ᠥᠪᠥᠷ ᠮᠣᠩᠭᠤᠯ ᠠᠩᠬ᠎ᠠ ᠵᠡᠷᠭᠡ ᠶᠢᠨ ︽ᠱᠦᠭᠦᠯᠲᠡ ᠲᠤᠤᠷ︾᠎ ᠢ ᠪᠠᠶᠢᠭᠤᠯᠵᠤ ᠢᠳᠡᠭᠡᠨ ᠤ ᠠᠮᠤᠷ ᠲᠦᠪᠰᠢᠨ ᠤ ᠪᠤᠭᠤᠮᠲᠠ ᠶᠢ ᠴᠢᠩᠭ᠎ᠠ ᠠᠳᠬᠤᠵᠤ ᠪᠤᠢ
ᠨᠡᠶᠢᠲᠡᠯᠡᠭᠰᠡᠨ ᠴᠠᠭ᠄
2018/9/25
     ᠡᠨᠡ ᠵᠢᠯ ᠤᠨ 7 ᠳ᠋ᠤᠭᠠᠷ ᠰᠠᠷ᠎ᠠ ᠳᠤ᠂ ︽ᠨᠡᠭᠦᠳᠡᠯ ᠲᠤᠷᠰᠢᠯᠲᠠ ᠶᠢᠨ ᠲᠠᠰᠤᠭ︾᠎ ᠢᠶᠠᠷ ᠨᠡᠷᠡᠯᠡᠭᠳᠡᠭᠰᠡᠨ ᠢᠳᠡᠭᠡᠨ ᠤ ᠲᠦᠷᠭᠡᠨ ᠪᠠᠶᠢᠴᠠᠭᠠᠯᠲᠠ ᠬᠢᠬᠦ ᠮᠠᠰᠢᠨ ᠥᠪᠥᠷ ᠮᠣᠩᠭᠤᠯ ᠤᠨ 103 ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠥᠷᠭᠡᠨ ᠢᠶᠠᠷ ᠬᠡᠷᠡᠭᠯᠡᠭᠳᠡᠭᠰᠡᠨ ᠠᠴᠠ ᠨᠠᠭᠠᠰᠢ᠂ ᠡᠯ᠎ᠡ ᠲᠤᠮᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ᠂ ᠰᠤᠷᠭᠠᠭᠤᠯᠢ ᠶᠢᠨ ᠬᠤᠭᠤᠯᠠᠨ ᠭᠡᠷ᠂ ᠬᠤᠭᠤᠯᠠ ᠤᠮᠳᠠᠭᠠᠨ ᠤ ᠨᠢᠭᠡᠴᠢ᠂ ᠦᠵᠡᠰᠬᠦᠯᠡᠩ ᠤᠨ ᠴᠤᠭᠯᠠᠭᠠᠨ ᠤ ᠬᠤᠷᠠᠯ ᠤᠨ ᠲᠠᠯᠠᠪᠠᠶ ᠵᠡᠷᠭᠡ ᠳᠤ ᠪᠦᠷ ᠲᠡᠭᠦᠨ ᠤ ᠪᠠᠷ᠎ᠠ ᠬᠠᠷᠠᠭᠳᠠᠵᠤ᠂ ᠢᠳᠡᠭᠡᠨ ᠢ ᠪᠠᠶᠢᠴᠠᠭᠠᠨ ᠰᠢᠯᠭᠠᠬᠤ ᠬᠡᠮᠵᠢᠭᠦᠷ ᠪᠥᠬᠦ ᠣᠷᠣᠨ ᠤ ᠡᠯ᠎ᠡ ᠥᠨᠴᠥᠭ ᠪᠤᠯᠤᠩ ᠳᠤ ᠬᠦᠷᠲᠡᠯ᠎ᠡ ᠲᠦᠭᠡᠵᠡᠢ᠃      ᠣᠶᠢᠯᠠᠭᠠᠭᠰᠠᠨ ᠢᠶᠠᠷ᠂ 2014 ᠤᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠥᠪ ᠤᠨ ᠲᠤᠰᠬᠠᠶ ᠪᠠᠯᠠ ᠮᠦᠩᠭᠦ ᠶᠢ ᠨᠡᠶᠢᠲᠡ 3.51 ᠳ᠋ᠦᠩᠰᠢᠭᠤᠷ ᠲᠥᠭᠦᠷᠢᠭ ᠣᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠤᠯᠤᠨ ᠬᠤᠰᠢᠭᠤ ᠰᠢᠶᠠᠨ ᠤ ᠢᠳᠡᠭᠡᠨ ᠤ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠨᠡᠶᠢᠲᠡ 23᠎ ᠶᠢ ᠪᠠᠶᠢᠭᠤᠯᠤᠭᠰᠠᠨ ᠪᠠ ᠦᠭᠡᠷᠡᠴᠢᠯᠡᠨ ᠪᠠᠶᠢᠭᠤᠯᠵᠠᠢ︔ 2015 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠤᠷᠪᠠᠨ ᠵᠢᠯ ᠤᠨ ᠬᠤᠭᠤᠴᠠᠭ᠎ᠠ ᠬᠡᠷᠡᠭᠯᠡᠨ᠂ 5400 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ︵ᠬᠤᠳᠠ᠂ ᠲᠣᠭᠤᠷᠢᠭ︶ ᠪᠣᠯᠤᠨ 12 ᠨᠡᠭᠡᠭᠡᠨ ᠬᠥᠭᠵᠢᠭᠦᠯᠬᠦ ᠣᠷᠣᠨ ᠳᠤ ᠢᠳᠡᠭᠡᠨ ᠤ ᠠᠮᠤᠷ ᠲᠦᠪᠰᠢᠨ ᠤ ᠲᠦᠷᠭᠡᠨ ᠪᠠᠶᠢᠴᠠᠭᠠᠬᠤ ᠪᠡᠯᠡᠳᠬᠡᠮᠵᠢ ᠲᠤᠬᠢᠷᠠᠭᠤᠯᠵᠤ ᠦᠭᠴᠡᠢ︔ 2016 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠥᠪ ᠤᠨ ᠲᠤᠰᠬᠠᠶ ᠪᠡᠯᠡ ᠮᠥᠩᠭᠦ ᠪᠣᠯᠤᠨ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠡᠶᠢᠲᠡ 1.26 ᠳ᠋ᠦᠩᠰᠢᠭᠤᠷ ᠲᠥᠭᠦᠷᠢᠭ ᠤᠯᠵᠤ᠂ ᠪᠦᠬᠦ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠢᠳᠡᠭᠡᠨ ᠤ ᠲᠦᠷᠭᠡᠨ ᠪᠠᠶᠢᠴᠠᠭᠠᠬᠤ ᠲᠡᠷᠭᠡ ᠵᠢᠴᠢ ᠪᠡᠯᠡᠳᠬᠡᠮᠵᠢ ᠲᠤᠬᠢᠷᠠᠭᠤᠯᠵᠤ ᠦᠭᠴᠡᠢ᠃ ᠲᠠᠪᠤᠨ ᠵᠢᠯ ᠤᠨ ᠬᠤᠭᠤᠴᠠᠭᠠᠨ ᠳᠤ᠂ ᠲᠤᠷᠰᠢᠯᠲᠠ ᠶᠢᠨ ᠲᠠᠰᠤᠬ ᠠᠴᠠ ︽ᠨᠡᠭᠦᠳᠡᠯ ᠲᠤᠷᠰᠢᠯᠲᠠ ᠶᠢᠨ ᠲᠠᠰᠤᠭ︾ ᠬᠦᠷᠲᠡᠯ᠎ᠡ᠂ ᠥᠪᠥᠷ ᠮᠣᠩᠭᠤᠯ ᠤᠨ ᠢᠳᠡᠭᠡᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠣᠷᠣ ᠲᠥᠯᠥᠪ ᠠᠯᠬᠤᠮ ᠠᠯᠬᠤᠮ ᠢᠶᠠᠷ ᠪᠠᠶᠢᠭᠤᠯᠤᠭᠳᠠᠵᠤ᠂ ᠬᠠᠮᠤᠭ ᠡᠴᠦᠰ ᠲᠤ ᠥᠪᠡᠷᠲᠡᠭᠡᠨ ᠵᠠᠰᠠᠬᠤ ᠣᠷᠣᠨ ᠤ ︽ᠳᠡᠭᠡᠳᠦ ᠨᠠᠷᠢᠯᠢᠭ ᠣᠷᠦ᠋ᠢᠯᠠᠭᠰᠠᠨ︾᠂ ᠠᠶᠢᠮᠠᠭ ᠬᠤᠲᠠ ᠶᠢᠨ ︽ᠪᠦᠷᠢᠨ ᠪᠥᠷᠬᠦᠭᠦᠯᠬᠦ︾᠎ ᠶᠢ ᠬᠠᠩᠭᠠᠭᠰᠠᠨ᠂ ᠬᠤᠰᠢᠭᠤ ᠰᠢᠶᠠᠨ ᠤ ︽ᠬᠠᠮᠤᠭ ᠤᠨ ᠦᠨᠳᠦᠰᠦᠨ︾᠎ ᠳᠤ ᠬᠦᠷᠦᠭᠰᠡᠨ᠂ ᠰᠢᠶᠠᠩ ᠪᠠᠯᠭᠠᠰᠤᠨ ᠤ ︽ᠬᠠᠮᠤᠭ ᠤᠨ ᠲᠦᠷᠭᠡᠨ︾᠎ ᠢ ᠪᠡᠶᠡᠯᠡᠭᠦᠯᠦᠭᠰᠡᠨ ᠢᠳᠡᠭᠡᠨ ᠢ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号