ᠥᠪᠥᠷ ᠵᠠᠰᠠᠭ ᠠᠯᠪᠠᠨ ᠲᠠᠷᠬᠠᠭᠠᠭᠰᠠᠨ ﹇2018﹈ 38 ᠳ᠋ᠤᠭᠠᠷ ᠲᠤᠭᠠᠳᠤ | 2018 ᠣᠨ ᠤ 6 ᠳ᠋ᠤᠭᠠᠷ ᠰᠠᠷ᠎ᠠ ᠶᠢᠨ 7 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠥᠷᠭᠡᠨ ᠢᠯᠡᠭᠡᠯᠲᠠ ᠶᠢᠨ ᠪᠠᠷᠠᠭᠠᠨ ᠤ ᠭᠦᠢᠯᠭᠡᠭᠡᠨ ᠤ | ᠵᠣᠬᠢᠴᠠᠯᠳᠤᠨ ᠬᠦᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 1 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠡᠳ᠂ ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ | ᠰᠠᠭᠤᠷᠢ ᠪᠠᠯᠡᠳᠭᠡᠮᠵᠢ ᠶᠢ ᠲᠡᠭᠦᠯᠳᠡᠷᠵᠢᠭᠦᠯᠦᠨ᠎ᠡ | ︵ᠨᠢᠭᠡ︶ ᠵᠣᠬᠢᠴᠠᠯᠳᠤᠭᠤᠯᠤᠨ ᠬᠦᠭᠵᠢᠭᠦᠯᠬᠦ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠨᠢ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠢ | ᠵᠣᠬᠢᠴᠠᠯᠳᠤᠭᠤᠯᠤᠨ ᠬᠦᠭᠵᠢᠭᠦᠯᠬᠦ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠦᠨ᠂ ᠨᠤᠲᠤᠭ ᠪᠦᠰᠡ ᠶᠢᠨ | ᠣᠷᠣᠨ ᠤ ᠪᠠᠶᠢᠷᠢᠰᠢᠯ᠂ ᠴᠢᠳᠠᠪᠬᠢ ᠶᠢᠨ ᠪᠠᠶᠢᠷᠢ ᠲᠣᠭᠲᠠᠭᠠᠯᠲᠠ᠂ ᠬᠦᠭᠵᠢᠯᠲᠡ ᠶᠢᠨ ᠬᠢᠷᠢ ᠲᠦᠪᠰᠢᠨ ᠵᠡᠷᠭᠡ | ᠬᠦᠴᠦᠨ ᠵᠦᠢᠯ ᠢ ᠶᠡᠷᠦᠩᠬᠡᠢ ᠳᠤᠨᠢ ᠪᠣᠳᠣᠯᠬᠢᠯᠠᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ | ᠲᠦᠷᠭᠡᠨ ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡ ᠶᠢᠨ ᠭᠠᠵᠠᠷ ᠲᠠᠯᠠᠪᠠᠢ᠂ ᠲᠥᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡ ᠯᠦᠭᠡ ᠬᠤᠯᠪᠣᠭᠳᠠᠭᠰᠠᠨ ᠬᠦᠮᠦᠷᠭᠡᠯᠡᠨ ᠬᠠᠳᠠᠭᠠᠯᠠᠬᠤ᠂ ᠬᠤᠪᠢᠶᠠᠨ ᠰᠠᠯᠭᠠᠵᠤ | ᠦᠭᠬᠦ᠂ ᠲᠣᠬᠢᠷᠠᠭᠤᠯᠤᠨ ᠬᠦᠷᠭᠡᠬᠦ ᠵᠡᠷᠭᠡ ᠪᠡᠯᠡᠳᠭᠡᠮᠵᠢ ᠶᠢ ᠨᠠᠷᠢᠨ ᠲᠥᠯᠥᠪᠵᠢᠭᠦᠯᠭᠡ ᠳᠤ ᠣᠷᠤᠭᠤᠯᠵᠤ᠂ ᠤᠶᠤᠨᠴᠢ | ᠲᠥᠷᠭᠡᠨ ᠢᠯᠡᠭᠡᠯᠲᠡ ᠶᠢᠨ ᠬᠠᠶᠢᠷᠴᠠᠭ ᠪᠣᠯᠣᠨ ᠲᠥᠷᠭᠡᠨ ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ | ᠦᠢᠯᠡᠴᠢᠯᠡᠭᠡ ᠶᠢᠨ ᠭᠠᠵᠠᠷ ᠲᠠᠯᠠᠪᠠᠢ ᠶᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠬᠠᠮᠢᠶ᠎ᠠ ᠪᠦᠬᠦᠢ | ᠲᠥᠯᠥᠪᠵᠢᠭᠦᠯᠭᠡ ᠳᠤ ᠣᠷᠤᠭᠤᠯᠵᠤ᠂ ᠵᠣᠬᠢᠴᠠᠭᠤᠯᠬᠤ ᠲᠣᠭᠲᠠᠴᠠ ᠪᠠᠶᠢᠭᠤᠯᠤᠨ᠂ ᠬᠠᠮᠢᠶ᠎ᠠ ᠪᠦᠬᠦᠢ | ᠲᠥᠯᠥᠪᠵᠢᠭᠦᠯᠭᠡ ᠶᠢᠨ ᠬᠤᠭᠤᠷᠣᠨᠳᠤᠬᠢ ᠪᠦᠲᠦᠮᠵᠢᠲᠡᠢ ᠲᠠᠢ ᠵᠣᠯᠭᠠᠭᠤᠯᠲᠠ ᠪᠠ ᠨᠢᠭᠡᠳᠦᠯᠲᠡᠢ ᠬᠠᠮᠢᠶᠠᠷᠤᠯᠲᠠ ᠶᠢ | ᠴᠢᠩᠭᠠᠳᠬᠠᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠡ ᠳᠤ ᠵᠤᠬᠢᠴᠠᠭᠰᠠᠨ ᠲᠦᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠢ᠃ | 2020 ᠣᠨ ᠪᠣᠯᠲᠠᠯ᠎ᠠ᠂ ᠠᠶᠢᠮᠠᠭ ᠬᠤᠲᠠ ᠳᠤ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ︵ᠬᠤᠲᠠ᠂ | ᠲᠣᠭᠤᠷᠢᠭ︶ ᠳᠤ ᠬᠤᠪᠢᠶᠠᠨ ᠰᠠᠯᠭᠠᠵᠤ ᠥᠭᠬᠦ ᠭᠠᠵᠠᠷ ᠲᠠᠢ᠂ ᠰᠤᠮᠤ ᠰᠢᠶᠠᠩ ᠪᠠᠯᠭᠠᠰᠤ ᠳᠤ ᠲᠣᠣᠷ ᠴᠢᠬ ᠲᠠᠢ᠂ | ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠨᠡᠪᠲᠡᠷᠡᠭᠰᠡᠨ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ | ᠵᠡᠷᠭᠡ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠬᠤᠶᠠᠷ︶ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠨ᠎ᠠ᠃ | ᠣᠳᠣ ᠶᠢᠨ ᠭᠠᠵᠠᠷ ᠬᠡᠷᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠪᠠᠲᠤᠯᠠᠬᠤ ᠬᠡᠷᠡᠭᠲᠡᠢ᠃ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠤᠭᠠᠷ᠂ ᠬᠠᠮᠢᠶ᠎ᠠ ᠪᠦᠬᠦᠢ ᠠᠵᠤ ᠦᠢᠯᠡᠰ ᠨᠢ ᠤᠷᠲᠤ ᠬᠤᠭᠤᠴᠠᠭ᠎ᠠ ᠪᠠᠷ ᠲᠦᠷᠢᠶᠠᠰᠦᠯᠡᠬᠦ᠂ | ᠤᠷᠢᠳᠠᠪᠠᠷ ᠲᠥᠷᠢᠶᠠᠰᠤᠯᠡᠨ ᠳᠠᠷᠠᠭ᠎ᠠ ᠨᠢ ᠰᠢᠯᠵᠢᠭᠦᠯᠬᠦ᠂ ᠲᠥᠷᠢᠶᠡᠰᠦᠯᠡᠬᠦ ᠪᠠ ᠰᠢᠯᠵᠢᠭᠦᠯᠬᠦ ᠶᠢ ᠤᠶᠠᠯᠳᠤᠭᠤᠯᠬᠤ᠂ | ᠬᠠᠷᠢᠮᠠᠬᠠᠢ ᠴᠢᠨᠠᠷ ᠲᠠᠢ ᠪᠠᠷ ᠲᠥᠯᠥᠪᠦᠷᠢᠲᠠᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠠᠶᠢᠭᠠᠳ ᠭᠠᠵᠠᠷ | ᠰᠢᠷᠤᠢ ᠶᠢ ᠬᠡᠷᠡᠭᠯᠡᠵᠦ ᠪᠣᠯᠣᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠬᠠᠭᠤᠴᠢᠨ | ᠦᠢᠯᠡᠳᠪᠦᠷᠢ ᠶᠢᠨ ᠭᠡᠷ ᠪᠠᠶᠢᠰᠢᠩ᠂ ᠰᠠᠩ ᠬᠦᠮᠦᠷᠭᠡ ᠪᠣᠯᠣᠨ ᠤᠭ ᠤᠨ ᠪᠠᠶᠢᠭᠰᠠᠨ ᠭᠠᠵᠠᠷ ᠰᠢᠷᠤᠢ ᠶᠢᠨ ᠡᠬᠢ | ᠪᠠᠶᠠᠯᠢᠭ ᠢ ᠠᠰᠢᠭᠯᠠᠨ ᠪᠠᠷᠠᠭᠠᠨ ᠤ ᠭᠦᠢᠯᠭᠡᠭᠡᠨ ᠤ ᠪᠡᠯᠡᠳᠭᠡᠮᠵᠢ ᠪᠠᠶᠢᠭᠤᠯᠬᠤ ᠪᠣᠶᠤ ᠪᠠᠷᠠᠭᠠᠨ ᠤ ᠭᠦᠢᠯᠭᠡᠭᠡ ᠶᠢᠨ | ᠦᠢᠯᠡᠴᠢᠯᠡᠭᠡ ᠬᠠᠩᠭᠠᠬᠤ ᠳᠤ᠂ ᠤᠭ ᠤᠨ ᠬᠤᠪᠢᠶᠠᠷᠢᠯᠠᠨ ᠰᠠᠯᠭᠠᠭᠰᠠᠨ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠦᠭᠬᠦ ᠪᠣᠶᠤ ᠲᠥᠷᠢᠶᠠᠰᠦᠯᠡᠬᠦ ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ | ᠶᠣᠰᠤᠭᠠᠷ ᠭᠠᠵᠠᠷ ᠰᠢᠷᠤᠢ ᠶᠢ ᠲᠥᠯᠥᠪᠦᠷᠢᠲᠡᠢ ᠬᠡᠷᠡᠭᠯᠡᠬᠦ ᠭᠠᠷᠳᠠᠮ ᠢ ᠭᠦᠢᠴᠡᠳᠭᠡᠨ᠂ ᠵᠦᠪᠰᠢᠶᠡᠷᠡᠭᠦᠯᠦᠭᠡᠳ | ᠬᠡᠯᠡᠯᠴᠡᠭᠡᠷ ᠲᠣᠭᠲᠠᠭᠠᠬᠤ ᠠᠷᠭ᠎ᠠ ᠮᠠᠶ᠋ᠢᠭ ᠢ ᠬᠡᠷᠡᠭᠯᠡᠨ ᠲᠥᠯᠥᠪᠦᠷᠢᠲᠡᠢ ᠪᠠᠷ ᠰᠢᠯᠵᠢᠭᠦᠯᠵᠦ ᠪᠣᠯᠣᠨ᠎ᠠ᠃ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠤᠭ ᠤᠨ ᠪᠠᠶᠢᠭᠰᠠᠨ ᠭᠡᠷ ᠪᠠᠶᠢᠰᠢᠩ ᠪᠠ ᠭᠠᠵᠠᠷ | ᠰᠢᠷᠤᠢ ᠶᠢᠨ ᠡᠬᠢ ᠪᠠᠶᠠᠯᠢᠭ ᠢ ᠠᠰᠢᠭᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠷᠢᠯᠴᠠᠨ | ᠦᠢᠯᠡᠳᠦᠯᠴᠡᠬᠦ ᠲᠤᠬᠠᠶᠢᠯᠠᠭᠰᠠᠨ ᠠᠵᠢᠯ ᠢ ᠬᠦᠭᠵᠢᠭᠦᠯᠬᠦ ᠳᠤ᠂ 5 ᠵᠢᠯ ᠤᠨ ᠳᠣᠲᠣᠷ᠎ᠠ ᠭᠠᠵᠠᠷ ᠰᠢᠷᠤᠢ ᠶᠢᠨ ᠤᠭ ᠤᠨ | ᠬᠡᠷᠡᠭᠯᠡᠭᠡᠨ ᠪᠣᠯᠣᠨ ᠡᠷᠬᠡ ᠠᠰᠢᠭ ᠤᠨ ᠲᠥᠷᠥᠯ ᠬᠡᠯᠪᠡᠷᠢ ᠶᠢ ᠨᠢ ᠥᠯᠥ ᠬᠤᠪᠢᠷᠠᠭᠤᠯᠬᠤ ᠶᠢ ᠪᠠᠲᠤᠯᠠᠨ᠂ 5 ᠵᠢᠯ ᠤᠨ | ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠭᠠᠵᠠᠷ ᠬᠡᠷᠡᠭᠯᠡᠬᠦ ᠬᠠᠮᠢᠶ᠎ᠠ ᠪᠦᠬᠦᠢ ᠭᠠᠷᠳᠠᠮ ᠢ ᠵᠠᠪᠠᠯ ᠭᠦᠢᠴᠡᠳᠭᠡᠬᠦ | ᠴᠢᠬᠤᠯᠠ ᠲᠠᠢ ᠪᠣᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠤᠭᠠᠷ ᠭᠦᠢᠴᠡᠳᠭᠡᠨ᠎ᠡ᠃ ︵ | ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠰᠠᠭᠤᠷᠢ ᠪᠡᠯᠡᠳᠭᠡᠮᠵᠢ ᠶᠢᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠲᠦᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠬᠦᠲᠦᠯᠦᠨ ᠵᠢᠯᠣᠭᠤᠳᠴᠦ ᠪᠠᠶᠢᠭᠠᠳ ᠪᠦᠬᠦ | ᠤᠯᠤᠰ ᠤᠨ ᠴᠢᠨᠠᠷᠲᠠᠢ ᠵᠢᠴᠢ ᠤᠷᠤᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡ ᠶᠢᠨ ᠵᠠᠩᠭᠢᠶᠠᠰᠤ ᠪᠣᠯᠬᠤ | ᠬᠤᠲᠠ᠂ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠲᠠ᠂ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠣᠯᠣᠨ ᠲᠦᠷᠭᠡᠨ ᠢᠯᠡᠭᠡᠯᠲᠡ ᠶᠢᠨ ᠵᠢᠱᠢᠶ᠎ᠡ ᠦᠵᠡᠭᠦᠯᠬᠦ ᠬᠤᠲᠠ ᠳᠤ ᠲᠦᠰᠢᠭᠯᠡᠨ᠂ | ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶ᠎ᠡ ᠶᠢᠨ ᠪᠠᠶᠢᠷᠢᠰᠢᠯ ᠢ ᠲᠡᠭᠦᠯᠳᠡᠷᠵᠢᠭᠦᠯᠵᠦ᠂ | ᠲᠦᠷᠭᠡᠨ ᠢᠯᠡᠭᠡᠯᠲᠡ ᠶᠢᠨ ᠵᠦᠢᠯᠡᠰ ᠢ ᠰᠢᠢᠳᠪᠦᠷᠢᠯᠡᠬᠦ ᠲᠥᠪ᠂ ᠠᠭᠠᠷ ᠤᠨ ᠵᠢᠴᠢ ᠬᠠᠭᠤᠷᠠᠢ ᠵᠠᠮ ᠤᠨ | ᠳᠡᠭᠡᠭᠡᠪᠦᠷᠢ ᠶᠢᠨ ᠲᠦᠪᠯᠡᠷᠡᠭᠦᠯᠵᠦ ᠬᠤᠪᠢᠶᠠᠷᠢᠯᠠᠬᠤ ᠲᠥᠪ ᠪᠣᠯᠣᠨ ᠦᠨᠳᠦᠰᠦᠨ ᠱᠠᠲᠤᠨ ᠤ ᠲᠣᠣᠷ ᠴᠢᠬ ᠵᠡᠷᠭᠡ | ᠲᠣᠣᠷ ᠰᠦᠯᠵᠢᠶ᠎ᠡ ᠶᠢᠨ ᠵᠠᠩᠭᠢᠶᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳᠡᠰ ᠱᠠᠲᠤ ᠪᠠᠷ ᠵᠦᠢ | ᠵᠣᠬᠢᠰᠲᠠᠢ᠂ ᠬᠡᠪᠴᠢᠶ᠎ᠡ ᠪᠠᠷ ᠲᠣᠬᠢᠷᠠᠮᠵᠢᠲᠠᠢ᠂ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠰᠠᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠣᠷ ᠰᠦᠯᠵᠢᠶ᠎ᠡ ᠶᠢ | ᠴᠣᠭᠴᠠᠯᠠᠨ ᠪᠠᠶᠢᠭᠤᠯᠬᠤ ᠬᠡᠷᠡᠭᠲᠡᠢ᠃ ᠬᠦᠬᠡᠬᠤᠲᠠ ᠳᠤ ᠨᠢᠭᠡᠳᠦᠭᠡᠷ ᠳᠡᠰ ᠤᠨ ᠲᠦᠷᠭᠡᠨ ᠢᠯᠡᠭᠡᠯᠲᠡ ᠶᠢᠨ ᠲᠤᠰᠬᠠᠢ | ᠲᠥᠷᠦᠯ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠠᠶᠢᠷᠢᠰᠢᠭᠤᠯᠤᠨ ᠪᠠᠶᠢᠭᠤᠯᠵᠤ᠂ ᠪᠣᠭᠤᠲᠤ | ᠬᠤᠲᠠ᠂ ᠲᠥᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ ᠪᠣᠯᠣᠨ | ᠦᠬᠠᠢ ᠬᠤᠲᠠ ᠳᠤ ᠬᠤᠶᠠᠳᠤᠭᠠᠷ ᠳᠡᠰ ᠤᠨ ᠲᠥᠷᠭᠡᠨ ᠢᠯᠡᠭᠡᠯᠲᠡ ᠶᠢᠨ ᠲᠤᠰᠬᠠᠢ ᠲᠥᠷᠥᠯ ᠤᠨ ᠪᠠᠷᠠᠭᠠᠨ ᠤ | ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠪᠠᠶᠢᠷᠢᠰᠢᠭᠤᠯᠤᠨ ᠪᠠᠶᠢᠭᠤᠯᠤᠨ᠂ ᠪᠣᠰᠣᠳ ᠠᠶᠢᠮᠠᠭ ᠬᠤᠲᠠ ᠳᠤ | ᠪᠣᠳᠠᠲᠠᠢ ᠲᠠᠢ ᠨᠢ ᠤᠶᠠᠯᠳᠤᠭᠤᠯᠤᠨ ᠭᠤᠷᠪᠠᠳᠤᠭᠠᠷ ᠳᠡᠰ ᠤᠨ ᠲᠦᠷᠭᠡᠨ ᠢᠯᠡᠭᠡᠯᠲᠡ ᠶᠢᠨ ᠲᠤᠰᠬᠠᠢ ᠲᠥᠷᠥᠯ ᠤᠨ | ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠡᠳᠦᠢ ᠲᠡᠳᠦᠢ ᠪᠠᠶᠢᠷᠢᠰᠢᠭᠤᠯᠤᠨ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠲᠥᠷᠭᠡᠨ ᠢᠯᠡᠭᠡᠯᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠤᠪᠢᠶᠠᠨ | ᠰᠠᠯᠭᠠᠵᠤ ᠥᠭᠬᠦ ︵ᠲᠦᠪᠯᠡᠷᠡᠭᠦᠯᠵᠦ ᠬᠤᠪᠢᠶᠠᠷᠢᠯᠠᠬᠤ︶ ᠲᠥᠪ ᠪᠠᠶᠢᠭᠤᠯᠵᠤ᠂ 2018 ᠣᠨ ᠤ ᠡᠴᠦᠰ ᠪᠣᠯᠬᠤ ᠳᠤ | ᠪᠦᠬᠦ ᠣᠷᠣᠨ ᠤ ᠡᠯ᠎ᠡ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠵᠦ ᠬᠤᠪᠢᠶᠠᠷᠢᠯᠠᠬᠤ | ᠲᠥᠪ ᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠥᠪ᠂ ᠰᠤᠮᠤ ᠰᠢᠶᠠᠩ ᠪᠠᠯᠭᠠᠰᠤ ᠶᠢᠨ ᠲᠣᠬᠢᠷᠠᠭᠤᠯᠤᠨ | ᠬᠦᠷᠭᠡᠬᠦ ᠵᠠᠩᠭᠢᠶᠠᠰᠤ᠂ ᠭᠠᠴᠠᠭ᠎ᠠ ᠲᠤᠰᠬᠤᠨ ᠤ ᠣᠯᠠᠨ ᠨᠡᠶᠢᠲᠡ ᠶᠢᠨ ᠦᠢᠯᠡᠴᠢᠯᠡᠭᠡ ᠶᠢᠨ ᠴᠢᠬ ᠢᠶᠠᠷ ᠲᠤᠯᠭᠠᠭᠤᠷᠢᠯᠠᠯ | ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠲᠣᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠪᠦᠷᠢᠨᠰᠢᠭᠦᠯᠦᠨ᠎ᠡ᠃ | ᠰᠤᠮᠤ ᠰᠢᠶᠠᠩ ᠪᠠᠯᠭᠠᠰᠤ ᠶᠢᠨ ᠲᠦᠷᠭᠡᠨ ᠢᠯᠡᠭᠡᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ 2018 ᠣᠨ ᠤ ᠡᠴᠦᠰ ᠪᠣᠯᠬᠤ ᠳᠤ ᠪᠦᠬᠦ ᠣᠷᠣᠨ ᠤ ᠰᠤᠮᠤ ᠰᠢᠶᠠᠩ | ᠪᠠᠯᠭᠠᠰᠤ ᠶᠢᠨ ᠲᠦᠷᠭᠡᠨ ᠢᠯᠡᠭᠡᠯᠲᠡ ᠶᠢᠨ ᠲᠣᠣᠷ ᠴᠢᠬ ᠤᠨ ᠪᠦᠷᠢᠨ ᠪᠦᠷᠬᠦᠭᠦᠯᠬᠦ ᠨᠣᠷᠮ᠎ᠠ ᠶᠢ 95% ᠠᠴᠠ | ᠳᠡᠭᠡᠭᠰᠢ ᠳᠤ ᠬᠦᠷᠦᠭᠦᠯᠦᠨ᠎ᠡ᠃ ᠭᠠᠴᠠᠭ᠎ᠠ ᠲᠤᠰᠬᠤᠨ ᠤ ᠲᠦᠷᠭᠡᠨ ᠢᠯᠡᠭᠡᠯᠲᠡ ᠶᠢᠨ ᠶᠡᠷᠦᠩᠬᠡᠶᠢᠯᠡᠭᠰᠡᠨ | ᠦᠢᠯᠡᠴᠢᠯᠡᠭᠡ ᠶᠢᠨ ᠴᠢᠬ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠪᠠᠷᠠᠭᠠᠨ ᠤ ᠭᠦᠢᠯᠭᠡᠭᠡ ᠶᠢᠨ ᠲᠡᠭᠦᠰᠭᠡᠯ ᠦᠢᠯᠡᠴᠢᠯᠡᠭᠡ ᠶᠢᠨ ᠲᠣᠣᠷ ᠰᠦᠯᠵᠢᠶ᠎ᠡ ᠶᠢ ᠪᠦᠷᠢᠨᠰᠢᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ︵ᠳᠥᠷᠪᠡ︶ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠢᠭᠡᠳ ᠳᠡᠰ ᠳᠡᠪᠰᠢᠭᠦᠯᠬᠦ ᠶᠢ | ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠰᠢᠶᠠᠨ ᠤ ᠲᠥᠷᠥᠯ ᠵᠦᠢᠯ᠂ ᠪᠦᠬᠦ ᠤᠯᠤᠰ ᠤᠨ ᠬᠤᠲᠠ ᠶᠢᠨ ᠪᠠᠷᠠᠭᠠᠨ ᠤ ᠭᠦᠢᠯᠭᠡᠭᠡ ᠶᠢᠨ ᠤᠬᠠᠭᠠᠯᠢᠭ | ᠲᠣᠬᠢᠷᠠᠭᠤᠯᠤᠨ ᠬᠦᠷᠭᠡᠬᠦ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠠ ᠤᠯᠤᠰ ᠤᠨ ᠳᠡᠰ᠂ ᠥᠪᠡᠷᠲᠡᠭᠡᠨ ᠵᠠᠰᠠᠬᠤ | ᠣᠷᠣᠨ ᠤ ᠳᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ | ᠣᠷᠣᠵᠤ ᠵᠢᠱᠢᠶ᠎ᠡ ᠦᠵᠡᠭᠦᠯᠦᠨ ᠬᠦᠳᠦᠯᠦᠨ ᠵᠢᠯᠣᠭᠤᠳᠬᠤ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ | ᠬᠤᠲᠠ ᠠᠴᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠬᠦᠷᠲᠡᠯᠡᠬᠢ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠡᠵᠡᠩᠨᠡᠨ ᠪᠣᠷᠤᠯᠠᠭᠤᠯᠬᠤ ᠪᠠ | ᠲᠣᠬᠢᠷᠠᠭᠤᠯᠤᠨ ᠬᠦᠷᠭᠡᠬᠦ ᠰᠢᠰᠲ᠋ᠧᠮᠵᠢ ᠳᠤ ᠢᠳᠡᠪᠬᠢᠲᠡᠢ ᠣᠷᠣᠯᠴᠠᠭᠤᠯᠵᠤ᠂ ᠠᠵᠤ ᠦᠢᠯᠡᠳᠪᠦᠷᠢ ᠶᠢᠨ | ᠦᠢᠯᠡᠳᠬᠦᠨ ᠢ ᠬᠦᠳᠡᠭᠡ ᠲᠤᠰᠬᠤᠨ ᠳᠤ ᠪᠠᠭᠤᠯᠭᠠᠬᠤ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠥᠭᠰᠦᠬᠦ ᠶᠢᠨ ᠬᠤᠣᠰ ᠴᠢᠭᠯᠡᠯᠲᠦ ᠭᠦᠢᠯᠭᠡᠭᠡᠨ ᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ | ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ | ᠬᠠᠮᠲᠤᠷᠠᠯᠴᠠᠨ ᠬᠠᠷᠢᠭᠤᠴᠠᠨ᠎ᠠ︶ | ᠬᠤᠶᠠᠷ᠂ ᠵᠣᠬᠢᠴᠠᠯᠳᠤᠭᠤᠯᠤᠨ ᠬᠦᠭᠵᠢᠭᠦᠯᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠣᠷᠴᠢᠨ | ᠨᠦᠬᠦᠴᠡᠯ ᠢ ᠰᠢᠯᠢᠳᠡᠭᠵᠢᠭᠦᠯᠦᠨ᠎ᠡ | ︵ᠲᠠᠪᠤ︶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠭᠡᠨ | ᠢᠯᠡᠭᠡᠯᠲᠡ ᠶᠢᠨ ᠦᠢᠯᠡᠰ ᠤᠨ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠥᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠵᠤ ᠦᠢᠯᠡᠳᠪᠦᠷᠢ | ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠶᠢᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ︽ᠨᠢᠭᠡ | ᠦᠨᠡᠮᠯᠡᠯ ᠳᠤ ᠣᠯᠠᠨ ᠬᠠᠶ᠋ᠢᠭ ᠲᠠᠢ ᠪᠠᠶᠢᠯᠭᠠᠬᠤ︾ ᠵᠠᠭᠪᠤᠷ ᠢ ᠬᠡᠷᠡᠭᠵᠢᠭᠦᠯᠦᠨ᠎ᠡ᠃ ᠲᠦᠷᠭᠡᠨ ᠢᠯᠡᠭᠡᠯᠲᠡ ᠶᠢᠨ | ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠦᠪᠰᠢᠶᠡᠷᠡᠬᠦ ᠳᠡᠰ ᠳᠠᠷᠠᠭᠠᠯᠠᠯ ᠢ ᠴᠣᠮᠬᠠᠳᠬᠠᠨ᠂ ᠲᠦᠷᠭᠡᠨ | ᠢᠯᠡᠭᠡᠯᠲᠡ ᠶᠢᠨ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠳᠥᠷᠢᠮ ᠢ ᠥᠭᠡᠷᠡᠴᠢᠯᠡᠵᠦ᠂ ᠲᠦᠷᠭᠡᠨ | ᠢᠯᠡᠭᠡᠯᠲᠡ ᠶᠢᠨ ᠲᠤᠬᠠᠶᠢᠯᠠᠭᠰᠠᠨ ᠠᠵᠢᠯ ᠡᠵᠡᠩᠨᠡᠬᠦ ᠠᠵᠤ ᠠᠬᠤᠶᠢᠯᠠᠯ ᠵᠢᠴᠢ ᠬᠤᠪᠢᠶᠠᠷᠢ ᠰᠠᠯᠪᠤᠷᠢ ᠪᠠᠶᠢᠭᠤᠯᠤᠮᠵᠢ ᠶᠢ | ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠰᠤᠷᠭᠠᠭᠤᠯᠢ᠂ ᠰᠤᠮᠤ ᠰᠢᠶᠠᠩ ᠪᠠᠯᠭᠠᠰᠤ᠂ ᠭᠠᠴᠠᠭ᠎ᠠ | ᠲᠤᠰᠬᠤᠨ ᠵᠡᠷᠭᠡ ᠣᠷᠣᠨ ᠪᠦᠰᠡ ᠳᠤ ᠰᠢᠭᠤᠳ ᠪᠠᠶᠢᠭᠤᠯᠬᠤ᠂ ᠪᠣᠶᠤ ᠡᠯ᠎ᠡ ᠲᠥᠷᠥᠯ ᠤᠨ ᠬᠤᠳᠠᠯᠳᠤᠭᠠᠨ ᠤ | ᠪᠠᠶᠢᠭᠤᠯᠤᠮᠵᠢ᠂ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠬᠠᠮᠢᠶᠠᠷᠤᠯᠲᠠ ᠶᠢᠨ ᠰᠠᠯᠠᠭ᠎ᠠ ᠮᠦᠴᠢᠷ ᠵᠡᠷᠭᠡ ᠳᠤ | ᠨᠠᠶᠢᠳᠠᠵᠤ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠬᠠᠩᠭᠠᠬᠤ ᠳᠤ᠂ ᠲᠣᠭᠲᠠᠭᠰᠠᠨ ᠭᠠᠵᠠᠷ ᠲᠠᠯᠠᠪᠠᠢ᠂ | ᠪᠡᠯᠡᠳᠭᠡᠮᠵᠢ ᠶᠢᠨ ᠲᠣᠣᠷ ᠴᠢᠬ ᠲᠠᠢ ᠪᠦᠭᠡᠳ ᠪᠦᠷᠢᠳᠭᠡᠨ ᠳᠠᠩᠰᠠᠯᠠᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠲᠥᠷᠭᠡᠨ ᠢᠯᠡᠭᠡᠯᠲᠡ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠦᠪᠰᠢᠶᠡᠷᠡᠬᠦ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠦᠪᠰᠢᠶᠡᠷᠡᠯ ᠤᠨ ᠪᠦᠷᠢᠳᠭᠡᠨ | ᠳᠠᠩᠰᠠᠯᠠᠭᠤᠯᠬᠤ ᠵᠦᠢᠯᠡᠰ ᠢ ᠰᠦᠯᠵᠢᠶ᠎ᠡ ᠪᠠᠷ ᠨᠢᠭᠡᠳᠦᠯᠲᠡᠢ ᠭᠦᠢᠴᠡᠳᠭᠡᠬᠦ ᠶᠢ ᠪᠡᠶᠡᠯᠡᠭᠦᠯᠦᠨ᠎ᠡ᠃ ᠠᠵᠢᠯ ᠬᠡᠷᠡᠭ ᠤᠨ | ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠬᠤᠶᠠᠷ ᠢ ᠰᠤᠭᠤᠴᠢᠬᠤ᠂ | ᠨᠢᠭᠡ ᠶᠢ ᠢᠯᠡ ᠪᠠᠶᠢᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ︵ᠥᠪᠥᠷ | ᠮᠣᠩᠭᠤᠯ ᠤᠨ ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠵᠢᠷᠭᠤᠭ᠎ᠠ︶ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ | ᠡᠭᠦᠳᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠬᠦᠳᠦᠯᠦᠨ ᠵᠢᠯᠣᠭᠤᠳᠴᠤ ᠪᠠᠶᠢᠭᠠᠳ | ᠲᠠᠸᠠᠷ ᠲᠤ ᠦᠨ᠎ᠡ ᠲᠣᠭᠲᠠᠭᠠᠬᠤ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠳᠤ ᠦᠨ᠎ᠡ ᠲᠣᠭᠲᠠᠭᠠᠬᠤ ᠶᠢ | ᠠᠯᠬᠤᠮ ᠠᠯᠬᠤᠮ ᠢᠶᠠᠷ ᠰᠠᠯᠭᠠᠵᠦ᠂ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠠᠴᠠ ᠬᠡᠷᠡᠭᠯᠡᠭᠰᠡᠳ ᠤᠨ | ᠬᠡᠷᠡᠭᠴᠡᠭᠡᠨ ᠤ ᠱᠠᠭᠠᠷᠳᠠᠯᠭ᠎ᠠ ᠶᠢ ᠦᠨᠳᠦᠰᠦᠯᠡᠨ ᠠᠳᠠᠯᠢ ᠪᠣᠰᠤ ᠬᠤᠭᠤᠴᠠᠭᠠᠲᠤ ᠦᠢᠯᠡᠳᠦᠯ᠂ ᠠᠳᠠᠯᠢ ᠪᠣᠰᠤ ᠦᠨ᠎ᠡ | ᠬᠠᠩᠰᠢ ᠲᠠᠢ ᠦᠷᠲᠡᠭ ᠨᠡᠮᠡᠭᠳᠡᠭᠦᠯᠬᠦ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠬᠡᠷᠡᠭᠯᠡᠭᠰᠡᠳ ᠲᠦᠷᠭᠡᠨ | ᠢᠯᠡᠭᠡᠯᠲᠡ ᠶᠢᠨ ᠦᠢᠯᠡᠴᠢᠯᠡᠭᠡ ᠶᠢ ᠥᠪᠡᠷ ᠢᠶᠠᠨ ᠰᠤᠩᠭᠤᠬᠤ ᠡᠷᠬᠡ ᠬᠢᠵᠠᠭᠠᠷ ᠢ ᠴᠢᠯᠦᠭᠡᠲᠡᠢ ᠪᠣᠯᠭᠠᠵᠤ᠂ ᠦᠨ᠎ᠡ | ᠬᠠᠩᠰᠢ ᠬᠢᠭᠡᠳ ᠦᠢᠯᠡᠴᠢᠯᠡᠭᠡ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ | ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ | ︵ᠳᠣᠯᠤᠭ᠎ᠠ︶ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠶᠢᠨ ᠣᠯᠠᠨ ᠨᠡᠶᠢᠲᠡ ᠳᠤ | ᠬᠠᠷᠢᠶᠠᠯᠠᠭᠳᠠᠬᠤ ᠴᠢᠨᠠᠷ ᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ | ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠦᠷᠭᠡᠨ ᠢᠯᠡᠭᠡᠯᠲᠡ ᠶᠢᠨ ᠠᠵᠤ | ᠠᠬᠤᠶᠢᠯᠠᠯ ᠤᠳ ᠤᠨ ᠬᠠᠮᠲᠤᠷᠠᠯᠴᠠᠵᠤ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡ ᠶᠢᠨ ᠭᠠᠵᠠᠷ ᠲᠠᠯᠠᠪᠠᠢ | ᠪᠠᠶᠢᠭᠤᠯᠬᠤ ᠶᠢ ᠳᠡᠮᠵᠢᠵᠦ᠂ ᠨᠡᠶᠢᠭᠡᠮ ᠨᠡᠶᠢᠲᠡ ᠶᠢᠨ ᠡᠬᠢ ᠪᠠᠶᠠᠯᠢᠭ ᠢ ᠲᠦᠷᠭᠡᠨ ᠢᠯᠡᠭᠡᠯᠲᠡ ᠶᠢᠨ ᠦᠢᠯᠡᠴᠢᠯᠡᠭᠡ | ᠲᠡᠰᠢ ᠴᠢᠯᠦᠭᠡᠲᠡᠢ ᠪᠣᠯᠭᠠᠬᠤ ᠶᠢ ᠠᠬᠢᠭᠤᠯᠤᠨ᠂ ᠤᠶᠤᠨᠴᠢ ᠲᠦᠷᠭᠡᠨ ᠢᠯᠡᠭᠡᠯᠲᠡ ᠶᠢᠨ ᠬᠠᠶᠢᠷᠴᠠᠭ᠂ ᠲᠦᠷᠭᠡᠨ | ᠢᠯᠡᠭᠡᠯᠲᠡ ᠶᠢᠨ ᠲᠡᠭᠦᠰᠭᠡᠯ ᠶᠡᠷᠦᠩᠬᠡᠶᠢᠯᠡᠭᠰᠡᠨ ᠦᠢᠯᠡᠴᠢᠯᠡᠭᠡᠨ ᠤ ᠭᠠᠵᠠᠷ ᠲᠠᠯᠠᠪᠠᠢ ᠶᠢᠨ ᠣᠯᠠᠨ ᠨᠡᠶᠢᠲᠡ ᠳᠤ | ᠬᠠᠷᠢᠶᠠᠯᠠᠭᠳᠠᠬᠤ ᠴᠢᠨᠠᠷ ᠢ ᠲᠣᠳᠣᠷᠬᠠᠶᠢᠯᠠᠨ᠂ ᠲᠤᠰᠬᠠᠶᠢᠵᠢᠭᠰᠠᠨ᠂ ᠣᠯᠠᠨ ᠨᠡᠶᠢᠲᠡᠵᠢᠬᠰᠡᠨ᠂ ᠲᠠᠪᠴᠠᠩᠵᠢᠭᠰᠠᠨ ᠪᠠ | ᠡᠷᠴᠢᠮᠵᠢᠭᠰᠡᠨ ᠲᠦᠷᠭᠡᠨ ᠢᠯᠡᠭᠡᠯᠲᠡ ᠶᠢᠨ ᠲᠡᠭᠦᠰᠭᠡᠯ ᠲᠣᠣᠷ ᠴᠢᠬ ᠤᠨ ᠬᠡᠷᠡᠭᠯᠡᠬᠦ ᠭᠠᠵᠠᠷ᠂ ᠤᠰᠤ ᠴᠠᠬᠢᠯᠭᠠᠨ | ᠵᠡᠷᠭᠡ ᠶᠢᠨ ᠲᠥᠭᠦᠷ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | | ︵ᠨᠠᠢᠮᠠ︶ ᠳ᠋ᠠᠶᠢᠲ᠋ᠠ ᠶᠢ ᠬᠠᠮᠲᠤ ᠳᠠᠭᠠᠨ ᠬᠦᠷᠲᠡᠬᠦ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ | ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠡᠯ᠎ᠡ ᠭᠤᠭᠴᠣᠭᠠᠨ ᠳᠠᠬᠢ ᠳ᠋ᠠᠶᠢᠲ᠋ᠠ ᠶᠢᠨ | ᠵᠠᠯᠭᠠᠭᠤᠯᠬᠤ ᠪᠠᠷᠢᠮᠵᠢᠶ᠎ᠠ ᠪᠠᠶᠢᠭᠤᠯᠬᠤ ᠶᠢ ᠠᠬᠢᠭᠤᠯᠵᠤ᠂ ᠪᠡᠯᠡᠳᠭᠡᠮᠵᠢ ᠲᠦᠬᠦᠭᠡᠷᠦᠮᠵᠢ᠂ ᠠᠵᠢᠯᠯᠠᠭᠠᠨ ᠤ ᠴᠣᠪᠣᠷᠠᠯ᠂ | ᠮᠡᠳᠡᠭᠡ ᠵᠠᠩᠭᠢ ᠰᠣᠯᠢᠯᠴᠠᠭ᠎ᠠ ᠶᠢᠨ ᠨᠢᠭᠡ ᠴᠣᠭᠴᠠᠵᠢᠬᠤ ᠶᠢ ᠠᠬᠢᠭᠤᠯᠤᠨ᠎ᠠ᠃ ᠲᠦᠷᠭᠡᠨ ᠢᠯᠡᠭᠡᠯᠲᠡ ᠶᠢᠨ ᠪᠠᠷᠠᠭᠠᠨ ᠤ | ᠭᠦᠢᠯᠭᠡᠭᠡ ᠶᠢᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠪᠠᠶᠢᠭᠤᠯᠬᠤ ᠶᠢ | ᠵᠣᠷᠢᠬᠵᠢᠭᠤᠯᠤᠨ᠂ ᠬᠡᠷᠡᠭᠯᠡᠭᠰᠡᠳ ᠤᠨ ᠬᠤᠪᠢ ᠬᠦᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ | ᠤᠷᠢᠳᠠᠯ ᠳᠣᠣᠷ᠎ᠠ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠵᠣᠷᠢᠬᠵᠢᠭᠤᠯᠬᠤ ᠪᠠ ᠬᠦᠲᠦᠯᠦᠨ | ᠵᠢᠯᠣᠭᠤᠳᠴᠤ ᠪᠠᠶᠢᠭᠠᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ | ᠬᠤᠭᠤᠷᠣᠨᠳᠤ ᠳ᠋ᠠᠶᠢᠲ᠋ᠠ ᠪᠠᠨ ᠰᠣᠯᠢᠯᠴᠠᠨ ᠬᠠᠮᠲᠤ ᠳᠠᠭᠠᠨ ᠬᠦᠷᠲᠡᠬᠦ ᠶᠢ ᠦᠷᠨᠢᠭᠦᠯᠵᠦ᠂ ᠲᠣᠬᠢᠷᠠᠭᠤᠯᠤᠨ ᠬᠦᠷᠭᠡᠬᠦ | ᠠᠰᠢᠭᠯᠠᠮᠵᠢ ᠶᠢ ᠬᠠᠮᠲᠤ ᠪᠠᠷ ᠳᠡᠭᠡᠭᠰᠢᠯᠡᠭᠦᠯᠦᠨ᠎ᠡ᠃ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ ᠲᠦᠷᠭᠡᠨ | ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠳ᠋ᠠᠶᠢᠲ᠋ᠠ ᠶᠢ ᠬᠠᠮᠠᠭᠠᠯᠠᠬᠤ᠂ ᠴᠢᠯᠦᠭᠡᠲᠡᠢ ᠪᠠᠷ ᠬᠠᠮᠲᠤ ᠳᠠᠭᠠᠨ ᠬᠦᠷᠲᠡᠬᠦ | ᠶᠣᠰᠤ ᠳᠥᠷᠢᠮ ᠢ ᠲᠡᠭᠦᠯᠳᠡᠷᠵᠢᠭᠦᠯᠦᠨ᠂ ᠳ᠋ᠠᠶᠢᠲ᠋ᠠ ᠲᠠᠰᠤᠯᠳᠠᠬᠤ ᠵᠡᠷᠭᠡ ᠲᠥᠭᠰᠢᠭᠦᠷᠢ ᠶᠢ ᠦᠨᠡᠯᠡᠨ ᠵᠢᠱᠢᠬᠦ᠂ | ᠤᠷᠢᠳᠴᠢᠯᠠᠨ ᠮᠡᠳᠡᠭᠳᠡᠬᠦ ᠪᠠ ᠠᠵᠢᠯ ᠬᠡᠷᠡᠭ ᠤᠨ ᠡᠮᠦᠨ᠎ᠡ ᠮᠡᠳᠡᠭᠦᠯᠬᠦ ᠳᠥᠷᠢᠮ ᠢ ᠪᠠᠶᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ | ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶ | ︵ᠶᠢᠰᠦ︶ ᠵᠤᠬᠢᠴᠠᠯᠳᠤᠭᠤᠯᠤᠨ ᠬᠠᠮᠲᠤ ᠪᠠᠷ ᠵᠠᠰᠠᠬᠤ ᠶᠢ ᠴᠢᠩᠭᠠᠳᠬᠠᠨ᠎ᠠ᠃ ᠠᠵᠢᠯ ᠲᠥᠷᠥᠯ ᠤᠨ | ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠨᠢ ᠪᠠᠳᠠᠷᠠᠭᠤᠯᠵᠤ᠂ ᠡᠯᠧᠺᠲᠷᠤᠨ ᠬᠤᠳᠠᠯᠳᠤᠭᠠᠨ ᠤ | ᠶᠠᠪᠤᠳᠠᠯ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠵᠡᠷᠭᠡ ᠬᠠᠮᠢᠶ᠎ᠠ ᠪᠦᠬᠦᠢ ᠨᠡᠶᠢᠭᠡᠮᠯᠢᠭ᠂ | ᠬᠤᠳᠠᠯᠳᠤᠭᠠᠴᠢᠳ ᠤᠨ ᠡᠪᠯᠡᠯ ᠤᠳ ᠢ ᠵᠣᠷᠢᠬᠵᠢᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠲᠦᠷᠦᠯ ᠤᠨ ᠶᠣᠰᠤ | ᠳᠥᠷᠢᠮ ᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭᠠᠳᠬᠠᠨ᠂ ᠥᠪᠡᠷ ᠢ ᠪᠠᠨ ᠱᠠᠭᠠᠷᠳᠠᠬᠤ ᠠᠮᠠᠯᠳᠠᠭ᠎ᠠ ᠶᠢᠨ ᠪᠢᠴᠢᠭ ᠲᠣᠭᠲᠠᠭᠠᠬᠤ ᠶᠢ ᠵᠣᠷᠢᠬᠵᠢᠭᠤᠯᠤᠨ᠂ ᠠᠵᠢᠯ | ᠲᠥᠷᠥᠯ ᠤᠨ ᠬᠢᠨ ᠤ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ᠂ | ᠪᠠᠷᠠᠭᠠᠨ ᠤ ᠭᠦᠢᠯᠭᠡᠭᠡ ᠪᠠ ᠲᠦᠷᠭᠡᠨ ᠢᠯᠡᠭᠡᠯᠲᠡ ᠵᠡᠷᠭᠡ ᠲᠠᠪᠴᠠᠩ ᠤᠨ ᠬᠡᠯᠪᠡᠷᠢ ᠶᠢᠨ ᠠᠵᠤ ᠠᠬᠤᠶᠢᠯᠠᠯ ᠤᠳ ᠢ | ᠬᠦᠲᠦᠯᠦᠨ ᠵᠢᠯᠣᠭᠤᠳᠴᠤ ᠪᠠᠶᠢᠭᠠᠳ ᠲᠠᠪᠴᠠᠩ ᠢᠶᠠᠷ ᠦᠢᠯᠡᠴᠢᠯᠡᠬᠦ ᠵᠦᠪᠳᠡᠯᠴᠡᠭᠡᠷ᠂ ᠠᠷᠠᠯᠵᠢᠶᠠᠯᠠᠬᠤ ᠶᠣᠰᠤ | ᠳᠥᠷᠢᠮ ᠪᠠ ᠢᠲᠡᠭᠡᠮᠵᠢ ᠶᠢᠨ ᠦᠨᠡᠯᠡᠬᠦ ᠳᠥᠷᠢᠮ ᠢ ᠪᠦᠷᠢᠨᠰᠢᠭᠦᠯᠦᠨ᠂ ᠭᠤᠣᠯᠴᠢ ᠪᠠᠷ ᠦᠷᠢᠰᠦᠯᠳᠦᠬᠦ ᠡᠮᠬᠢ | ᠲᠢᠭᠯᠢᠮ ᠢ ᠦᠨᠡᠨᠬᠦ ᠬᠠᠮᠠᠭᠠᠯᠠᠵᠤ᠂ ᠬᠡᠷᠡᠭᠯᠡᠭᠰᠡᠳ ᠤᠨ ᠡᠷᠬᠡ ᠠᠰᠢᠭ ᠢ ᠬᠠᠮᠠᠭᠠᠯᠠᠨ᠎ᠠ᠃ ᠳ᠋ᠠᠶᠢᠲ᠋ᠠ ᠪᠣᠯᠣᠨ ᠮᠡᠷᠭᠡᠵᠢᠯ | ᠵᠡᠷᠭᠡ ᠡᠬᠢ ᠪᠠᠶᠠᠯᠢᠭ ᠢ ᠴᠢᠯᠦᠭᠡᠲᠡᠢ ᠪᠠᠶᠢᠯᠭᠠᠬᠤ ᠶᠢ ᠵᠣᠷᠢᠬᠵᠢᠭᠤᠯᠤᠨ᠂ ᠳᠡᠭᠡᠲᠥ ᠳᠣᠣᠷᠠᠳᠤ ᠬᠡᠯᠬᠢᠶᠡᠨ ᠳᠠᠬᠢ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠦᠨ ᠴᠢᠳᠠᠪᠤᠷᠢ ᠶᠢ ᠡᠷᠴᠢᠯᠡᠵᠦ᠂ ᠠᠵᠢᠯ ᠲᠥᠷᠥᠯ ᠤᠨ ᠬᠢᠨ ᠪᠠ | ᠠᠵᠤ ᠠᠬᠤᠶᠢᠯᠠᠯ ᠤᠳ ᠤᠨ ᠬᠤᠭᠤᠷᠣᠨᠳᠤ ᠪᠠᠨ ᠴᠢᠯᠦᠭᠡᠲᠡᠢ ᠪᠠᠷ ᠬᠠᠮᠵᠢᠯᠴᠠᠬᠤ᠂ ᠬᠠᠷᠢᠯᠴᠠᠨ ᠠᠰᠢᠭ ᠬᠦᠷᠲᠡᠨ | ᠬᠠᠮᠳᠤ ᠳᠠᠭᠠᠨ ᠣᠯᠵᠠᠪᠤᠷᠢ ᠲᠠᠢ ᠪᠣᠯᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ | ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠬᠠᠷᠢᠭᠤᠴᠠᠨ᠎ᠠ︶ | ᠭᠤᠷᠪᠠ᠂ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠵᠢᠷᠤᠮᠵᠢᠯ ᠲᠠᠢ ᠲᠡᠭᠡᠭᠡᠪᠦᠷᠢᠯᠡᠨ ᠡᠵᠡᠩᠨᠡᠬᠦ ᠪᠠ | ᠰᠠᠭᠠᠳ ᠦᠭᠡᠢ ᠨᠡᠪᠲᠡᠷᠡᠬᠦ ᠳᠤ ᠳᠦᠭᠦᠮ ᠦᠵᠡᠭᠦᠯᠬᠦ ᠶᠢ ᠠᠬᠢᠭᠤᠯᠤᠨ᠎ᠠ | ︵ᠠᠷᠪᠠ︶ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠵᠢᠷᠤᠮᠵᠢᠯ ᠲᠠᠢ ᠲᠡᠭᠡᠭᠡᠪᠦᠷᠢᠯᠡᠨ ᠡᠵᠡᠩᠨᠡᠬᠦ ᠶᠢ | ᠠᠬᠢᠭᠤᠯᠤᠨ᠎ᠠ᠃ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢ ᠵᠢᠷᠤᠮᠵᠢᠭᠤᠯᠤᠨ ᠬᠠᠮᠢᠶᠠᠷᠬᠤ | ᠠᠷᠭ᠎ᠠ ᠶᠢ ᠲᠣᠭᠲᠠᠭᠠᠵᠤ᠂ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢ ᠨᠢᠭᠡᠳᠦᠯᠲᠡᠢ | ᠳ᠋ᠤᠭᠠᠷᠯᠠᠬᠤ ᠪᠠ ᠢᠯᠭᠠᠬᠤ ᠲᠡᠮᠳᠡᠭ ᠬᠠᠳᠠᠬᠤ ᠬᠠᠮᠢᠶᠠᠷᠤᠯᠲᠠ ᠶᠢ ᠬᠡᠷᠡᠭᠵᠢᠭᠦᠯᠥᠨ᠂ ᠲᠦᠷᠭᠡᠨ ᠢᠯᠡᠭᠡᠯᠲᠡ ᠶᠢᠨ | ᠦᠢᠯᠡᠴᠢᠯᠡᠭᠡᠨ ᠤ ᠲᠡᠷᠭᠡ ᠬᠦᠰᠭᠡ ᠶᠢᠨ ᠵᠢᠯᠣᠭᠤᠴᠢ ᠳᠤ ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠦᠮᠦᠵᠢᠯ ᠢ | ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠦ ᠪᠠᠶᠢᠭᠠᠳ ᠲᠦᠷᠭᠡᠨ ᠦᠢᠯᠡᠴᠢᠯᠡᠭᠡᠨ ᠤ ᠲᠡᠷᠭᠡ | ᠬᠦᠰᠭᠡ ᠶᠢᠨ ᠵᠢᠯᠣᠭᠤᠴᠢᠳ ᠤᠨ ᠠᠮᠤᠷ ᠲᠦᠪᠰᠢᠨ ᠤ ᠬᠠᠮᠢᠶᠠᠷᠤᠯᠲᠠ ᠪᠠ ᠪᠣᠯᠪᠠᠰᠤᠷᠠᠭᠤᠯᠤᠯ ᠤᠨ ᠳᠦᠷᠢᠮ ᠢ | ᠪᠠᠶᠢᠭᠤᠯᠤᠨ᠂ ᠠᠵᠤ ᠠᠬᠤᠶᠢᠯᠠᠯ ᠤᠳ ᠤᠨ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠶᠢᠨ | ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠵᠢᠯᠣᠭᠤᠴᠢᠳ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠰᠢᠭᠤᠳ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠭᠡᠨ | ᠢᠯᠡᠭᠡᠯᠲᠡ ᠶᠢᠨ ᠠᠵᠤ ᠠᠬᠤᠶᠢᠯᠠᠯ ᠤᠳ ᠤᠨ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠳᠤ ᠵᠠᠮ | ᠬᠠᠷᠢᠯᠴᠠᠭ᠎ᠠ ᠶᠢᠨ ᠰᠠᠨᠠᠭᠠᠨ ᠳᠤ ᠦᠭᠡᠢ ᠭᠡᠨᠡᠳᠡᠯ ᠤᠨ ᠳᠠᠭᠠᠳᠬᠠᠯ ᠬᠤᠳᠠᠯᠳᠤᠨ ᠠᠪᠴᠤ ᠥᠭᠬᠦ ᠶᠢ ᠳᠡᠮᠵᠢᠨ᠎ᠡ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ ᠠᠵᠤ ᠠᠬᠤᠶᠢᠯᠠᠯ ᠢ | ᠬᠦᠳᠦᠯᠦᠨ ᠵᠢᠯᠣᠭᠤᠳᠴᠦ ᠪᠠᠶᠢᠭᠠᠳ ᠪᠠᠷᠢᠮᠵᠢᠶ᠎ᠠ ᠳᠤ ᠨᠡᠶᠢᠴᠡᠭᠰᠡᠨ ᠲᠣᠬᠢᠷᠠᠭᠤᠯᠤᠨ ᠬᠦᠷᠭᠡᠬᠦ ᠮᠠᠰᠢᠨ ᠲᠡᠷᠭᠡ ᠶᠢ | ᠬᠡᠷᠡᠭᠯᠡᠭᠦᠯᠵᠦ᠂ ᠲᠣᠬᠢᠷᠠᠭᠤᠯᠤᠨ ᠬᠦᠷᠭᠡᠬᠦ ᠮᠠᠰᠢᠨ ᠲᠡᠷᠭᠡᠨ ᠤ ᠪᠠᠷᠢᠮᠵᠢᠶᠠᠵᠢᠭᠤᠯᠬᠤ ᠪᠠ ᠬᠠᠶᠢᠷᠴᠠᠭᠵᠢᠭᠤᠯᠬᠤ ᠶᠢ | ᠠᠬᠢᠭᠤᠯᠤᠨ᠎ᠠ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠᠨ ᠨᠢᠭᠡ︶ ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠨᠡᠪᠲᠡᠷᠡᠬᠦ ᠳᠤ ᠳᠦᠭᠦᠮ ᠦᠵᠡᠭᠦᠯᠦᠨ᠎ᠡ᠃ | ᠡᠯ᠎ᠡ ᠠᠶᠢᠮᠠᠭ ᠬᠤᠲᠠ ᠶᠢᠨ ᠬᠢᠨ ᠲᠤᠬᠠᠢ ᠶᠢᠨ ᠭᠠᠵᠠᠷ ᠲᠠᠭᠠᠨ ᠲᠣᠬᠢᠷᠠᠭᠤᠯᠵᠤ ᠪᠠᠶᠢᠭᠠᠳ ᠬᠤᠲᠠ ᠶᠢᠨ | ᠲᠣᠬᠢᠷᠠᠭᠤᠯᠤᠨ ᠬᠦᠷᠭᠡᠬᠦ ᠲᠡᠷᠭᠡ ᠬᠦᠰᠭᠡ ᠶᠢᠨ ᠨᠡᠪᠲᠡᠷᠡᠬᠦ ᠶᠢ ᠬᠠᠮᠢᠶᠠᠷᠬᠤ ᠲᠥᠷᠥ ᠶᠢᠨ ᠪᠣᠳᠣᠯᠭ᠎ᠠ ᠲᠣᠭᠲᠠᠭᠠᠬᠤ | ᠪᠦᠭᠡᠳ ᠲᠡᠭᠦᠯᠳᠡᠷᠵᠢᠭᠦᠯᠦᠨ᠂ ᠨᠡᠪᠲᠡᠷᠡᠬᠦ ᠣᠷᠣᠨ ᠪᠦᠰᠡ ᠪᠣᠯᠣᠨ ᠴᠠᠭ ᠢ ᠵᠦᠢ ᠵᠣᠬᠢᠰᠲᠠᠢ ᠲᠣᠭᠲᠠᠭᠠᠵᠤ᠂ | ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠲᠡᠷᠭᠡ ᠬᠦᠰᠭᠡ ᠵᠡᠷᠭᠡ ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ | ᠬᠦᠰᠭᠡ ᠶᠢᠨ ᠨᠡᠪᠲᠡᠷᠡᠬᠦ ᠳᠤ ᠳᠦᠭᠦᠮ ᠦᠵᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠤ ᠬᠤᠳᠠᠯᠳᠤᠭᠠᠨ ᠤ | ᠲᠣᠭᠤᠷᠢᠭ᠂ ᠣᠷᠣᠨ ᠰᠠᠭᠤᠴᠠ ᠶᠢᠨ ᠲᠣᠭᠤᠷᠢᠭ᠂ ᠳᠡᠭᠡᠲᠥ ᠵᠡᠷᠭᠡ ᠶᠢᠨ ᠰᠤᠷᠭᠠᠭᠤᠯᠢ ᠵᠡᠷᠭᠡ ᠣᠷᠣᠨ ᠪᠦᠰᠡ ᠪᠠᠷ | ᠵᠣᠭᠰᠣᠬᠤ᠂ ᠠᠴᠢᠶᠠᠯᠠᠬᠤ ᠪᠠᠭᠤᠯᠭᠠᠬᠤ᠂ ᠴᠠᠬᠢᠯᠭᠠᠨ ᠴᠡᠨᠡᠭᠯᠡᠬᠦ ᠵᠡᠷᠭᠡ ᠪᠡᠯᠡᠳᠭᠡᠮᠵᠢ ᠶᠢ ᠲᠡᠭᠦᠯᠳᠡᠷᠵᠢᠭᠦᠯᠬᠦ ᠶᠢ ᠨᠢ | ᠠᠬᠢᠭᠤᠯᠤᠨ᠂ ᠴᠠᠭ ᠬᠤᠪᠢᠶᠠᠷᠢᠯᠠᠨ ᠲᠡᠷᠭᠡ ᠵᠣᠭᠰᠤᠭᠠᠬᠤ᠂ ᠵᠣᠭᠰᠣᠬᠤ ᠴᠠᠭ ᠢ ᠨᠢ ᠵᠦᠷᠢᠭᠦᠯᠵᠦ ᠲᠡᠷᠭᠡ | ᠵᠣᠭᠰᠣᠭᠠᠬᠤ ᠶᠢ ᠳᠡᠯᠭᠡᠷᠡᠭᠦᠯᠵᠦ᠂ ᠲᠡᠷᠭᠡ ᠵᠣᠭᠰᠣᠭᠠᠬᠤ ᠪᠡᠯᠡᠳᠭᠡᠮᠵᠢ ᠶᠢᠨ ᠠᠰᠢᠭᠯᠠᠬᠤ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠬᠠᠷᠢᠭᠤᠴᠠᠨ᠎ᠠ︶ | ᠳᠥᠷᠪᠡ᠂ ᠡᠯᠧᠺᠲᠷᠤᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠲᠡᠭᠦᠰᠭᠡᠯ ᠦᠢᠯᠡᠴᠢᠯᠡᠭᠡ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ | ︵ᠠᠷᠪᠠᠨ ᠬᠤᠶᠠᠷ︶ ᠭᠤᠪᠢᠭᠤᠯᠵᠤ ᠢᠯᠡᠭᠡᠬᠦ ᠤᠶᠤᠨᠴᠢ ᠪᠡᠯᠡᠳᠭᠡᠮᠵᠢ ᠶᠢ ᠳᠡᠯᠭᠡᠷᠡᠭᠦᠯᠦᠨ᠎ᠡ᠃ ᠲᠦᠷᠭᠡᠨ | ᠢᠯᠡᠭᠡᠭᠰᠡᠨ ᠵᠦᠢᠯᠡᠰ ᠤᠨ ᠤᠶᠤᠨᠴᠢ ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠶᠢ ᠠᠷᠠᠳ ᠲᠤ ᠳᠦᠭᠦᠮ ᠦᠵᠡᠭᠦᠯᠬᠦ | ᠦᠢᠯᠡᠴᠢᠯᠡᠭᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠲᠥᠷᠥᠯ ᠵᠦᠢᠯ ᠳᠤ ᠣᠷᠤᠭᠤᠯᠬᠤ ᠶᠢ | ᠵᠣᠷᠢᠬᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ︵ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ︶ ᠶᠢᠨ | ᠠᠵᠢᠯᠯᠠᠬᠤ ᠲᠣᠭᠤᠷᠢᠭ᠂ ᠨᠡᠶᠢᠭᠡᠮ ᠲᠣᠭᠤᠷᠢᠭ ︵ᠣᠷᠣᠨ ᠰᠠᠭᠤᠴᠠ ᠶᠢᠨ ᠲᠣᠭᠤᠷᠢᠭ︶᠂ ᠳᠡᠭᠡᠲᠦ ᠵᠡᠷᠭᠡ ᠶᠢᠨ | ᠰᠤᠷᠭᠠᠭᠤᠯᠢ᠂ ᠬᠤᠳᠠᠯᠳᠤᠭᠠᠨ ᠤ ᠶᠠᠪᠤᠳᠠᠯ ᠤᠨ ᠲᠥᠪ ᠵᠢᠴᠢ ᠣᠶᠢᠷ᠎ᠠ ᠬᠠᠪᠢ ᠳᠠᠬᠢ ᠵᠡᠷᠭᠡ ᠲᠡᠭᠦᠰᠭᠡᠯ ᠪᠣᠯᠬᠤ | ᠵᠠᠩᠭᠢᠶᠠᠰᠤ ᠶᠢᠨ ᠪᠠᠶᠢᠷᠢᠰᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠵᠠᠬᠢᠳᠠᠯ ᠰᠣᠨᠢᠨ ᠬᠦᠷᠭᠡᠵᠦ ᠲᠠᠯᠪᠢᠬᠤ | ᠤᠯᠠᠮᠵᠢᠯᠠᠯᠲᠤ ᠬᠠᠶᠢᠷᠴᠠᠭ ᠢ ᠳᠡᠰ ᠳᠡᠪᠰᠢᠭᠦᠯᠦᠨ ᠵᠠᠬᠢᠳᠠᠯ ᠰᠣᠨᠢᠨ ᠬᠦᠷᠭᠡᠵᠦ ᠲᠠᠯᠪᠢᠬᠤ ᠤᠶᠤᠨᠴᠢ ᠬᠠᠶᠢᠷᠴᠠᠭ | ᠪᠣᠯᠭᠠᠬᠤ ᠢᠨᠵᠧᠨᠧᠷᠢᠩ ᠢ ᠡᠬᠢᠯᠡᠭᠦᠯᠦᠨ᠂ ᠵᠠᠬᠢᠳᠠᠯ ᠰᠣᠨᠢᠨ ᠬᠦᠷᠭᠡᠵᠦ ᠲᠠᠯᠪᠢᠬᠤ ᠤᠶᠤᠨᠴᠢ ᠬᠠᠶᠢᠷᠴᠠᠭ ᠢ | ᠨᠡᠶᠢᠭᠡᠮ ᠳᠤ ᠴᠢᠯᠦᠭᠡᠲᠡᠢ ᠪᠣᠯᠭᠠᠬᠤ᠂ ᠬᠠᠮᠲᠤᠷᠠᠯᠴᠠᠬᠤ ᠪᠠ ᠬᠠᠮᠳᠤ ᠳᠠᠭᠠᠨ ᠬᠦᠷᠲᠡᠬᠦ ᠶᠢ ᠵᠣᠷᠢᠬᠵᠢᠭᠤᠯᠵᠤ᠂ | ᠰᠢᠤᠲᠡᠨ ᠤ ᠨᠡᠶᠢᠳᠡᠮ ᠴᠢᠨᠠᠷᠲᠠᠢ ᠦᠢᠯᠡᠴᠢᠯᠡᠭᠡ ᠬᠢᠭᠡᠳ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠬᠤ ᠪᠠ ᠤᠶᠤᠨᠴᠢᠯᠠᠬᠤ ᠶᠢ ᠠᠬᠢᠭᠤᠯᠤᠨ᠂ ᠬᠠᠶᠢᠷᠴᠠᠭ ᠲᠤ ᠢᠯᠡᠭᠡᠵᠦ ᠲᠠᠯᠪᠢᠬᠤ ᠨᠣᠷᠮ᠎ᠠ ᠶᠢ | ᠳᠡᠭᠡᠭᠰᠢᠯᠡᠭᠦᠯᠦᠨ᠎ᠡ᠃ ︵ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠠᠷᠪᠠᠨ ᠭᠤᠷᠪᠠ︶ ᠲᠦᠷᠭᠡᠨ ᠢᠯᠡᠭᠡᠯᠲᠡ ᠶᠢᠨ ᠲᠡᠭᠦᠰᠭᠡᠯ ᠳᠠᠬᠢ ᠡᠷᠴᠢᠮᠵᠢᠭᠦᠯᠦᠨ ᠦᠢᠯᠡᠴᠢᠯᠡᠬᠦ ᠶᠢ | ᠵᠣᠷᠢᠬᠵᠢᠭᠤᠯᠤᠨ᠎ᠠ᠃ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠠᠮᠳᠤᠪᠠᠷ | ᠲᠣᠬᠢᠷᠠᠭᠤᠯᠤᠨ ᠬᠦᠷᠭᠡᠬᠦ᠂ ᠬᠤᠯᠪᠣᠭᠠᠯᠠᠨ ᠬᠦᠯᠢᠶᠡᠵᠦ ᠠᠪᠬᠤ ᠪᠠ ᠭᠤᠪᠢᠭᠤᠯᠵᠤ ᠢᠯᠡᠭᠡᠬᠦ ᠵᠡᠷᠭᠡ ᠭᠤᠪᠢᠭᠤᠯᠵᠤ | ᠢᠯᠡᠭᠡᠬᠦ ᠦᠢᠯᠡᠴᠢᠯᠡᠭᠡ ᠶᠢᠨ ᠬᠠᠮᠳᠤᠷᠠᠯᠴᠠᠭ᠎ᠠ ᠶᠢ ᠦᠷᠨᠢᠭᠦᠯᠵᠦ᠂ ᠲᠦᠷᠭᠡᠨ ᠢᠯᠡᠭᠡᠯᠲᠡ ᠶᠢᠨ ᠲᠡᠭᠦᠰᠭᠡᠯ ᠳᠠᠬᠢ | ᠶᠡᠷᠦᠩᠬᠡᠶᠢᠯᠡᠭᠰᠡᠨ ᠦᠢᠯᠡᠴᠢᠯᠡᠭᠡᠨ ᠤ ᠭᠠᠵᠠᠷ ᠲᠠᠯᠠᠪᠠᠢ ᠪᠠᠶᠢᠭᠤᠯᠬᠤ ᠬᠡᠷᠡᠭᠲᠡᠢ᠃ ᠲᠡᠭᠦᠰᠭᠡᠯ ᠤᠨ ᠲᠣᠬᠢᠷᠠᠭᠤᠯᠤᠨ | ᠬᠦᠷᠭᠡᠬᠦ ᠳᠤ ᠲᠦᠯᠦᠬᠦ ᠲᠣᠭᠲᠠᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡ ᠶᠢᠨ | ᠬᠦᠯᠢᠶᠡᠨ ᠠᠪᠴᠤ ᠢᠯᠡᠭᠡᠬᠦ ᠲᠠᠯ᠎ᠠ ᠪᠠᠷ ᠬᠢ ᠥᠪᠡᠷ ᠤᠨ ᠦᠷᠲᠡᠭ ᠢ ᠨᠢ ᠪᠠᠭᠤᠷᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠲᠦᠷᠭᠡᠨ ᠢᠯᠡᠭᠡᠯᠲᠡ ᠶᠢᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠷᠭᠡᠨ | ᠢᠯᠡᠭᠡᠯᠲᠡ ᠶᠢᠨ ᠲᠡᠭᠦᠰᠭᠡᠯ ᠤᠨ ᠲᠣᠬᠢᠷᠠᠭᠤᠯᠤᠨ ᠬᠦᠷᠭᠡᠬᠦ ᠪᠠ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ | ᠲᠦᠯᠦᠪᠵᠢᠭᠦᠯᠦᠨ ᠠᠰᠢᠭᠯᠠᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ᠂ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠡᠯᠬᠢᠶᠡᠲᠦ | ᠬᠤᠳᠠᠯᠳᠤᠭᠠᠨ ᠤ ᠪᠠᠶᠢᠭᠤᠯᠤᠮᠵᠢ᠂ ᠳᠦᠭᠦᠮ ᠳᠡᠯᠭᠡᠭᠦᠷ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ | ᠳᠡᠭᠡᠲᠦ ᠵᠡᠷᠭᠡ ᠶᠢᠨ ᠰᠤᠷᠭᠠᠭᠤᠯᠢ᠂ ᠡᠯ᠎ᠡ ᠲᠥᠷᠥᠯ ᠤᠨ ᠠᠩᠬ᠎ᠠ ᠵᠡᠷᠭᠡ ᠶᠢᠨ ᠪᠠ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠯᠤᠭ᠎ᠠ ᠬᠠᠮᠲᠤᠷᠠᠯᠴᠠᠬᠤ ᠶᠢ ᠦᠷᠨᠢᠭᠦᠯᠦᠨ᠂ ᠲᠦᠷᠭᠡᠨ ᠢᠯᠡᠭᠡᠯᠲᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠦᠷᠲᠡᠭᠡ ᠪᠠᠶᠢᠭᠤᠯᠵᠤ᠂ ᠡᠷᠴᠢᠮᠵᠢᠭᠦᠯᠦᠭᠰᠡᠨ ᠲᠣᠬᠢᠷᠠᠭᠤᠯᠤᠨ ᠬᠦᠷᠭᠡᠬᠦ ᠪᠠ ᠰᠦᠯᠵᠢᠶ᠎ᠡ ᠪᠠᠷ | ᠵᠠᠬᠢᠶᠠᠯᠠᠵᠤ ᠳᠡᠯᠭᠡᠭᠦᠷ ᠠᠴᠠ ᠭᠠᠷᠳᠠᠨ ᠠᠪᠬᠤ ᠵᠡᠷᠭᠡ ᠣᠯᠠᠨ ᠶᠠᠩᠵᠤᠲᠤ᠂ ᠦᠪᠡᠷᠮᠢᠴᠡ ᠣᠨᠴᠠᠯᠢᠭ ᠲᠠᠢ | ᠦᠢᠯᠡᠴᠢᠯᠡᠭᠡ ᠬᠠᠩᠭᠠᠬᠤ ᠬᠡᠷᠡᠭᠲᠡᠢ᠃ ᠤᠤᠯ ᠤᠨ ᠠᠶᠠᠨᠴᠢᠳ ᠤᠨ ᠲᠡᠭᠡᠭᠡᠪᠦᠷᠢ ᠶᠢᠨ ᠦᠷᠲᠡᠭᠡ᠂ ᠲᠤᠰᠬᠤᠨ ᠤ | ᠰᠢᠤᠲᠡᠨ ᠤ ᠦᠷᠲᠡᠭᠡ᠂ ᠰᠢᠤᠲᠡᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢᠨ ᠦᠷᠲᠡᠭᠡ᠂ ᠲᠦᠷᠭᠡᠨ | ᠢᠯᠡᠭᠡᠯᠲᠡ ᠶᠢᠨ ᠲᠣᠣᠷ ᠴᠢᠬ ᠵᠡᠷᠭᠡ ᠪᠡᠯᠡᠳᠭᠡᠮᠵᠢ ᠨᠦᠭᠦᠳ ᠲᠤ ᠲᠦᠰᠢᠭᠯᠡᠨ ︽ᠵᠠᠮ ᠬᠠᠷᠢᠯᠴᠠᠭ᠎ᠠ ᠰᠢᠤᠲᠡᠨ ᠤ | ᠶᠡᠷᠦᠩᠬᠡᠶᠢᠯᠡᠭᠰᠡᠨ ᠦᠢᠯᠡᠴᠢᠯᠡᠭᠡ ᠶᠢᠨ ᠦᠷᠲᠡᠭᠡ︾ ᠶᠢ ᠪᠠᠶᠢᠭᠤᠯᠤᠨ᠎ᠠ᠃ 2018 ᠣᠨ ᠤ ᠰᠡᠭᠦᠯᠴᠢ ᠪᠣᠯᠬᠤ ᠳᠤ | ᠲᠦᠷᠭᠡᠨ ᠢᠯᠡᠭᠡᠯᠲᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠦᠷᠲᠡᠭᠡ ᠶᠢ 1000 ᠪᠣᠯᠭᠠᠨ᠎ᠠ᠃ ︵ᠥᠪᠥᠷ | ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠲᠠᠪᠤ᠂ ᠵᠣᠬᠢᠴᠠᠯᠳᠤᠭᠤᠯᠤᠨ ᠬᠦᠭᠵᠢᠭᠦᠯᠬᠦ ᠪᠠᠨ ᠪᠠᠷᠢᠮᠵᠢᠶᠠᠵᠢᠭᠤᠯᠬᠤ ᠪᠠ ᠤᠶᠤᠨᠴᠢᠯᠠᠬᠤ ᠶᠢ ᠠᠬᠢᠭᠤᠯᠤᠨ᠎ᠠ | ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠵᠣᠷᠢᠬᠵᠢᠭᠤᠯᠵᠤ | ᠪᠠᠶᠢᠭᠠᠳ ᠲᠡᠷᠢᠭᠦᠨ ᠤ ᠪᠦᠭᠡᠳ ᠬᠡᠷᠡᠭᠯᠡᠭᠡᠨ ᠳᠤ ᠲᠣᠬᠢᠷᠠᠬᠤ ᠮᠡᠷᠭᠡᠵᠢᠯ ᠪᠠ ᠲᠣᠨᠤᠭ ᠲᠦᠬᠦᠭᠡᠷᠦᠮᠵᠢ ᠶᠢ ᠠᠰᠢᠭᠯᠠᠵᠤ᠂ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠨᠤᠭ ᠲᠥᠬᠦᠭᠡᠷᠦᠮᠵᠢ ᠶᠢᠨ ᠠᠦ᠋ᠲ᠋ᠤᠴᠢᠯᠠᠬᠤ ᠪᠠ | ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ | ᠮᠡᠳᠡᠭᠡ ᠵᠠᠩᠭᠢᠵᠢᠯᠲᠠ ᠶᠢᠨ ᠵᠦᠪᠯᠡᠯ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠥᠪᠥᠷ ᠮᠣᠩᠭᠤᠯ ᠤᠨ | ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠬᠢᠭᠡᠳ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭ᠎ᠠ ᠳᠤ ᠲᠣᠮᠤ ᠳ᠋ᠠᠶᠢᠲ᠋ᠠ᠂ ᠡᠭᠦᠯᠡᠨ ᠪᠣᠳᠣᠯᠲᠠ᠂ | ᠮᠠᠰᠢᠨ ᠬᠦᠮᠦᠨ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠲᠣᠨᠤᠭ ᠲᠦᠬᠦᠭᠡᠷᠦᠮᠵᠢ | ᠬᠡᠷᠡᠭᠯᠡᠬᠦ ᠶᠢ ᠴᠢᠩᠭᠠᠳᠬᠠᠨ᠂ ᠤᠷᠢᠳᠤᠭᠤᠷᠬᠢ ᠪᠠᠶᠢᠷᠢ ᠪᠠᠷ ᠬᠦᠮᠦᠷᠭᠡᠯᠡᠨ ᠬᠠᠳᠠᠭᠠᠯᠠᠬᠤ᠂ ᠤᠶᠤᠨᠴᠢ ᠪᠠᠷ | ᠬᠤᠪᠢᠶᠠᠷᠢᠯᠠᠨ ᠬᠦᠮᠦᠷᠭᠡᠯᠡᠬᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠠᠴᠢᠶᠠᠯᠠᠬᠤ᠂ ᠵᠠᠮ ᠱᠣᠭᠤᠮ ᠢ | ᠰᠢᠯᠢᠳᠡᠭᠵᠢᠭᠦᠯᠬᠦ ᠶᠢ ᠬᠦᠴᠦᠲᠡᠢ ᠠᠬᠢᠭᠤᠯᠤᠨ᠂ ᠮᠡᠳᠡᠭᠡ ᠵᠠᠩᠭᠢ ᠪᠠᠨ ᠵᠣᠬᠢᠴᠠᠯᠳᠤᠵᠢᠭᠤᠯᠬᠤ ᠪᠠ | ᠦᠢᠯᠡᠴᠢᠯᠡᠭᠡᠨ ᠢᠶᠠᠨ ᠤᠶᠤᠨᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ | ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ | ᠬᠠᠮᠲᠤᠷᠠᠯᠴᠠᠨ ᠬᠠᠷᠢᠭᠤᠴᠠᠨ᠎ᠠ︶ | ︵ᠠᠷᠪᠠᠨ ᠲᠠᠪᠤ︶ ᠬᠠᠩᠭᠠᠯᠭ᠎ᠠ ᠶᠢᠨ ᠬᠡᠯᠬᠢᠶᠡᠨ ᠤ ᠵᠣᠬᠢᠴᠠᠯᠳᠤᠬᠤ ᠶᠢ ᠠᠬᠢᠭᠤᠯᠤᠨ᠎ᠠ᠃ ᠤᠶᠤᠨᠴᠢ ᠪᠠᠷ | ᠬᠦᠮᠦᠷᠭᠡᠯᠡᠨ ᠬᠠᠳᠠᠭᠠᠯᠠᠬᠤ ᠪᠠ ᠬᠦᠮᠦᠷᠭᠡᠯᠡᠨ ᠲᠣᠬᠢᠷᠠᠭᠤᠯᠬᠤ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠶᠢ | ᠵᠣᠷᠢᠬᠵᠢᠭᠤᠯᠤᠨ ᠬᠦᠭᠵᠢᠭᠦᠯᠵᠦ᠂ ᠠᠵᠤ ᠠᠬᠤᠶᠢᠯᠠᠯ ᠤᠳ ᠤᠨ ᠡᠯ᠎ᠡ ᠲᠥᠷᠥᠯ ᠤᠨ ᠮᠡᠳᠡᠭᠡ ᠵᠠᠩᠭᠢ ᠶᠢᠨ ᠮᠡᠷᠭᠡᠵᠢᠯ ᠢ | ᠨᠢᠭᠡᠳᠭᠡᠨ ᠬᠡᠷᠡᠭᠯᠡᠬᠦ ᠶᠢ ᠵᠣᠷᠢᠬᠵᠢᠭᠤᠯᠵᠤ᠂ ᠳᠡᠭᠡᠲᠦ ᠳᠣᠣᠷᠠᠳᠤ ᠬᠡᠯᠬᠢᠶᠡᠨ ᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠠᠮᠲᠤ ᠳᠠᠭᠠᠨ ᠬᠦᠷᠲᠡᠵᠦ᠂ ᠲᠠᠸᠠᠷ ᠤᠨ ᠭᠦᠢᠯᠭᠡᠭᠡ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ | ᠭᠦᠢᠯᠭᠡᠭᠡ ᠪᠣᠯᠣᠨ ᠪᠡᠯᠡ ᠮᠦᠩᠭᠦ ᠶᠢᠨ ᠭᠦᠢᠯᠭᠡᠭᠡ ᠵᠡᠷᠭᠡ ᠶᠢ ᠨᠢᠭᠲᠠ ᠵᠣᠯᠭᠠᠭᠤᠯᠬᠤ ᠪᠠ ᠦᠨᠳᠦᠷ ᠦᠷ᠎ᠡ | ᠠᠰᠢᠭ ᠲᠠᠢ ᠭᠦᠢᠯᠭᠡᠭᠡᠬᠦ ᠶᠢ ᠠᠬᠢᠭᠤᠯᠤᠨ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ | ᠵᠣᠬᠢᠴᠠᠯᠳᠤᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠵᠢᠷᠭᠤᠭ᠎ᠠ᠂ ᠵᠣᠬᠢᠴᠠᠯᠳᠤᠨ ᠠᠵᠢᠯᠯᠠᠵᠤ ᠪᠣᠬᠢᠷᠳᠣᠯ ᠦᠭᠡᠢ ᠪᠠᠷ ᠬᠦᠭᠵᠢᠭᠦᠯᠬᠦ ᠶᠢ ᠠᠬᠢᠭᠤᠯᠤᠨ᠎ᠠ | ︵ᠠᠷᠪᠠᠨ ᠵᠢᠷᠭᠤᠭ᠎ᠠ︶ ᠡᠬᠢ ᠪᠠᠶᠠᠯᠢᠭ ᠤᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ | ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠬᠠᠩᠭᠠᠯᠭ᠎ᠠ ᠶᠢᠨ ᠬᠡᠯᠬᠢᠶᠡᠨ ᠳᠠᠬᠢ ᠪᠣᠬᠢᠷᠳᠤᠯ ᠦᠭᠡᠢ ᠴᠣᠪᠤᠷᠠᠯ ᠢ | ᠳᠠᠬᠢᠨ ᠪᠠᠶᠢᠭᠤᠯᠵᠤ᠂ ᠡᠬᠢ ᠪᠠᠶᠠᠯᠢᠭ ᠢ ᠳᠠᠪᠲᠠᠨ ᠠᠰᠢᠬᠯᠡᠬᠤ ᠨᠣᠷᠮ᠎ᠠ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ | ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠠᠵᠤ ᠠᠬᠤᠶᠢᠯᠠᠯ ᠢ ᠬᠦᠳᠦᠯᠦᠨ ᠵᠢᠯᠣᠭᠤᠳᠴᠦ ᠪᠠᠶᠢᠭᠠᠳ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠡᠷᠡᠭᠯᠡᠭᠡᠨ ᠢ ᠢᠳᠡᠪᠬᠢᠲᠡᠢ ᠳᠡᠯᠭᠡᠷᠡᠭᠦᠯᠦᠨ ᠬᠡᠷᠡᠭᠵᠢᠭᠦᠯᠵᠦ᠂ ᠲᠦᠷᠭᠡᠨ | ᠢᠯᠡᠭᠡᠯᠲᠡ ᠶᠢᠨ ᠵᠦᠢᠯᠡᠰ ᠤᠨ ᠪᠣᠭᠤᠳᠠᠯ ᠤᠨ ᠬᠡᠮᠵᠢᠶ᠎ᠡ ᠶᠢ ᠨᠢ ᠪᠠᠭᠠᠰᠬᠠᠵᠢᠭᠤᠯᠬᠤ᠂ ᠪᠣᠬᠢᠷᠳᠤᠯ ᠦᠭᠡᠶᠢᠳᠡᠭᠦᠯᠬᠦ ᠪᠠ | ᠳᠠᠬᠢᠨᠲᠠ ᠠᠰᠢᠭᠯᠠᠬᠤ ᠶᠢ ᠠᠬᠢᠭᠤᠯᠤᠨ᠎ᠠ︔ ᠲᠡᠭᠡᠭᠡᠪᠦᠷᠢ ᠶᠢᠨ ᠡᠯᠧᠺᠲᠷᠤᠨ ᠬᠠᠭᠤᠳᠠᠰᠤ ᠬᠡᠷᠡᠭᠯᠡᠬᠦ ᠶᠢ | ᠵᠣᠷᠢᠬᠵᠢᠭᠤᠯᠤᠨ᠂ ᠭᠤᠣᠯ ᠪᠣᠯᠬᠤ ᠨᠡᠷᠡᠲᠦ ᠲᠥᠷᠥᠯ ᠲᠡᠮᠳᠡᠭ ᠲᠠᠢ ᠲᠦᠷᠭᠡᠨ ᠢᠯᠡᠭᠡᠯᠲᠡ ᠶᠢᠨ ᠠᠵᠤ ᠠᠬᠤᠶᠢᠯᠠᠯ ᠤᠨ | ᠲᠡᠭᠡᠭᠡᠪᠦᠷᠢ ᠶᠢᠨ ᠡᠯᠧᠺᠲᠷᠤᠨ ᠬᠠᠭᠤᠳᠠᠰᠤ ᠬᠡᠷᠡᠭᠯᠡᠭᠰᠡᠨ ᠨᠣᠷᠮ᠎ᠠ ᠶᠢ 85% ᠠᠴᠠ ᠳᠡᠭᠡᠭᠰᠢ ᠪᠣᠯᠭᠠᠨ᠎ᠠ᠃ ᠭᠤᠣᠯ | ᠪᠣᠯᠬᠤ ᠵᠠᠮ ᠱᠣᠭᠤᠮ ᠤᠨ ᠳᠡᠭᠡᠭᠡᠪᠦᠷᠢ ᠶᠢᠨ ᠭᠤᠭᠴᠤᠭᠠᠨ ᠳᠤ ᠠᠵᠤ ᠠᠬᠤᠶᠢᠯᠠᠯ ᠢ ᠬᠦᠲᠦᠯᠦᠨ ᠵᠢᠯᠣᠭᠤᠳᠴᠦ | ᠪᠠᠶᠢᠭᠠᠳ ᠲᠡᠮᠦᠷ ᠵᠠᠮ᠂ ᠵᠠᠰᠠᠮᠠᠯ ᠵᠠᠮ ᠪᠠ ᠠᠭᠠᠷ ᠤᠨ ᠳᠡᠭᠡᠭᠡᠪᠦᠷᠢ ᠵᠡᠷᠭᠡ ᠣᠯᠠᠨ ᠵᠦᠢᠯ ᠤᠨ ᠳᠡᠭᠡᠭᠡᠪᠦᠷᠢ ᠶᠢᠨ | ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠪᠦᠲᠦᠴᠡ ᠶᠢᠨ ᠴᠢᠨᠠᠷᠲᠠᠢ ᠪᠠᠷ ᠪᠣᠬᠢᠷ ᠪᠣᠳᠠᠰ | ᠭᠠᠳᠠᠭᠰᠢᠯᠠᠭᠤᠯᠬᠤ ᠪᠠᠨ ᠪᠠᠭᠠᠰᠬᠠᠬᠤ ᠶᠢ ᠠᠬᠢᠭᠤᠯᠤᠨ᠎ᠠ︔ ᠳᠠᠮᠵᠢᠭᠤᠯᠤᠨ ᠲᠡᠭᠡᠭᠡᠪᠦᠷᠢᠯᠡᠬᠦ ᠪᠠ ᠲᠡᠭᠦᠰᠭᠡᠯ ᠤᠨ | ᠲᠣᠬᠢᠷᠠᠭᠤᠯᠤᠨ ᠬᠦᠷᠭᠡᠬᠦ ᠭᠤᠭᠴᠤᠭ᠎ᠠ ᠳᠤ ᠰᠢᠨ᠎ᠡ ᠡᠨᠧᠷᠭᠢᠲᠦ ᠲᠡᠷᠭᠡ ᠬᠦᠰᠭᠡ ᠬᠡᠷᠡᠭᠯᠡᠬᠦ ᠶᠢ ᠳᠡᠯᠭᠡᠷᠡᠭᠦᠯᠦᠨ᠎ᠡ᠃ | ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠦᠢᠯᠡᠳᠪᠦᠷᠢᠯᠡᠬᠦ ᠠᠵᠢᠯᠯᠠᠭᠠᠨ ᠤ ᠴᠣᠪᠣᠷᠠᠯ ᠢᠶᠠᠨ | ᠰᠢᠯᠢᠳᠡᠭᠵᠢᠭᠦᠯᠦᠨ᠂ ᠳᠠᠮᠵᠢᠭᠤᠯᠤᠨ ᠲᠡᠭᠡᠭᠡᠪᠦᠷᠢᠯᠡᠬᠦ ᠬᠠᠶᠢᠷᠴᠠᠭ᠂ ᠰᠢᠩᠭᠡᠯᠢᠭ ᠣᠩᠭᠤᠴᠠᠲᠤ ᠮᠠᠰᠢᠨ ᠲᠡᠷᠭᠡ ᠵᠡᠷᠭᠡ | ᠲᠦᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠠᠵᠢᠯᠯᠠᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ | ᠵᠣᠷᠢᠬᠵᠢᠭᠤᠯᠤᠨ᠎ᠠ᠃ ᠡᠨᠧᠷᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠪᠣᠬᠢᠷᠳᠤᠯ ᠦᠭᠡᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠲᠠᠢ ᠲᠡᠭᠡᠭᠡᠪᠦᠷᠢᠯᠡᠨ ᠡᠵᠡᠩᠨᠡᠬᠦ ᠬᠠᠮᠢᠶᠠᠷᠤᠯᠲᠠ ᠶᠢᠨ ᠴᠣᠪᠣᠷᠠᠯ ᠪᠠ ᠲᠣᠭᠲᠠᠴᠠ ᠶᠢ | ᠪᠠᠶᠢᠭᠤᠯᠵᠤ᠂ ᠰᠠᠩ ᠬᠦᠮᠦᠷᠭᠡ᠂ ᠬᠤᠪᠢᠶᠠᠨ ᠰᠠᠯᠭᠠᠬᠤ ᠲᠥᠪ᠂ ᠳ᠋ᠠᠶᠢᠲ᠋ᠠ ᠶᠢᠨ ᠲᠥᠪ ᠪᠣᠯᠣᠨ ᠬᠠᠮᠢᠶᠠᠷᠤᠯᠲᠠ ᠶᠢᠨ | ᠲᠥᠪ ᠵᠡᠷᠭᠡ ᠲᠠᠯᠠᠪᠠᠢ ᠭᠠᠵᠠᠷ ᠲᠤ ᠤᠰᠤ ᠠᠷᠪᠢᠯᠠᠬᠤ᠂ ᠴᠠᠬᠢᠯᠭᠠᠨ ᠠᠷᠪᠢᠯᠠᠬᠤ᠂ ᠡᠨᠧᠷᠭᠢ ᠠᠷᠪᠢᠯᠠᠬᠤ ᠵᠡᠷᠭᠡ ᠰᠢᠨ᠎ᠡ | ᠮᠡᠷᠭᠡᠵᠢᠯ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠵᠦᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | ︵ᠠᠷᠪᠠᠨ ᠳᠣᠯᠤᠭ᠎ᠠ︶ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠪᠣᠬᠢᠷᠳᠤᠯ ᠦᠭᠡᠢ ᠪᠣᠭᠤᠳᠠᠯ᠂ ᠬᠡᠮᠵᠢᠶ᠎ᠡ ᠶᠢ ᠨᠢ ᠪᠠᠭᠠᠰᠬᠠᠵᠢᠭᠤᠯᠬᠤ | ᠪᠣᠭᠤᠳᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠣᠬᠢᠷᠳᠤᠯ ᠦᠭᠡᠢ ᠪᠣᠭᠤᠳᠠᠯ ᠤᠨ ᠮᠡᠷᠭᠡᠵᠢᠯ ᠪᠠ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠵᠦ᠂ ᠲᠥᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠪᠣᠭᠤᠳᠠᠯ ᠲᠠᠢ ᠡᠳ᠋ ᠤᠨ | ᠬᠡᠮᠵᠢᠶ᠎ᠡ ᠶᠢ ᠨᠢ ᠪᠠᠭᠠᠰᠬᠠᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠡ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ | ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠪᠣᠬᠢᠷᠳᠤᠯ ᠦᠭᠡᠢ ᠪᠣᠭᠤᠳᠠᠯ ᠤᠨ ᠲᠤᠷᠰᠢᠯᠲᠠ ᠶᠢᠨ | ᠴᠢᠬ ᠤᠨ ᠵᠢᠱᠢᠶ᠎ᠡ ᠦᠵᠡᠭᠦᠯᠬᠦ ᠶᠢ ᠦᠷᠨᠢᠭᠦᠯᠵᠦ᠂ ᠪᠣᠬᠢᠷᠳᠤᠯ ᠦᠭᠡᠢ ᠬᠦᠭᠵᠢᠯᠲᠡ ᠲᠠᠢ ᠨᠡᠶᠢᠲᠡᠯᠢᠭ ᠠᠵᠤ | ᠠᠬᠤᠶᠢᠯᠠᠯ ᠢ ᠪᠤᠶᠢᠵᠢᠭᠤᠯᠤᠨ᠂ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠬᠠᠮᠢᠶ᠎ᠠ | ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ ᠬᠠᠷᠢᠭᠤᠴᠠᠨ᠎ᠠ︶ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢ ᠵᠣᠷᠢᠬᠵᠢᠭᠤᠯᠤᠨ ᠪᠣᠬᠢᠷᠳᠤᠯ ᠦᠭᠡᠢ ᠬᠡᠷᠡᠭᠯᠡᠭᠡ ᠶᠢᠨ ᠠᠵᠢᠯᠯᠠᠭ᠎ᠠ ᠦᠷᠨᠢᠭᠦᠯᠦᠨ᠂ ᠪᠣᠬᠢᠷᠳᠤᠯ ᠦᠭᠡᠢ | ᠪᠣᠭᠤᠳᠠᠯ ᠲᠠᠢ ᠡᠳ᠋ ᠢ ᠰᠤᠩᠭᠤᠠ ᠬᠡᠷᠡᠭᠯᠡᠬᠦ ᠪᠣᠯᠭᠠᠵᠤ᠂ ᠠᠳᠠᠯᠢ ᠪᠣᠰᠤ ᠪᠣᠭᠤᠳᠠᠯ ᠲᠠᠢ ᠡᠳ᠋ ᠢᠶᠠᠷ ᠠᠩᠭᠢᠯᠠᠨ | ᠬᠤᠪᠢᠶᠠᠵᠤ ᠦᠨ᠎ᠡ ᠲᠣᠭᠲᠠᠭᠠᠵᠤ᠂ ᠨᠡᠶᠢᠲᠡ ᠬᠤᠪᠢ ᠪᠠᠷ ᠲᠤᠰᠬᠠᠬᠤ᠂ ᠵᠦᠢ ᠶᠣᠰᠤᠨ ᠤ ᠢᠲᠡᠭᠡᠮᠵᠢ ᠵᠡᠷᠭᠡ | ᠲᠣᠭᠲᠠᠴᠠ ᠪᠠᠶᠢᠭᠤᠯᠵᠤ ᠬᠡᠷᠡᠭᠯᠡᠭᠰᠡᠳ ᠢ ᠪᠣᠬᠢᠷᠳᠤᠯ ᠦᠭᠡᠢ ᠪᠣᠭᠤᠳᠠᠯ ᠬᠡᠷᠡᠭᠯᠡᠬᠦ ᠪᠣᠶᠤ ᠬᠡᠮᠵᠢᠶ᠎ᠡ ᠶᠢ ᠨᠢ ᠪᠠᠭᠠᠰᠬᠠᠨ | ᠪᠣᠭᠤᠳᠠᠯᠯᠠᠬᠤ ᠶᠢ ᠬᠦᠲᠦᠯᠦᠨ ᠵᠢᠯᠣᠭᠤᠳᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠠᠢ ᠬᠠᠮᠳᠤᠷᠠᠯᠴᠠᠨ ᠬᠠᠷᠢᠭᠤᠴᠠᠨ᠎ᠠ︶ ᠪᠣᠭᠤᠳᠠᠯ | ᠬᠠᠶᠢᠷᠴᠠᠭ ᠢ ᠪᠣᠴᠠᠭᠠᠨ ᠬᠤᠷᠢᠶᠠᠵᠤ ᠠᠪᠬᠤ ᠪᠠ ᠡᠷᠭᠢᠯᠳᠦᠭᠦᠯᠦᠨ ᠠᠰᠢᠭᠯᠠᠬᠤ ᠶᠢ ᠰᠦᠪᠡᠭᠴᠢᠯᠡᠵᠦ᠂ ᠠᠵᠢᠯᠯᠠᠬᠤ | ᠲᠣᠣᠷ ᠴᠢᠬ ᠲᠤ ᠲᠥᠷᠭᠡᠨ ᠢᠯᠡᠭᠡᠯᠲᠡ ᠶᠢᠨ ᠪᠣᠭᠤᠳᠠᠯ ᠬᠠᠶᠢᠷᠴᠠᠭ ᠢ ᠪᠣᠴᠠᠭᠠᠨ ᠬᠤᠷᠢᠶᠠᠵᠦ ᠠᠪᠬᠤ ᠢᠯᠡ ᠲᠣᠳᠣ | ᠲᠡᠮᠳᠡᠭ ᠲᠠᠢ ᠰᠠᠪᠠ ᠲᠣᠬᠢᠷᠠᠭᠤᠯᠬᠤ ᠶᠢ ᠠᠬᠢᠭᠤᠯᠤᠨ᠂ ᠭᠤᠣᠯ ᠪᠣᠯᠬᠤ ᠨᠡᠷᠡᠲᠦ ᠲᠥᠷᠥᠯ ᠲᠡᠮᠳᠡᠭᠲᠦ | ᠪᠠᠷᠢᠮᠵᠢᠶᠠᠯᠠᠭᠰᠠᠨ ᠲᠣᠣᠷ ᠴᠢᠬ ᠪᠦᠭᠦᠠ ᠳᠤ ᠪᠣᠴᠠᠭᠠᠨ ᠬᠤᠷᠢᠶᠠᠨ ᠠᠪᠴᠤ ᠠᠰᠢᠭᠯᠠᠵᠤ ᠪᠣᠯᠬᠤ ᠪᠣᠭᠤᠳᠠᠯ | ᠬᠠᠶᠢᠷᠴᠠᠭ ᠲᠣᠬᠢᠷᠠᠭᠤᠯᠬᠤ ᠲᠤᠰᠬᠠᠢ ᠠᠵᠢᠯᠯᠠᠭ᠎ᠠ ᠦᠷᠨᠢᠭᠦᠯᠵᠦ᠂ ᠪᠣᠭᠤᠳᠠᠯ ᠬᠠᠶᠢᠷᠴᠠᠭ ᠦᠢᠯᠡᠳᠪᠦᠷᠢᠯᠡᠭᠴᠢᠳ᠂ | ᠬᠡᠷᠡᠭᠯᠡᠭᠴᠢᠳ ᠪᠠ ᠬᠡᠷᠡᠭᠯᠡᠭᠰᠡᠳ ᠵᠡᠷᠭᠡ ᠣᠯᠠᠨ ᠲᠠᠯ᠎ᠠ ᠪᠠᠷ ᠬᠠᠮᠵᠢᠯᠴᠠᠭᠰᠠᠨ ᠪᠣᠴᠠᠭᠠᠨ ᠬᠤᠷᠢᠶᠠᠨ ᠠᠪᠴᠤ | ᠠᠰᠢᠭᠯᠠᠬᠤ ᠰᠢᠰᠲ᠋ᠧᠮᠵᠢ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠲᠦᠷᠭᠡᠨ ᠢᠯᠡᠭᠡᠯᠲᠡ ᠶᠢᠨ ᠪᠣᠭᠤᠳᠠᠯ ᠦᠢᠯᠡᠳᠪᠦᠷᠢᠯᠡᠭᠴᠢᠳ ᠤᠨ ᠬᠠᠷᠢᠭᠤᠴᠠᠯᠭ᠎ᠠ ᠶᠢ ᠤᠷᠳᠤᠳᠬᠠᠬᠤ ᠳᠥᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠲᠡᠨ ᠤ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠨᠠᠢᠮᠠ︶ ᠪᠣᠬᠢᠷᠳᠤᠯ ᠦᠭᠡᠢ ᠪᠠᠷ ᠲᠡᠭᠡᠭᠡᠪᠦᠷᠢᠯᠡᠬᠦ ᠪᠠ ᠲᠣᠬᠢᠷᠠᠭᠤᠯᠤᠨ ᠬᠦᠷᠭᠡᠬᠦ ᠶᠢ ᠠᠬᠢᠭᠤᠯᠤᠨ᠎ᠠ᠃ | ᠲᠡᠭᠡᠭᠡᠪᠦᠷᠢᠯᠡᠬᠦ ᠪᠦᠲᠦᠴᠡ ᠶᠢ ᠲᠦᠷᠭᠡᠳᠭᠡᠨ ᠲᠣᠬᠢᠷᠠᠭᠤᠯᠵᠤ᠂ ᠲᠦᠷᠭᠡᠨ ᠢᠯᠡᠭᠡᠯᠲᠡ ᠶᠢᠨ ᠪᠠᠷᠠᠭᠠᠨ ᠤ | ᠭᠦᠢᠯᠭᠡᠭᠡ ᠶᠢᠨ ᠬᠦᠷᠢᠶ᠎ᠡ ᠴᠠᠷᠠᠭ᠎ᠠ ᠳᠠᠬᠢ ᠲᠡᠮᠦᠷ ᠵᠠᠮ ᠵᠡᠷᠭᠡ ᠴᠡᠪᠡᠷ ᠲᠡᠭᠡᠭᠡᠪᠦᠷᠢᠯᠡᠬᠦ ᠠᠷᠭ᠎ᠠ ᠮᠠᠶ᠋ᠢᠭ ᠤᠨ ᠬᠡᠷᠡᠭᠯᠡᠬᠦ | ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ | ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ | ᠵᠡᠷᠭᠡ ᠮᠡᠳᠡᠭᠡ ᠵᠠᠩᠭᠢ ᠶᠢ ᠶᠡᠷᠦᠩᠬᠡᠶᠢᠯᠡᠨ ᠬᠡᠷᠡᠭᠯᠡᠵᠦ᠂ ᠲᠣᠬᠢᠷᠠᠭᠤᠯᠤᠯᠲᠠ ᠪᠠᠨ ᠰᠢᠯᠢᠳᠡᠭᠵᠢᠭᠦᠯᠦᠨ᠂ ᠲᠡᠷᠭᠡ | ᠬᠦᠰᠭᠡ ᠶᠢᠨ ᠬᠤᠭᠤᠰᠤᠨ ᠭᠦᠶᠦᠬᠦ ᠪᠠ ᠠᠶᠠᠨ ᠵᠠᠮ ᠤᠨ ᠴᠠᠭ ᠢ ᠨᠢ ᠪᠠᠭᠠᠰᠬᠠᠨ᠎ᠠ᠃ ︵ᠥᠪᠥᠷ ᠮᠣᠩᠭᠤᠯ ᠤᠨ | ᠰᠢᠤᠲᠡᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭ᠎ᠠ ᠶᠢᠨ ᠬᠢᠨ ᠢ | ᠵᠣᠷᠢᠬᠵᠢᠭᠤᠯᠵᠤ ᠪᠠᠶᠢᠭᠠᠳ ᠰᠢᠨ᠎ᠡ ᠡᠨᠧᠷᠭᠢᠲᠦ ᠮᠠᠰᠢᠨ ᠲᠡᠷᠭᠡ ᠪᠠ ᠨᠡᠩ ᠦᠨᠳᠦᠷ ᠭᠠᠳᠠᠭᠰᠢᠯᠠᠭᠤᠯᠬᠤ | ᠪᠠᠷᠢᠮᠵᠢᠶ᠎ᠠ ᠶᠢ ᠬᠠᠩᠭᠠᠵᠤ ᠴᠢᠳᠠᠭᠰᠠᠨ ᠲᠣᠰᠤ ᠰᠢᠲᠠᠭᠠᠬᠤ ᠮᠠᠰᠢᠨ ᠲᠡᠷᠭᠡ ᠬᠡᠷᠡᠭᠯᠡᠬᠦ ᠶᠢ ᠲᠦᠷᠭᠡᠳᠭᠡᠨ ᠳᠡᠯᠭᠡᠷᠡᠭᠦᠯᠵᠤ᠂ | ᠰᠢᠨ᠎ᠡ ᠡᠨᠧᠷᠭᠢᠲᠦ ᠮᠠᠰᠢᠨ ᠲᠡᠷᠭᠡ ᠶᠢᠨ ᠬᠡᠷᠡᠭᠯᠡᠬᠦ ᠬᠠᠷᠢᠴᠠᠯ ᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︵ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠯᠧᠺᠲᠷᠤᠨ ᠬᠤᠳᠠᠯᠳᠤᠭᠠᠨ ᠤ | ᠶᠠᠪᠤᠳᠠᠯ ᠬᠢᠭᠡᠳ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠵᠣᠬᠢᠴᠠᠯᠳᠤᠨ ᠬᠦᠭᠵᠢᠬᠦ ᠶᠢ ᠠᠬᠢᠭᠤᠯᠬᠤ | ᠴᠢᠬᠤᠯᠠ ᠴᠢᠨᠠᠷ ᠤᠨ ᠲᠠᠨᠢᠯᠲᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠠ | ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠷᠠᠭᠤᠯᠤᠨ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠪᠠᠷ ᠬᠦᠭᠵᠢᠭᠰᠡᠨ | ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠰᠣᠳᠣᠯᠬᠤ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠦᠬᠡᠴᠡᠯᠡᠬᠦ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠪᠣᠳᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡ | ᠲᠣᠭᠲᠠᠭᠠᠵᠤ᠂ ᠡᠭᠦᠷᠭᠡ ᠪᠣᠯᠣᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠵᠢᠯ ᠤᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠲᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠳ ᠲᠠᠢ ᠬᠠᠮᠲᠤᠷᠠᠯᠴᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠪᠠᠶᠢᠴᠠᠭᠠᠯᠲᠠ ᠶᠢ | ᠴᠢᠩᠭᠠᠳᠬᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ | ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |