ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠶᠠᠷ ᠠᠮᠠᠷᠠᠯᠲᠠ ᠶᠢᠨ ᠬᠤᠭᠤᠴᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠵᠢᠴᠢ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠵᠠᠭᠤᠨ ᠡᠳᠦᠷ ᠤᠨ ᠴᠡᠭᠴᠡᠯᠡᠯᠲᠡ︾᠎ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/21
     9 ᠳ᠋ᠦ᠋ᠭᠡᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠲᠤᠭᠠᠳᠤ ᠶᠢ ᠬᠠᠮᠠᠭᠠᠯᠠᠬᠤ ᠲᠢᠩᠬᠢᠮ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠣᠰ ᠪᠠᠶᠠᠷ︾᠎ ᠤᠨ ᠠᠮᠤᠷ ᠲᠣᠭᠲᠠᠭᠤᠨ ᠢ ᠬᠠᠮᠠᠭᠠᠯᠠᠬᠤ ᠵᠢᠴᠢ ᠪᠦᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ︽ᠵᠠᠭᠤᠨ ᠡᠳᠦᠷ ᠴᠡᠭᠴᠡᠯᠡᠨ ᠵᠠᠰᠠᠬᠤ︾ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠠᠩ ᠸᠧᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ᠂ ᠠᠵᠢᠯ ᠲᠥᠷᠥᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠳᠠᠷᠤᠭ᠎ᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠷᠢᠶᠠᠯᠠᠭᠳᠠᠬᠤ ᠰᠠᠯᠠᠭ᠎ᠠ ᠮᠥᠴᠢᠷ ᠵᠢᠴᠢ ᠦᠨᠳᠦᠰᠦᠨ ᠱᠠᠲᠤᠨ ᠤ ᠭᠠᠵᠠᠷ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠯᠠᠢ ᠮᠢᠩ ᠬᠤᠷᠠᠯ ᠡᠷᠭᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号