ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2018/9/21
     ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠡᠯ᠎ᠡ ᠭᠠᠵᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠳᠦ ᠵᠢᠭᠤᠯᠴᠢᠯᠠᠯ ᠤᠨ ᠣᠷᠣᠨ ᠪᠣᠯᠭᠠᠨ ᠴᠣᠭᠴᠠᠯᠠᠶ᠎ᠠ︾ ᠭᠡᠰᠡᠨ ᠶᠡᠷᠦᠩᠬᠡᠢ ᠬᠠᠷᠠᠯᠲᠠ ᠪᠠᠷ ᠭᠤᠣᠯᠳᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ  ᠪᠠᠷᠢᠮᠲᠠᠯᠠᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ᠂ ᠴᠢᠨᠠᠷᠯᠢᠭ ᠵᠢᠭᠤᠯᠴᠢᠯᠠᠯ ᠢ ᠭᠦᠨᠵᠡᠭᠡᠶ ᠲᠦᠯᠬᠢᠨ ᠠᠬᠢᠭᠤᠯᠤᠭᠰᠠᠨ ᠠᠴᠠ ᠪᠥᠬᠦ ᠣᠷᠣᠨ ᠤ ᠵᠢᠭᠤᠯᠴᠢᠯᠠᠯ ᠤᠨ ᠦᠢᠯᠡᠰ ᠡᠷᠡᠭᠦᠯ ᠪᠥᠭᠡᠳ ᠲᠦᠷᠭᠡᠨ ᠬᠥᠭᠵᠢᠪᠡ᠃ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ 1᠎ ᠠᠴᠠ 8 ᠳ᠋ᠤᠭᠠᠷ ᠰᠠᠷ᠎ᠠ ᠪᠣᠯᠲᠠᠯ᠎ᠠ᠂ ᠮᠠᠨ ᠤ ᠣᠷᠣᠨ ᠵᠢᠭᠤᠯᠴᠢᠯᠠᠭᠴᠢ ᠶᠢ 8043.13 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 12.28% ᠨᠡᠮᠡᠭᠳᠡᠪᠡ︔ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ ᠶᠢ 2415.27 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.96% ᠨᠡᠮᠡᠭᠳᠡᠪᠡ᠃      ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠵᠢᠭᠤᠯᠴᠢᠯᠠᠯ ᠤᠨ ᠨᠡᠷᠡᠳᠬᠦᠨ ᠢ ᠴᠣᠭᠴᠠᠯᠠᠪᠠ      ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠭᠡᠬᠦ ᠵᠢᠭᠤᠯᠴᠢᠯᠠᠯ ᠤᠨ ᠨᠡᠷᠡᠳᠬᠦᠨ ᠢ ᠴᠣᠭᠴᠠᠯᠠᠬᠤ ᠶᠢᠨ ᠲᠥᠯᠥᠭᠡ᠂ ᠤᠢᠢᠷ᠎ᠠ ᠶᠢᠨ ᠵᠢᠯ ᠠᠴᠠ᠂ ᠮᠠᠨ ᠤ ᠣᠷᠣᠨ ᠤᠮᠠᠷᠠᠲᠤ ᠶᠢᠨ ᠲᠩᠷᠢ ᠶᠢᠨ ᠵᠠᠮ᠂ ᠮᠥᠰᠥ ᠴᠠᠰᠤᠲᠤ ᠲᠩᠷᠢ ᠶᠢᠨ ᠵᠠᠮ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠵᠡᠷᠭᠡ ᠵᠠᠮ ᠱᠤᠭᠤᠮ ᠤᠨ ᠨᠡᠷᠡᠳᠬᠦᠨ ᠢ ᠭᠠᠷᠭᠠᠵᠠᠢ᠃ ᠥᠨᠥ᠂ ᠤᠯᠤᠰ ᠤᠨ 5 A ᠲᠠᠰ ᠤᠨ ᠵᠢᠭᠤᠯᠴᠢᠯᠠᠯ ᠤᠨ ᠣᠷᠣᠨ ᠷᠠᠰᠢᠶᠠᠨ — ᠴᠠᠶ ᠾᠧ ᠶᠢᠨ ᠵᠢᠭᠤᠯᠴᠢᠯᠠᠯ ᠤᠨ ᠣᠷᠣᠨ᠂ ᠮᠠᠨᠵᠤᠤᠷ ᠤᠨ ᠳᠤᠮᠳᠠᠳᠤ ᠣᠷᠣᠰ ᠤᠨ ᠬᠢᠯᠢ ᠳᠠᠭᠠᠤ ᠵᠢᠭᠤᠯᠴᠢᠯᠠᠯ ᠤᠨ ᠣᠷᠣᠨ᠂ ᠣᠷᠳᠣᠰ ᠬᠤᠲᠠ ᠶᠢᠨ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠣᠷᠣᠨ᠂ ᠴᠢᠩᠭᠢᠰ ᠤᠨ ᠣᠩᠭᠤᠨ ᠤ ᠵᠢᠭᠤᠯᠴᠢᠯᠠᠯ ᠤᠨ ᠣᠷᠣᠨ ᠵᠡᠷᠭᠡ ᠰᠣᠳᠣᠨ ᠵᠢᠭᠤᠯᠴᠢᠯᠠᠯ ᠤᠨ ᠣᠷᠣᠨ ᠨᠢ ᠤᠯᠤᠰ ᠤᠨ ᠳᠣᠲᠣᠭᠠᠳᠤ ᠭᠠᠳᠠᠭᠠᠳᠤ ᠳᠤ ᠮᠠᠰᠢ ᠥᠨᠳᠥᠷ ᠨᠡᠷ᠎ᠡ ᠠᠯᠳᠠᠷ ᠲᠠᠢ ᠪᠠᠶᠢᠵᠤ᠂ ᠮᠠᠨ ᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠲᠠᠬᠤ ᠠᠯᠲᠠᠨ ᠦᠰᠦᠭᠲᠦ ᠫᠠᠶᠢᠰᠠ ᠪᠣᠯᠣᠭᠰᠠᠨ ᠪᠠᠶᠢᠨ᠎ᠠ᠃      ᠠᠷᠠᠳ ᠢᠷᠭᠡᠳ ᠤᠨ ᠠᠮᠢᠳᠤᠷᠠᠯ ᠳᠤ ᠬᠡᠷᠡᠯ ᠭᠢᠯᠪᠠᠭ᠎ᠠ ᠨᠡᠮᠡᠷᠢᠯᠡᠪᠡ      ᠬᠥᠬᠡᠬᠤᠲᠠ ᠳᠤ ᠵᠠᠰᠠᠯ ᠴᠢᠮᠡᠭᠯᠡᠯ ᠪᠣᠷᠣᠭᠵᠢᠭᠤᠨ ᠴᠡᠪᠡᠷ ᠰᠠᠶᠢᠬᠠᠨ ᠬᠤᠲᠠ ᠶᠢᠨ ᠥᠷᠲᠡᠭᠡ ᠭᠠᠵᠠᠷ ᠪᠣᠯᠭᠠᠨ ᠳᠤ ᠲᠠᠷᠬᠠᠵᠤ᠂ ᠵᠢᠭᠤᠯᠴᠢᠯᠠᠭᠴᠢᠳ ᠠᠳᠡ ᠠᠮᠤᠰᠬᠢᠨ  ᠂ ᠬᠤᠲᠠ ᠶᠢᠨ ᠰᠠᠶᠢᠨ ᠰᠠᠶᠢᠬᠠᠨ ᠢ ᠪᠠᠭ᠋ᠠᠷᠬᠠᠵᠤ ᠪᠣᠯᠳᠠᠭ᠃ ᠬᠤᠳᠠ ᠶᠢᠨ ᠥᠷᠲᠡᠭᠡ ᠪᠣᠯ ᠮᠠᠨ ᠤ ᠣᠷᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠨᠢᠭᠡᠨ ᠬᠤᠷᠢᠶᠠᠩᠭᠤᠢ ᠳᠦᠷᠰᠦ ᠪᠣᠯᠤᠨ᠎ᠠ᠃ ᠮᠠᠨ ᠤ ᠣᠷᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠪᠥᠬᠦ ᠤᠯᠤᠰ ᠤᠨ ᠲᠡᠷᠢᠭᠦᠨ ᠡᠩᠨᠡᠭᠡᠨ ᠳᠤ ᠶᠠᠪᠤᠵᠤ᠂ 2017 ᠣᠨ ᠠᠴᠠ ᠨᠠᠭᠠᠰᠢ᠂ 3232 ᠵᠣᠷᠯᠤᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠭᠤᠣᠯ ᠵᠡᠮ ᠲᠡᠡᠭᠤ᠂ ᠵᠢᠭᠤᠯᠴᠢᠯᠠᠯ ᠤᠨ ᠭᠠᠵᠠᠷ ᠤᠨ ᠵᠠᠩᠭᠢᠯᠠᠭ᠎ᠠ ᠴᠡᠭ᠂ ᠵᠠᠮ ᠬᠠᠷᠢᠯᠴᠠᠭᠠᠨ ᠤ ᠥᠷᠲᠡᠭᠡ ᠵᠡᠷᠭᠡ ᠭᠠᠵᠠᠷ ᠲᠠᠬᠢ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠪᠦᠷᠢᠨ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠪᠡ᠃      ᠥᠪᠥᠷ ᠮᠣᠩᠭᠤᠯ ᠤᠨ ᠪᠦᠬᠦ ᠣᠷᠣᠨ ᠪᠦᠰᠡ ᠳᠠᠬᠢ ᠳᠥᠷᠪᠡᠨ ᠤᠯᠠᠷᠢᠯ ᠤᠨ ᠵᠢᠭᠤᠯᠴᠢᠯᠠᠯ ᠤᠨ ᠥᠪᠡᠷᠮᠢᠴᠡ ᠣᠨᠴᠠᠯᠢᠭ᠄ ᠥᠪᠥᠷ ᠮᠣᠩᠭᠤᠯ ᠤᠨ ᠣᠨᠴᠠᠯᠢᠭᠲᠤ ᠢᠲᠡᠭᠡᠨ᠂ ᠥᠪᠥᠷ ᠮᠣᠩᠭᠤᠯ ᠬᠤᠪᠴᠠᠰᠤ ᠵᠠᠰᠠᠯ᠂ ᠥᠪᠥᠷ ᠮᠣᠩᠭᠤᠯ ᠮᠥᠰᠥ ᠴᠠᠰᠤ᠂ ᠥᠪᠥᠷ ᠮᠣᠩᠭᠤᠯ ᠤᠨ ᠴᠡᠴᠡᠭᠲᠦ ᠤᠯᠠᠷᠢᠯ᠂ ᠥᠪᠥᠷ ᠮᠣᠩᠭᠤᠯ ᠤᠨ ᠬᠥᠯ ᠪᠥᠮᠪᠦᠭᠡ᠂ ᠥᠪᠥᠷ ᠮᠣᠩᠭᠤᠯ ᠤᠨ ᠺᠢᠨᠣ᠋ ᠲᠧᠯᠸᠢᠰ᠂ ᠥᠪᠥᠷ ᠮᠣᠩᠭᠤᠯ ᠤᠨ ᠳᠠᠭᠤᠤ ᠬᠥᠭᠵᠢᠮ ᠵᠡᠷᠭᠡ ᠠᠯᠢ ᠣᠯᠠᠨ ᠨᠠᠷᠠᠲᠤ ᠲᠡᠮᠳᠡᠭᠲᠦ ᠨᠢ ᠥᠪᠥᠷ ᠮᠣᠩᠭᠤᠯ ᠤᠨ  ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠲᠤᠬᠠᠶ ᠶᠢᠨ ᠭᠠᠵᠠᠷ ᠤᠨ ᠠᠷᠠᠳ ᠲᠦᠮᠡᠨ ᠤ ᠤᠶᠤᠨ ᠤ ᠠᠮᠢᠳᠤᠷᠠᠯ ᠳᠤ ᠬᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ᠃ ᠪᠣᠬᠢᠷᠲᠤᠯ ᠦᠭᠡᠢ ᠪᠠᠶᠢᠬᠤ ᠪᠣᠯ ᠥᠪᠥᠷ ᠮᠣᠩᠭᠤᠯ ᠤᠨ ᠰᠠᠭᠤᠷᠢ ᠦᠩᠬᠡ ᠪᠠ ᠦᠷᠳᠡᠭ ᠮᠥᠨ᠂ ᠵᠢᠭᠤᠯᠴᠢᠯᠠᠯ ᠤᠨ ᠦᠢᠯᠡᠰ ᠢ ᠬᠥᠭᠵᠢᠬᠦᠯᠬᠦ ᠳᠤ ᠡᠷᠬᠡᠪᠰᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠦᠷᠭᠦᠯᠵᠢᠯᠡᠬᠦ ᠬᠥᠭᠵᠢᠯᠲᠡ ᠶᠢᠨ ᠣᠨᠣᠯᠵᠢᠬᠤᠨ ᠢ ᠵᠢᠭᠤᠯᠴᠢᠯᠠᠯ ᠢ ᠲᠥᠯᠥᠪᠵᠢᠭᠦᠯᠬᠦ᠂ ᠨᠡᠭᠡᠭᠡᠬᠦ᠂ ᠬᠠᠮᠢᠶᠠᠷᠬᠤ ᠪᠠ  ᠦᠢᠯᠡᠴᠢᠯᠡᠬᠦ ᠪᠦᠬᠦ ᠶᠠᠪᠤᠴᠠ ᠳᠤ ᠡᠷᠡᠰ ᠪᠠᠲᠤ ᠪᠠᠷ ᠲᠤᠤᠱᠯᠠᠭᠤᠯᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠨᠡᠷᠡᠳᠬᠦᠨ ᠢ ᠯᠠᠪᠳᠠᠭᠤᠨ ᠪᠠᠲᠤᠲᠠᠢ ᠴᠣᠭᠴᠠᠯᠠᠨ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠴᠠᠭ ᠦᠶ᠎ᠡ ᠲᠡᠰᠢ ᠣᠷᠣᠭᠰᠢᠯᠠᠬᠤ ᠬᠡᠷᠡᠭᠲᠡᠢ ᠶᠤᠮ᠃ ᠠᠯᠤᠰ ᠤᠨ ᠲᠥᠯᠥᠪ ᠢ ᠵᠢᠷᠤᠭᠯᠠᠵᠤ᠂ ᠬᠠᠷᠠᠯᠲᠠ ᠪᠠᠨ ᠲᠤᠲᠤᠷᠬᠠᠶᠢᠯᠠᠪᠠᠯ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠪᠡᠷᠬᠡ ᠳᠠᠪᠠᠭ᠎ᠠ ᠶᠢ ᠲᠤᠭᠤᠯᠵᠤ ᠪᠠᠭᠠᠲᠤᠷᠯᠢᠭ ᠢᠶᠠᠷ ᠤᠷᠤᠭᠰᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠳᠦ ᠵᠢᠭᠤᠯᠴᠢᠯᠠᠯ ᠤᠨ ᠣᠷᠣᠨ ᠲᠡᠰᠢ ᠤᠷᠤᠭᠰᠢᠯᠠᠬᠤ ᠨᠢ ᠯᠠᠪᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号