡᠯᠭᠡᠷᠡᠭᠦᠯᠬᠦ ᠵᠡᠷᠭᠡ ᠠᠵᠢᠯ ᠢ | ᠬᠠᠮᠵᠢᠯᠴᠠᠨ ᠦᠷᠨᠢᠭᠦᠯᠦᠨ᠎ᠡ᠃ | ︵ᠭᠤᠷᠪᠠ︶ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ ᠠᠰᠢᠭᠯᠠᠨ᠂ ᠲᠤᠮᠤ ᠳ᠋ᠠᠶᠢᠲ᠋ᠠ ᠶᠢ ᠠᠵᠤ | ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠢ ᠤᠬᠠᠭᠤᠯᠤᠨ ᠲᠠᠶᠢᠯᠪᠤᠷᠢᠯᠠᠬᠤ᠂ ᠲᠦᠷᠦᠯ ᠵᠦᠢᠯ ᠢ | ᠳᠡᠯᠭᠡᠷᠡᠭᠦᠯᠬᠦ᠂ ᠲᠠᠪᠴᠠᠩ ᠢ ᠪᠦᠲᠦᠭᠡᠨ ᠪᠠᠶᠢᠭᠤᠯᠬᠤ᠂ ᠰᠢᠯᠢᠳᠡᠭ ᠬᠡᠷᠡᠭ ᠤᠨ ᠵᠢᠱᠢᠶ᠎ᠡ᠂ ᠪᠠᠷᠢᠮᠵᠢᠶ᠎ᠠ ᠲᠣᠭᠲᠠᠭᠠᠬᠤ | ᠵᠡᠷᠭᠡ ᠳᠤ ᠳᠡᠮᠵᠢᠯᠭᠡ ᠦᠵᠡᠭᠦᠯᠦᠨ᠎ᠡ᠃ ᠤᠳᠤ ᠶᠢᠨ ᠪᠠᠶᠢᠭ᠎ᠠ ᠡᠯ᠎ᠡ ᠠᠵᠢᠯ ᠲᠦᠷᠦᠯ ᠤᠨ ᠲᠤᠰᠬᠠᠶ ᠪᠡᠯᠡ ᠮᠥᠩᠭᠦ ᠶᠢ | ᠠᠰᠢᠭᠯᠠᠨ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠥᠷᠥᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ ᠲᠤᠮᠤ ᠳ᠋ᠠᠶᠢᠲ᠋ᠠ ᠶᠢᠨ ᠠᠵᠤ ᠦᠢᠯᠡᠰ ᠢ | ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠤᠯᠤᠰ ᠤᠨ ᠦᠮᠴᠢᠯᠠᠯᠲᠦ ᠬᠦᠷᠦᠩᠭᠡ᠂ ᠠᠵᠤ ᠦᠢᠯᠡᠰ ᠤᠨ | ᠬᠦ᠋ᠷᠥᠩᠭᠡ᠂ ᠨᠡᠶᠢᠭᠡᠮ ᠤᠨ ᠬᠥᠷᠥᠩᠭᠡ ᠬᠠᠮᠲᠤᠷᠠᠨ ᠣᠷᠣᠯᠴᠠᠵᠤ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ | ᠠᠭᠤᠰᠤᠯᠴᠠᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ | ᠠᠭᠤᠰᠤᠯᠴᠠᠭᠤᠯᠤᠬᠰᠠᠨ ᠵᠢᠱᠢᠶ᠎ᠡ ᠦᠵᠡᠭᠦᠯᠬᠦ ᠲᠥᠷᠥᠯ ᠵᠦᠢᠯ ᠳᠤ᠂ ᠤᠯᠤᠰ ᠪᠣᠯᠤᠨ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠡᠩ ᠲᠡᠷᠢᠭᠦᠨ ᠳᠤ ᠭᠤᠶᠤᠴᠢᠯᠡᠵᠦ ᠥᠭᠭᠦᠨ᠎ᠡ᠃ | ︵ᠲᠦᠷᠪᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ | ᠪᠥᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠰᠣᠨᠢᠨ ᠮᠡᠳᠡᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠤᠰ | ᠠᠵᠢᠯᠯᠠᠭ᠎ᠠ ᠶᠢᠨ ᠲᠥᠯᠥᠪᠯᠡᠭᠡ ᠶᠢᠨ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠠᠵᠢᠯ ᠤᠨ ᠦᠷ᠎ᠡ ᠪᠦᠲᠦᠮᠵᠢ᠂ | ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ᠂ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠥᠰᠦᠯ ᠢ | ᠭᠤᠣᠯᠳᠠᠯᠭ᠎ᠠ ᠲᠠᠢ ᠪᠠᠷ ᠤᠬᠠᠭᠤᠯᠤᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠵᠡᠭᠦᠯᠦᠯᠭᠡ ᠶᠢᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠠᠮᠵᠢᠯᠲᠠ ᠲᠠᠢ ᠲᠤᠷᠰᠢᠯᠭ᠎ᠠ ᠶᠢ ᠰᠣᠯᠢᠯᠴᠠᠵᠤ | ᠳᠡᠯᠭᠡᠷᠡᠭᠦᠯᠦᠨ᠎ᠡ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |