9 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018 | ᠣᠨ ᠤ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ | ᠶᠣᠰᠣᠯᠠᠯ ᠬᠥᠬᠡᠬᠤᠲᠠ ᠳᠤ ᠶᠠᠪᠤᠭᠳᠠᠪᠠ᠃ | ᠪᠦᠬᠦ ᠤᠯᠤᠰ ᠤᠨ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠭᠠᠷᠠᠭ ᠤᠨ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ | ᠬᠦᠴᠦᠨ ᠢᠶᠠᠷ ᠢᠶᠠᠨ ᠣᠷᠣᠯᠴᠠᠭᠰᠠᠨ ᠪᠠ ᠠᠬᠢᠭᠤᠯᠤᠭᠰᠠᠨ ᠨᠠᠰᠤᠨ ᠲᠤᠷᠰᠢᠳᠠ ᠰᠤᠷᠤᠯᠴᠠᠬᠤ᠂ ᠨᠡᠶᠢᠭᠡᠮ | ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠠᠵᠢᠯ ᠲᠦᠷᠭᠡᠨ ᠬᠥᠭᠵᠢᠪᠠ᠃ | ᠲᠠᠨᠢᠯᠴᠠᠭᠤᠯᠤᠭᠰᠠᠨ ᠢᠶᠠᠷ᠂ 2013 ᠣᠨ ᠳᠤ ᠪᠦᠬᠦ ᠤᠯᠤᠰ ᠤᠨ ᠰᠢᠯᠭᠠᠷᠠᠭᠤᠯᠤᠯᠲᠠ ᠬᠢᠭᠰᠡᠨ ᠠᠴᠠ ᠨᠠᠭᠠᠰᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 15 ︽ᠤᠯᠠᠨ ᠲᠦᠮᠡᠨ ᠤ ᠰᠤᠷᠤᠯᠴᠠᠯᠭ᠎ᠠ ᠶᠢᠨ ᠣᠳᠣᠨ︾ | ︽ᠨᠠᠰᠤᠨ ᠲᠤᠷᠰᠢᠳᠠ ᠰᠤᠷᠤᠯᠴᠠᠬᠤ ᠨᠡᠷᠡᠳᠬᠦᠨ ᠤ ᠲᠥᠷᠥᠯ ᠵᠦᠢᠯ︾ ᠨᠢ ᠤᠷᠢᠳ ᠬᠤᠵᠢᠳ ᠰᠤᠷᠭᠠᠨ | ᠬᠥᠮᠦᠵᠢᠯ ᠤᠨ ᠶᠠᠮᠤᠨ ᠪᠣᠯᠤᠨ ᠳᠤᠮᠳᠠᠳᠤ ᠤᠯᠤᠰ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ | ᠨᠡᠶᠢᠭᠡᠮᠯᠢᠭ ᠤᠨ ᠰᠠᠶᠢᠰᠢᠶᠠᠯ ᠢ ᠣᠯᠵᠤ᠂ ᠬᠥᠬᠡᠬᠤᠲᠠ ᠶᠢᠨ ᠨᠡᠶᠢᠭᠡᠮ ᠲᠣᠭᠤᠷᠢᠭ ᠤᠨ ᠳᠡᠭᠡᠳᠦ ᠰᠤᠷᠭᠠᠭᠤᠯᠢ ᠶᠢᠨ | ᠡᠷᠬᠢᠯᠡᠭᠰᠡᠨ ︽ᠤᠷᠠᠨ ᠪᠢᠴᠢᠯᠭᠡᠲᠡᠨ ᠤᠷᠠᠨ ᠵᠢᠷᠤᠭᠴᠢᠨ ᠤ ᠵᠢᠭᠠᠨ ᠰᠤᠷᠭᠠᠯᠲᠠ ᠶᠢ ᠨᠡᠶᠢᠭᠡᠮ ᠲᠣᠭᠤᠷᠢᠭ ᠲᠤ | ᠣᠷᠣᠭᠤᠯᠬᠤ︾ ᠵᠢᠭᠠᠨ ᠰᠤᠷᠭᠠᠯᠲᠠ ᠶᠢᠨ ᠲᠦᠷᠦᠯ ᠵᠦᠢᠯ ᠨᠢ ︽ᠵᠡᠭᠦᠨ ᠬᠤᠶᠢᠲᠤ ᠣᠷᠣᠨ ᠥᠪᠥᠷ ᠮᠣᠩᠭᠤᠯ | ᠣᠷᠣᠨ ᠤ ᠨᠠᠰᠤᠨ ᠲᠤᠷᠰᠢᠳᠠ ᠶᠢᠨ ᠰᠤᠷᠭᠠᠨ ᠬᠥᠮᠦᠵᠢᠯ ᠤᠨ ᠨᠡᠷᠡᠳᠬᠦᠨ ᠤ ᠲᠥᠷᠥᠯ ᠵᠦᠢᠯ︾ ᠪᠠ ︽2017 | ᠣᠨ ᠤ ᠪᠥᠬᠦ ᠤᠯᠤᠰ ᠤᠨ ᠨᠠᠰᠤᠨ ᠲᠤᠷᠰᠢᠳᠠ ᠰᠤᠷᠤᠯᠴᠠᠬᠤ ᠨᠡᠷᠡᠳᠬᠦᠨ︾ ᠤ ᠱᠠᠩᠨᠠᠯ ᠢ ᠲᠤᠰᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 7 ᠬᠤᠰᠢᠭᠤ ᠰᠢᠶᠠᠨ ᠲᠣᠭᠤᠷᠢᠭ ᠨᠢ ᠤᠷᠢᠳ ᠬᠤᠵᠢᠳ ᠰᠤᠷᠭᠠᠨ | ᠬᠥᠮᠦᠵᠢᠯ ᠤᠨ ᠶᠠᠮᠤᠨ ᠵᠡᠷᠭᠡ 9 ᠰᠠᠯᠠᠭ᠎ᠠ ᠮᠥᠴᠢᠷ ᠲᠤ ︽ᠤᠯᠤᠰ ᠤᠨ ᠳᠡᠰ ᠤᠨ ᠬᠥᠳᠡᠭᠡ ᠲᠣᠰᠬᠤᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ | ᠰᠢᠶᠠᠨ︾ ᠢᠶᠠᠷ ᠰᠠᠶᠢᠰᠢᠶᠠᠨ ᠬᠥᠬᠢᠭᠦᠯᠦᠭᠳᠡᠪᠡ᠃ | ᠮᠠᠨ ᠤ ᠣᠷᠣᠨ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠭᠠᠷᠠᠭ ᠤᠨ ᠠᠵᠢᠯᠯᠠᠭ᠎ᠠ ᠪᠠᠷ | ᠳᠠᠮᠵᠢᠭᠤᠯᠤᠨ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠨᠠᠰᠤᠨ ᠲᠤᠷᠰᠢᠳᠠ ᠰᠤᠷᠤᠯᠴᠠᠬᠤ ᠰᠤᠷᠭᠠᠨ | ᠬᠥᠮᠦᠵᠢᠯ ᠤᠨ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠪᠠ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠬᠥᠷᠥᠩᠭᠡ ᠶᠢᠨ ᠪᠦᠬᠦ ᠠᠷᠠᠳ ᠤᠨ ᠨᠠᠰᠤᠨ ᠲᠤᠷᠰᠢᠳᠠ ᠶᠢᠨ | ᠰᠤᠷᠤᠯᠴᠠᠯᠭ᠎ᠠ ᠳᠤ ᠣᠷᠣᠯᠴᠠᠬᠤ ᠶᠢ ᠨᠢ ᠵᠣᠷᠢᠭᠵᠢᠭᠤᠯᠵᠤ᠂ ᠪᠦᠬᠦ ᠠᠷᠠᠳ ᠢᠶᠠᠷ ᠢᠶᠠᠨ ᠨᠠᠰᠤᠨ | ᠲᠤᠷᠰᠢᠳᠠ ᠰᠤᠷᠤᠯᠴᠠᠬᠤ ᠠᠭᠤᠷ ᠠᠮᠢᠰᠬᠤᠯ ᠢ ᠪᠣᠢ ᠪᠣᠯᠭᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦ | ᠣᠷᠣᠨ ᠤ ︽ᠤᠯᠠᠨ ᠲᠦᠮᠡᠨ ᠤ ᠰᠤᠷᠤᠯᠴᠠᠯᠭ᠎ᠠ ᠶᠢᠨ ᠣᠳᠣᠨ︾ ᠪᠠ ︽ᠨᠠᠰᠤᠨ ᠲᠤᠷᠰᠢᠳᠠ ᠶᠢᠨ ᠰᠤᠷᠤᠯᠴᠠᠯᠭ᠎ᠠ | ᠶᠢᠨ ᠨᠡᠷᠡᠳᠬᠦᠨ ᠤ ᠲᠦᠷᠦᠯ ᠵᠦᠢᠯ︾ ᠨᠢ ᠰᠠᠶᠢᠰᠢᠶᠠᠨ ᠬᠥᠬᠢᠭᠦᠯᠦᠭᠳᠡᠪᠡ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ | ᠬᠤᠷᠠᠯ ᠳᠤ ᠣᠷᠣᠯᠴᠠᠭᠰᠠᠳ ᠬᠥᠬᠡᠬᠤᠲᠠ ᠶᠢᠨ ᠹᠦ᠋ ᠰᠢᠩ ᠨᠡᠶᠢᠭᠡᠮ ᠲᠣᠭᠤᠷᠢᠭ᠂ ᠬᠤᠮᠰᠢᠮ ᠪᠣᠳᠢᠰᠠᠳ᠋ᠸ᠎ᠠ ᠶᠢᠨ | ᠰᠦᠮ᠎ᠡ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠪᠦᠳᠤᠭᠡᠨ ᠪᠠᠶᠢᠭᠤᠯᠤᠯᠲᠠ ᠶᠢ ᠲᠣᠭᠤᠷᠢᠨ ᠦᠵᠡᠪᠡ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠦᠷᠭᠦᠯᠵᠢᠯᠡᠨ ᠵᠣᠷᠢᠭᠲᠠᠶ ᠪᠠᠷ ᠬᠢᠵᠦ᠂ ᠪᠦᠬᠦ ᠠᠷᠠᠳ ᠤᠨ | ᠨᠠᠰᠤᠨ ᠲᠤᠷᠰᠢᠳᠠ ᠶᠢᠨ ᠰᠤᠷᠤᠯᠴᠠᠯᠭ᠎ᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠨ᠂ 2019 | ᠣᠨ ᠳᠤ᠂ ᠥᠪᠡᠷᠲᠡᠭᠡᠨ ᠵᠠᠰᠠᠬᠤ ᠣᠷᠣᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ | ᠲᠦᠰᠢᠭᠯᠡᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠲᠤᠷᠰᠢᠯᠲᠠ ᠶᠢ ᠥᠷᠨᠢᠭᠦᠯᠵᠤ᠂ | ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠥᠮᠦᠵᠢᠯ ᠤᠨ ᠲᠤᠷᠰᠢᠯᠲᠠ ᠶᠢ ᠥᠷᠨᠢᠭᠦᠯᠬᠦ ᠪᠠᠷ ᠪᠠᠶᠢᠨ᠎ᠠ᠃ |