ᠥᠪᠥᠷ ᠮᠣᠩᠭᠤᠯ ᠭᠠᠶᠢᠯᠢ ᠲᠠᠲᠠᠪᠤᠷᠢ ᠶᠢᠨ ᠬᠠᠤᠯᠢ ᠵᠦᠷᠢᠴᠡᠭᠰᠡᠨ ︽ᠬᠠᠷ᠎ᠠ ᠳᠠᠩᠰᠠ︾ ᠪᠠ ᠢᠲᠡᠭᠡᠮᠵᠢ ᠠᠯᠳᠠᠭᠰᠠᠨ ᠬᠠᠷᠢᠭᠤᠴᠠᠯᠭᠠᠲᠠᠨ ᠢ ᠬᠤᠯᠪᠣᠭᠠᠯᠠᠨ ᠵᠠᠯᠬᠠᠭᠠᠬᠤ ᠶᠢ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018/9/21
     ᠣᠶᠢᠷ᠎ᠠ ᠶᠢᠨ ᠵᠢᠯ ᠤᠨ ᠲᠤᠷᠰᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂ ᠭᠠᠶᠢᠯᠢ ᠲᠠᠲᠠᠪᠤᠷᠢ ᠶᠢᠨ ᠬᠠᠤᠯᠢ ᠵᠦᠷᠢᠴᠡᠭᠰᠡᠨ ︽ᠬᠠᠷ᠎ᠠ ᠲᠠᠩᠰᠠ︾ ᠪᠠ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠢᠳᠡᠪᠬᠢᠲᠡᠶ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠭᠠᠶᠢᠯᠢ ᠲᠠᠲᠠᠪᠤᠷᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠬᠦᠯᠵᠢᠯᠡᠨ ᠰᠢᠯᠢᠳᠡᠭᠵᠢᠭᠦᠯᠪᠡ᠃ ᠡᠨᠡ ᠵᠢᠯ ᠤᠨ 7 ᠳ᠋ᠤᠭᠠᠷ ᠰᠠᠷ᠎ᠠ ᠶᠢᠨ ᠡᠴᠦᠰ ᠪᠤᠯᠲᠠᠯ᠎ᠠ᠂ ᠪᠥᠬᠦ ᠣᠷᠣᠨ ᠤ ︽ᠬᠠᠷ᠎ᠠ ᠲᠠᠩᠰᠠ︾᠎ ᠶᠢᠨ ᠬᠠᠮᠢᠶᠠᠷᠤᠯᠲᠠ ᠳᠤ ᠤᠷᠤᠭᠤᠯᠤᠭᠰᠠᠨ ᠠᠵᠤ ᠠᠬᠤᠶᠢᠯᠠᠯ ᠶᠡᠷᠦᠩᠬᠡᠶ ᠲᠣᠭᠠᠨ ᠤ 29.7%᠎ ᠶᠢ ᠡᠵᠡᠯᠡᠵᠦ᠂ ︽ᠬᠠᠷ᠎ᠠ ᠳᠠᠩᠰᠠ︾᠎ ᠠᠴᠠ ᠭᠠᠷᠭᠠᠭᠰᠠᠨ ᠠᠵᠤ ᠠᠬᠤᠶᠢᠯᠠᠯ ᠶᠡᠷᠦᠩᠬᠡᠶ ᠲᠣᠭᠠᠨ ᠤ      4.1% ᠡᠵᠡᠯᠡᠪᠡ᠃      ᠣᠶᠢᠯᠠᠭᠠᠭᠰᠠᠨ ᠢᠶᠠᠷ᠂ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠰᠢᠳᠬᠡᠬᠦ ᠵᠠᠷᠴᠢᠮ ᠶᠤᠰᠤᠭᠠᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠳᠠᠯᠢ ᠪᠤᠰᠤ ᠢᠲᠡᠭᠡᠮᠵᠢ ᠶᠢᠨ ᠵᠡᠷᠭᠡ ᠳᠡᠰ ᠤᠨ ᠭᠠᠶᠢᠯᠢ ᠲᠤᠰᠢᠶᠠᠭᠴᠢ ᠳᠤ ᠲᠥᠷᠥᠯ ᠬᠤᠪᠢᠶᠠᠨ ᠦᠢᠯᠡᠴᠢᠯᠡᠬᠦ ᠪᠠ ᠬᠠᠮᠢᠶᠠᠷᠬᠤ ᠶᠢ ᠬᠡᠷᠡᠭᠵᠢᠭᠦᠯᠪᠡ᠄ A ᠳᠡᠰ ᠤᠨ ᠭᠠᠶᠢᠯᠢ ᠲᠤᠰᠢᠶᠠᠭᠴᠢ ᠪᠠᠷᠢᠮᠲᠠ ᠠᠪᠬᠤ᠂ ᠭᠠᠷᠭᠠᠯᠲᠠ ᠶᠢᠨ ᠭᠠᠶᠢᠯᠢ ᠪᠤᠴᠠᠭᠠᠬᠤ᠂ ᠪᠠᠩᠬᠢ ᠭᠠᠶᠢᠯᠢ ᠶᠢᠨ ᠨᠥᠬᠦᠴᠡᠯᠳᠦᠯ᠂ ᠭᠠᠶᠢᠯᠢ ᠲᠤᠰᠢᠶᠠᠬᠤ ᠰᠠᠭᠠᠳ ᠥᠬᠡᠶ ᠨᠡᠪᠲᠡᠷᠡᠬᠦ ᠵᠠᠮ ᠵᠡᠷᠭᠡ ᠲᠠᠯ᠎ᠠ ᠪᠠᠷ ᠬᠠᠷᠠᠭᠠᠯᠵᠠᠯ ᠪᠠ ᠳᠦᠬᠦᠮ ᠢ ᠬᠦᠷᠲᠡᠵᠦ᠂ D ᠲᠡᠰ ᠤᠨ ᠭᠠᠶᠢᠯᠢ ᠲᠤᠰᠢᠶᠠᠭᠴᠢ ᠪᠠᠷᠢᠮᠲᠠ ᠶᠢᠨ ᠬᠠᠮᠢᠶᠠᠷᠤᠯᠲᠠ᠂ ᠭᠠᠷᠭᠠᠯᠲᠠ ᠶᠢᠨ ᠭᠠᠶᠢᠯᠢ ᠪᠤᠴᠠᠭᠠᠬᠤ᠂ ᠡᠳᠦᠷ ᠲᠤᠲᠤᠮ ᠤᠨ ᠬᠠᠮᠢᠶᠠᠷᠤᠯᠲᠠ ᠪᠠ ᠭᠠᠶᠢᠯᠢ ᠶᠢᠨ ᠶᠠᠪᠤᠳᠠᠯ ᠤᠨ ᠪᠠᠶᠢᠴᠠᠭᠠᠯᠲᠠ ᠶᠢ ᠬᠦᠯᠢᠶᠡᠨ ᠠᠪᠬᠤ ᠵᠡᠷᠭᠡ ᠲᠠᠯ᠎ᠠ ᠪᠠᠷ ᠴᠢᠩᠭ᠎ᠠ ᠬᠢᠵᠠᠭᠠᠷᠯᠠᠭᠳᠠᠭᠰᠠᠨ ᠪᠠ ᠬᠠᠮᠢᠶᠠᠷᠤᠭᠳᠠᠵᠠᠢ᠃ ᠡᠭᠦᠨ ᠤ ᠬᠠᠮᠲᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠳᠠᠬᠢ ᠪᠤᠲᠠᠲᠠᠢ ᠬᠠᠮᠢᠶᠠᠷᠤᠯᠲᠠ ᠡᠵᠡᠮᠳᠡᠯ ᠢᠶᠠᠨ ᠦᠨᠡᠨ ᠬᠦ ᠴᠢᠩᠭᠠᠷᠠᠭᠤᠯᠵᠤ᠂ ᠬᠠᠮᠲᠤᠷᠠᠨ ᠵᠠᠯᠬᠠᠭᠠᠯ ᠦᠵᠡᠭᠦᠯᠬᠦ ︽ᠬᠠᠮ ᠨᠢᠳᠤᠷᠭ᠎ᠠ︾᠎ ᠶᠢᠨ ᠠᠷᠭ᠎ᠠ ᠶᠢ ᠰᠠᠶᠢᠲᠤᠷ ᠬᠡᠷᠡᠭᠯᠡᠬᠦ ᠶᠢᠨ ᠲᠤᠰᠠᠳᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠦᠴᠢᠷ ᠯᠦᠭᠡ ᠰᠠᠨᠠᠭᠠᠴᠢᠯᠠᠭ᠎ᠠ ᠠᠴᠠ ᠪᠠᠨ ᠵᠤᠯᠭᠠᠯᠳᠤᠵᠤ᠂ ᠭᠠᠶᠢᠯᠢ ᠲᠠᠲᠠᠪᠤᠷᠢ ᠶᠢᠨ ᠳᠤᠮᠤ ᠳ᠋ᠠᠶᠢᠲ᠋ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠨᠡᠶᠢᠭᠡᠮ ᠤᠨ ᠢᠲᠡᠭᠡᠮᠵᠢ ᠶᠢᠨ ᠲᠠᠪᠴᠠᠩ ᠢ ᠠᠰᠢᠭᠯᠠᠨ᠂ ᠭᠠᠶᠢᠯᠢ ᠲᠠᠲᠠᠪᠤᠷᠢ ᠶᠢᠨ ᠬᠠᠤᠯᠢ ᠵᠥᠷᠢᠴᠡᠭᠰᠡᠨ ︽ᠬᠠᠷ᠎ᠠ ᠳᠠᠩᠰᠠ︾ ᠪᠠ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠤᠶᠤᠨᠴᠢ ᠮᠡᠳᠡᠭᠡ ᠵᠠᠩᠭᠢ ᠶᠢᠨ ᠰᠢᠰᠲ᠋ᠧᠮ ᠢ ᠪᠡᠶ᠎ᠡ ᠪᠠᠨ ᠳᠠᠭᠠᠭᠠᠨ ᠰᠤᠳᠤᠯᠤᠨ ᠨᠡᠭᠡᠭᠡᠪᠡ᠃ ᠲᠣᠰ ᠰᠢᠰᠲ᠋ᠧᠮ ᠨᠢ ᠭᠠᠶᠢᠯᠢ ᠲᠠᠲᠠᠪᠤᠷᠢ ᠶᠢᠨ ᠲᠤᠮᠤ ᠳ᠋ᠠᠶᠢᠲ᠋ᠠ ᠪᠣᠯᠤᠨ ᠭᠤᠷᠪᠠᠳᠠᠬᠢ ᠡᠲᠡᠭᠡᠳ ᠤᠨ ᠲᠤᠭ᠎ᠠ ᠪᠠᠷᠢᠮᠲᠠ ᠶᠢ ᠠᠦ᠋ᠲ᠋ᠣ᠋ ᠡᠮᠬᠢᠯᠡᠵᠦ ᠨᠡᠶᠢᠯᠡᠭᠦᠯᠦᠨ ᠠᠰᠢᠭᠯᠠᠵᠤ᠂   ︽ᠬᠠᠷ᠎ᠠ  ᠲᠠᠩᠰᠠ︾᠎ ᠶᠢᠨ ᠲᠤᠬᠠᠶ ᠶᠢᠨ ᠬᠥᠮᠦᠨ ᠤ ᠪᠠᠶᠢᠳᠠᠯ ᠢ ᠴᠠᠭ ᠲᠤᠬᠠᠢ ᠳᠤ ᠨᠢ ᠢᠯᠡᠷᠡᠭᠦᠯᠵᠦ᠂ ︽ᠬᠠᠷ᠎ᠠ ᠳᠠᠩᠰᠠ︾᠎ ᠳᠤ ᠣᠷᠣᠭᠤᠯᠤᠭᠰᠠᠨ ᠪᠤᠯᠪᠠᠴᠤ ᠭᠠᠶᠢᠯᠢ ᠲᠤᠰᠢᠶᠠᠬᠤ ᠢᠲᠡᠭᠡᠮᠵᠢ ᠶᠢ ᠨᠢ D ᠳᠡᠰ ᠢᠶᠠᠷ ᠲᠤᠭᠲᠠᠭᠠᠭᠳᠠᠭᠰᠠᠨ ᠦᠭᠡᠢ ᠭᠠᠶᠢᠯᠢ ᠲᠤᠰᠢᠶᠠᠭᠴᠢ ᠳᠤ ᠤᠶᠤᠨᠴᠢᠯᠠᠭᠰᠠᠨ ᠰᠠᠨᠠᠭᠤᠯᠭ᠎ᠠ ᠦᠭᠬᠦ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠣᠭᠲᠠᠭᠠᠭᠰᠠᠨ ᠴᠠᠭ ᠬᠤᠭᠤᠴᠠᠭᠠᠨ ᠳᠣᠲᠣᠷ᠎ᠠ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠶᠢ ᠰᠢᠮᠳᠠᠭᠤᠯᠵᠠᠢ︔ ᠦᠨᠡᠨ ᠨᠡᠷ᠎ᠡ ᠪᠠᠷ ᠢᠶᠠᠨ ᠭᠠᠶᠢᠯᠢ ᠲᠤᠰᠢᠶᠠᠬᠤ ᠰᠢᠰᠲ᠋ᠧᠮ᠂ ᠬᠠᠮᠲᠤᠷᠠᠭᠰᠠᠨ ᠭᠠᠶᠢᠯᠢ ᠲᠤᠰᠢᠶᠠᠬᠤ ᠰᠦᠯᠵᠢᠶᠡᠨ ᠲᠢᠩᠬᠢᠮ ᠪᠣᠯᠤᠨ ᠭᠠᠷ ᠤᠲᠠᠰᠤᠨ ᠤ ᠰᠢᠯᠵᠢᠮᠡᠯ ᠦᠶᠯᠡᠴᠢᠯᠡᠭᠡ ᠵᠡᠷᠭᠡ ᠶᠢ ᠵᠤᠯᠭᠠᠯᠳᠤᠭᠤᠯᠵᠤ᠂ ᠡᠯ᠎ᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠠᠢ᠃ ᠪᠦᠷᠢᠳᠬᠡᠯ ᠢ ᠦᠨᠳᠦᠰᠦᠯᠡᠪᠡᠯ᠂ ᠰᠢᠰᠲ᠋ᠧᠮ ᠢ ᠰᠦᠯᠵᠢᠶᠡᠨ ᠳᠤ ᠬᠤᠯᠪᠣᠨ ᠠᠵᠢᠯᠯᠠᠭᠤᠯᠤᠭᠰᠠᠨ ᠠᠴᠠ ᠨᠠᠭᠠᠰᠢ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ 1200 ᠭᠠᠷᠤᠢ ᠤᠳᠠᠭ᠎ᠠ ᠨᠡᠶᠢᠲᠡᠯᠡᠨ ᠮᠡᠳᠡᠭᠦᠯᠵᠦ᠂ ᠠᠵᠤ ᠦᠢᠯᠡᠳᠪᠦᠷᠢ ᠬᠤᠳᠠᠯᠳᠤᠭ᠎ᠠ᠂ ᠪᠣᠭᠤᠮᠲᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠨᠡᠶᠢᠲᠡ 1217 ᠵᠤᠷᠪᠤᠰ ᠬᠦᠯᠢᠶᠡᠨ ᠠᠪᠴᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠪᠦᠷᠢᠨ ᠨᠡᠪᠲᠡᠷᠡᠭᠦᠯᠬᠦ ᠶᠢ ᠠᠩᠬ᠎ᠠ ᠠᠯᠬᠤᠮ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠰᠠ ᠭᠠᠶᠢᠯᠢ ᠲᠠᠲᠠᠪᠤᠷᠢ ᠶᠢᠨ ᠲᠤᠮᠤ ᠳ᠋ᠠᠶᠢᠲ᠋ᠠ ᠳᠤ ᠲᠦᠰᠢᠭᠯᠡᠨ ᠭᠠᠶᠢᠯᠢ ᠲᠠᠲᠠᠪᠤᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ ᠪᠥᠬᠦ ᠣᠷᠣᠨ ᠤ 10 ᠲᠦᠮᠡ ᠰᠢᠬᠠᠮ ᠡᠷᠦᠬᠡ ᠡᠩ ᠤᠨ ᠭᠠᠶᠢᠯᠢ ᠲᠤᠰᠢᠶᠠᠭᠴᠢ ᠶᠢ ᠲᠥᠷᠥᠯ ᠬᠤᠪᠢᠶᠠᠬᠤ ᠪᠠᠷ ᠳᠠᠮᠵᠢᠭᠤᠯᠤᠨ᠂ ᠠᠶᠤᠯ ᠲᠦᠭᠰᠢᠭᠦᠷᠢ ᠶᠢᠨ ᠲᠡᠰ ᠨᠢ ︽ᠥᠨᠳᠥᠷ︾᠎ ᠢᠶᠠᠷ ᠲᠣᠭᠲᠠᠭᠠᠭᠳᠠᠭᠰᠠᠨ ᠭᠠᠶᠢᠯᠢ ᠲᠤᠰᠢᠶᠠᠭᠴᠢ ᠶᠢ ︽ᠠᠩᠬᠠᠷᠤᠯᠲᠦ ᠨᠡᠷᠡᠰ︾᠎ ᠲᠤ ᠤᠷᠤᠭᠤᠯᠵᠤ᠂ ᠭᠠᠶᠢᠯᠢ ᠲᠠᠲᠠᠪᠤᠷᠢ ᠶᠢᠨ ︽ᠬᠠᠷ᠎ᠠ ᠳᠠᠩᠰᠠ︾᠎ ᠯᠤᠭ᠎ᠠ ᠨᠢᠭᠲᠠ ᠵᠣᠯᠭᠠᠭᠤᠯᠬᠤ ᠶᠢ ᠪᠡᠶᠡᠯᠡᠭᠦᠯᠵᠡᠢ᠃ ᠤᠳᠤᠬᠠᠨ ᠳᠤ᠂ ᠪᠦᠬᠦ ᠣᠷᠣᠨ ᠳᠤ 427 ᠠᠵᠤ ᠠᠬᠤᠶᠢᠯᠠᠯ ︽ᠠᠩᠬᠠᠷᠤᠯᠲᠦ ᠨᠡᠷᠡᠰ︾᠎ ᠲᠤ ᠵᠢᠭᠰᠠᠭᠠᠭᠳᠠᠭᠰᠠᠨ ᠪᠥᠭᠡᠳ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠭᠡᠨ ᠲᠦᠭᠰᠢᠭᠦᠷᠢ ᠶᠢ ᠨᠢ ᠠᠷᠭᠠᠴᠠᠬᠤ ᠶᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠫᠢᠶᠣᠣ ᠶᠢᠨ ᠵᠦᠢᠯ ᠢ ᠨᠢ ᠬᠢᠨᠠᠨ ᠲᠤᠭᠲᠠᠭᠠᠬᠤ᠂ ᠪᠠᠷᠢᠮᠲᠠ ᠬᠢᠵᠦ ᠦᠭᠬᠦ᠂ ᠭᠠᠶᠢᠯᠢ ᠮᠡᠳᠡᠭᠦᠯᠬᠦ᠂ ᠭᠠᠷᠭᠠᠯᠲᠠ ᠶᠢᠨ ᠭᠠᠶᠢᠯᠢ ᠶᠢ ᠪᠤᠴᠠᠭᠠᠬᠤ ᠵᠡᠷᠭᠡ ᠭᠤᠭᠴᠠᠭ᠎ᠠ ᠳᠠᠬᠢ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠪᠣᠳᠠᠲᠠᠶ ᠪᠠᠶᠢᠳᠠᠯ ᠢ ᠦᠨᠳᠦᠰᠦᠯᠡᠨ ᠬᠠᠪᠰᠤᠷᠤᠨ ᠵᠢᠯᠣᠭᠤᠳᠬᠤ ᠬᠤᠭᠤᠴᠠᠭᠠᠨ ᠤ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠤᠨ ᠪᠣᠯᠵᠣᠨ ᠶᠠᠷᠢᠯᠴᠠᠬᠤ᠂ ᠲᠤᠬᠠᠶ ᠶᠢᠨ ᠭᠠᠵᠠᠷ ᠨᠢ ᠪᠠᠶᠢᠴᠠᠭᠠᠯᠲᠠ ᠬᠢᠬᠦ᠂ ᠬᠡᠪ ᠤᠨ ᠪᠤᠰᠤ ᠫᠢᠶᠣᠣ ᠪᠠᠷᠢᠮᠲᠠ ᠶᠢ ᠨᠢ ᠬᠢᠨᠠᠨ ᠪᠠᠶᠢᠴᠠᠭᠠᠬᠤ᠂ ᠴᠢᠨᠠᠭᠰᠢᠯᠠᠪᠠᠯ ᠫᠢᠶᠣᠣ ᠪᠠᠷᠢᠮᠲᠠ ᠬᠢᠵᠦ ᠦᠭᠬᠦ ᠲᠤᠭ᠎ᠠ ᠶᠢ ᠨᠢ ᠬᠢᠵᠠᠭᠠᠷᠯᠠᠬᠤ᠂ ᠰᠦᠯᠵᠢᠶᠡᠨ ᠠᠴᠠ ᠭᠠᠳᠠᠨ᠎ᠠ ᠫᠢᠶᠣᠣ ᠪᠠᠷᠢᠮᠲᠠ ᠬᠢᠵᠦ ᠦᠭᠬᠦ ᠶᠢ ᠨᠢ ᠬᠢᠵᠠᠭᠠᠷᠯᠠᠬᠤ ᠵᠡᠷᠭᠡ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠠᠪᠴᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号