ᠥᠪᠥᠷ ᠮᠣᠩᠭᠤᠯ ᠣᠷᠣᠨ ᠨᠤᠲᠤᠭ ᠤᠨ ᠬᠤᠶᠠᠷ ᠪᠠᠷᠢᠮᠵᠢᠶ᠎ᠠ ᠶᠢ ᠬᠡᠷᠡᠭᠵᠢᠭᠦᠯᠦᠨ ᠬᠢᠴᠢᠶᠡᠯ ᠤᠨ ᠪᠢᠴᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠴᠢᠩᠭᠠᠷᠠᠭᠤᠯᠬᠤ ᠪᠣᠯᠣᠨ᠎ᠠ
ᠨᠡᠶᠢᠲᠡᠯᠡᠭᠰᠡᠨ ᠴᠠᠭ᠄
2018/9/20
     ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠶᠢᠨ ᠨᠣᠣᠷᠠᠭᠯᠠᠨ ᠲᠣᠭᠲᠠᠭᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠤᠶᠠᠷ ᠪᠠᠷᠢᠮᠵᠢᠶ᠎ᠠ᠂ ᠲᠤᠬᠠᠶᠢᠯᠠᠪᠠᠯ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠲᠠᠷᠬᠠᠭᠠᠯᠲᠠ ᠶᠢᠨ ᠦᠢᠯᠡᠴᠢᠯᠡᠭᠡᠨ ᠤ ᠵᠢᠷᠤᠮᠵᠢᠯ︾ ︵DB15/T 1377 — 2018︶ ᠪᠠ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠲᠠᠷᠬᠠᠭᠠᠬᠤ ᠦᠢᠯᠡᠴᠢᠯᠡᠭᠡ ᠶᠢ ᠦᠨᠡᠯᠡᠬᠦ ᠪᠠᠷᠢᠮᠵᠢᠶ᠎ᠠ︾ ︵DB15/T 1378 — 2018︶᠎ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠠᠴᠠ ᠠᠯᠪᠠᠨ ᠶᠣᠰᠣᠭᠠᠷ ᠢᠶᠠᠷ ᠨᠡᠶᠢᠲᠡᠯᠡᠨ ᠬᠡᠷᠡᠭᠵᠢᠭᠦᠯᠪᠡ᠃ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠲᠠᠷᠬᠠᠭᠠᠯᠲᠠ ᠶᠢᠨ ᠦᠢᠯᠡᠴᠢᠯᠡᠭᠡᠨ ᠤ ᠵᠢᠷᠤᠮᠵᠢᠯ︾᠎ ᠨᠢ  ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠲᠠᠷᠬᠠᠭᠠᠬᠤ ᠶᠠᠪᠤᠴᠠ ᠳᠤ ᠬᠤᠯᠪᠣᠭᠳᠠᠬᠤ ᠨᠡᠷ᠎ᠡ ᠲᠣᠮᠢᠶ᠎ᠠ ᠪᠣᠯᠣᠨ ᠲᠣᠮᠢᠶᠠᠯᠠᠯ ᠢ ᠵᠢᠷᠤᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠲᠠᠷᠬᠠᠭᠠᠬᠤ ᠲᠤᠬᠠᠶᠢᠯᠠᠭᠰᠠᠨ ᠠᠵᠢᠯ ᠬᠢᠭᠴᠢᠳ ᠤᠨ ᠪᠦᠷᠢᠯᠳᠦᠭᠦᠯᠬᠦ  ᠶᠣᠰᠣᠲᠠᠢ ᠬᠢᠷᠢ ᠭᠡᠮ ᠤᠨ ᠨᠥᠬᠦᠴᠡᠯ ᠢ ᠲᠣᠲᠤᠷᠬᠠᠶᠢᠯᠠᠵᠤ᠂ ᠤᠯᠤᠰ ᠠᠴᠠ ᠳᠤᠷᠠᠳᠤᠭᠰᠠᠨ ᠠᠶᠤᠯ ᠥᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠶᠣᠰᠣᠭᠠᠷ᠂ ᠠᠵᠢᠯᠲᠠᠨ᠂ ᠲᠡᠭᠡᠭᠡᠪᠦᠷᠢ᠂ ᠬᠠᠳᠠᠭᠠᠯᠠᠯᠲᠠ ᠶᠢᠨ ᠲᠠᠯ᠎ᠠ ᠪᠠᠷ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠪᠠ᠃ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠲᠠᠷᠬᠠᠭᠠᠬᠤ ᠦᠢᠯᠡᠴᠢᠯᠡᠭᠡ ᠶᠢ ᠦᠨᠡᠯᠡᠬᠦ ᠪᠠᠷᠢᠮᠵᠢᠶ᠎ᠠ︾ ᠪᠣᠯ ᠵᠢᠭᠠᠬᠤ ᠮᠠᠲ᠋ᠧᠷᠢᠶᠠᠯ ᠢ ᠲᠠᠷᠬᠠᠭᠠᠵᠤ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠲᠣᠬᠠᠢ ᠨᠢᠭᠡᠨ ᠰᠢᠯᠭᠠᠯᠲᠠ ᠮᠦᠨ ᠂ ᠪᠠᠷᠠᠭᠠᠨ ᠤ ᠭᠦᠢᠯᠭᠡᠭᠡᠨ ᠤ ᠶᠠᠰᠤ ᠴᠢᠨᠠᠷ᠂ ᠵᠠᠬᠢᠶᠠᠯᠠᠭ᠎ᠠ ᠶᠢᠨ  ᠬᠠᠩᠭᠠᠯᠭ᠎ᠠ ᠶᠢᠨ ᠨᠤᠷᠮ᠎ᠠ᠂ ᠴᠠᠭ ᠲᠤᠬᠠᠶ ᠳᠤ ᠨᠢ ᠪᠡᠶᠡᠯᠡᠭᠦᠯᠬᠦ ᠨᠤᠷᠮ᠎ᠠ᠂ ᠲᠠᠰᠢᠶᠠᠷᠠᠮᠵᠢ ᠶᠢᠨ ᠨᠣᠷᠮ᠎ᠠ᠂ ᠪᠠᠷᠠᠭᠠᠨ ᠤ ᠰᠦᠢᠳᠦᠯ ᠤᠨ ᠨᠤᠷᠮ᠎ᠠ᠂ ᠬᠡᠷᠡᠭᠯᠡᠭᠴᠢᠳ ᠤᠨ ᠮᠡᠳᠡᠭᠡ ᠵᠠᠩᠭᠢ ᠳᠤ ᠳᠠᠩᠰᠠ ᠡᠪᠬᠡᠮᠡᠯ ᠪᠠᠶᠢᠭᠤᠯᠬᠤ ᠨᠤᠷᠮ᠎ᠠ᠂ ᠲᠠᠷᠬᠠᠭᠠᠬᠤ ᠦᠢᠯᠡᠴᠢᠯᠡᠭᠡᠨ ᠤ ᠪᠦᠷᠬᠦᠯᠲᠡ ᠶᠢᠨ ᠨᠣᠷᠮ᠎ᠠ ᠲᠠᠢ ᠬᠤᠯᠪᠣᠭᠳᠠᠨ᠂ ᠬᠤᠪᠢ ᠶᠢ ᠬᠡᠮᠵᠢᠶᠡᠯᠡᠬᠦ ᠦᠢᠯᠡᠴᠢᠯᠡᠭᠡ ᠪᠠᠷ ᠨᠡᠩ ᠥᠨᠳᠥᠷ ᠪᠠᠷᠢᠮᠵᠢᠶ᠎ᠠ ᠲᠡᠰᠢ ᠳᠡᠪᠰᠢᠬᠤ ᠶᠢ ᠨᠢ ᠠᠬᠢᠭᠤᠯᠵᠤ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠴᠢᠳᠠᠪᠤᠷᠢ ᠪᠣᠯᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠪᠣᠯᠣᠨ᠎ᠠ᠃ ᠣᠷᠣᠨ ᠨᠤᠲᠤᠭ ᠤᠨ ᠬᠤᠶᠠᠷ ᠪᠠᠷᠢᠮᠵᠢᠶ᠎ᠠ ᠶᠢ ᠨᠡᠶᠢᠲᠡᠯᠡᠵᠦ  ᠬᠡᠷᠡᠭᠵᠢᠭᠦᠯᠦᠭᠰᠡᠨ ᠶᠠᠪᠤᠳᠠᠯ ᠨᠢ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠢ ᠲᠠᠷᠬᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠪᠣᠯᠣᠨ ᠤᠯᠤᠰ ᠲᠦᠷᠦᠴᠢ ᠴᠢᠨᠠᠷ ᠢ ᠴᠢᠩᠭᠠᠳᠬᠠᠬᠤ ᠶᠢᠨ ᠲᠥᠪᠯᠡᠷᠡᠩᠭᠦᠶ ᠢᠯᠡᠷᠡᠯ ᠮᠥᠨ᠂ ᠮᠠᠨ ᠤ ᠣᠷᠣᠨ ᠤ ᠥᠷᠭᠡᠨ ᠤᠯᠠᠨ ᠰᠤᠷᠤᠭᠴᠢᠳ᠂ ᠭᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠨ ᠬᠠᠮᠠᠭᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠢ ᠲᠠᠷᠬᠠᠭᠠᠬᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠮᠠᠨ ᠤ ᠣᠷᠣᠨ ᠤ ᠲᠠᠷᠬᠠᠭᠠᠯᠲᠠ ᠶᠢᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠣᠨᠣᠯ ᠤᠨ ᠠᠴᠢ ᠬᠤᠯᠪᠣᠭᠳᠠᠯ ᠪᠠ ᠠᠬᠤᠶᠢᠴᠢ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号