9 ᠳ᠋ᠦ᠋ᠭᠡᠷ ᠰᠠᠷ᠎ᠠ ᠶᠢᠨ 21 ᠤ ᠡᠳᠦᠷ᠂ 2018 ᠣᠨ ᠤ ᠦᠪᠦᠷ ᠮᠤᠩᠭᠤᠯ ᠤᠨ ᠴᠡᠴᠡᠭᠲᠤ ᠤᠯᠠᠷᠢᠯ ᠤᠨ | ᠵᠢᠭᠤᠯᠴᠢᠯᠠᠯ ᠤᠨ ᠦᠬᠠᠢ ᠶᠢᠨ ᠦᠵᠦᠮ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠦᠬᠠᠢ ᠬᠤᠲᠠ ᠶᠢᠨ | ᠤᠳᠠ ᠶᠢᠨ ᠲᠤᠬᠤᠢ ᠲᠤᠭᠤᠷᠢᠬ ᠤᠨ ᠤᠯᠠᠭᠠᠨ ᠨᠠᠭᠤᠷ ᠪᠠᠯᠭᠠᠰᠤᠨ ᠳᠤ ᠡᠬᠢᠯᠡᠪᠡ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠠᠢ ᠯᠢ ᠬᠤᠸᠠ ᠨᠡᠭᠡᠭᠡᠯᠲᠡ ᠶᠢᠨ ᠶᠤᠰᠤᠯᠠᠯ ᠳᠤ | ᠤᠷᠤᠯᠴᠠᠪᠠ᠃ | 2018 ᠣᠨ ᠤ ᠦᠪᠦᠷ ᠮᠤᠩᠭᠤᠯ ᠤᠨ ᠴᠡᠴᠡᠭᠲᠤ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭᠠᠨ ᠤ | ᠨᠢᠭᠡ ᠪᠤᠯᠤᠬᠰᠠᠨ ᠤ ᠬᠤᠪᠢ ᠳᠤ᠂ ᠲᠤᠰ ᠤᠳᠠᠭ᠎ᠠ ᠶᠢᠨ ᠦᠬᠠᠢ ᠶᠢᠨ ᠦᠵᠦᠮ ᠤᠨ ᠤᠯᠠᠷᠢᠯ ᠤᠨ ᠵᠢᠭᠤᠯᠴᠢᠯᠠᠯ ᠤᠨ | ᠨᠠᠶᠢᠷ ᠢ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠪᠠ ᠦᠬᠠᠢ | ᠬᠤᠲᠠ ᠶᠢᠨ ᠠᠷᠠᠳ ᠤᠨ ᠵᠠᠰᠠᠬ ᠤᠨ ᠤᠷᠳᠤᠨ ᠠᠴᠠ ᠬᠠᠮᠲᠤ ᠪᠠᠷ ᠭᠤᠤᠯᠯᠠᠨ ᠡᠷᠬᠢᠯᠡᠪᠡ᠃ ᠠᠵᠢᠯᠯᠠᠭᠠᠨ ᠤ | ᠬᠤᠭᠤᠴᠠᠭᠠᠨ ᠳᠤ ᠳᠡᠯᠡᠬᠡᠢ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠦᠢᠯᠡᠰ ᠵᠢᠴᠢ ᠠᠷᠢᠬᠢᠨ | ᠮᠤᠬᠤᠯᠠᠬ ᠤᠨ ᠵᠢᠭᠤᠯᠴᠢᠯᠠᠯ ᠤᠨ ᠬᠦᠭᠵᠢᠯᠲᠡ ᠶᠢᠨ ᠶᠠᠷᠢᠶᠠᠨ ᠤ ᠲᠠᠪᠴᠠᠩ᠂ ᠮᠤᠩᠭᠤᠯ ᠬᠤᠪᠴᠠᠰᠤ ᠵᠠᠰᠠᠯ ᠤᠨ | ᠦᠵᠡᠭᠦᠯᠦᠯᠭᠡ᠂ ᠦᠬᠠᠢ ᠶᠢᠨ ᠤᠯᠠᠨ ᠤᠯᠤᠰ ᠤᠨ ᠳᠠᠷᠪᠠᠭᠤᠯᠲᠤ ᠬᠠᠪᠲᠠᠰᠤ ᠶᠢᠨ ᠤᠷᠤᠯᠳᠤᠭᠠᠨ᠂ ︽ᠦᠪᠦᠷ | ᠮᠤᠩᠭᠤᠯ ᠤᠨ ᠠᠮᠲᠠ · ᠦᠬᠠᠢ ᠶᠢᠨ ᠠᠮᠲᠠᠲᠤ ᠢᠳᠡᠭᠡᠨ︾ ᠢ ᠨᠡᠶᠢᠲᠡᠯᠡᠬᠦ ᠵᠡᠷᠭᠡ ᠠᠯᠢ ᠤᠯᠠᠨ ᠡᠯᠪᠡᠭ ᠪᠠᠶᠠᠯᠢᠬ | ᠠᠭᠤᠯᠭ᠎ᠠ ᠲᠠᠢ᠂ ᠬᠠᠪᠤᠲᠠᠢ ᠰᠠᠶᠢᠬᠠᠨ ᠠᠵᠢᠯᠯᠠᠭ᠎ᠠ ᠶᠢ ᠵᠠᠯᠭᠠᠭ᠎ᠠ ᠪᠠᠷ ᠦᠷᠨᠢᠭᠦᠯᠦᠨ᠎ᠡ᠃ ᠲᠤᠰ ᠤᠳᠠᠭᠠᠨ ᠤ | ᠠᠵᠢᠯᠯᠠᠭ᠎ᠠ ᠦᠬᠠᠢ ᠶᠢᠨ ︽ᠠᠭᠤᠯᠠᠨ ᠳᠠᠯᠠᠢ ᠡᠯᠡᠰᠦᠨ ᠬᠤᠲᠠ︾᠂ ︽ᠦᠵᠦᠮ ᠤᠨ ᠨᠤᠲᠤᠬ︾ ᠪᠤᠯᠬᠤ | ᠦᠪᠡᠷᠮᠢᠴᠠ ᠰᠢᠳᠢ ᠶᠢ ᠲᠦᠪᠯᠡᠷᠡᠭᠦᠯᠦᠨ ᠳᠡᠯᠭᠡᠨ ᠦᠵᠡᠭᠦᠯᠵᠦ᠂ 10 ᠳ᠋ᠤᠭᠠᠷ ᠰᠠᠷ᠎ᠠ ᠶᠢᠨ ᠳᠤᠮᠳᠠᠴᠢ ᠬᠦᠷᠲᠡᠯ᠎ᠡ | ᠶᠠᠪᠤᠬᠳᠠᠨ᠎ᠠ᠃ | ᠤᠢᠢᠯᠠᠭᠠᠬᠰᠠᠨ ᠢᠶᠠᠷ᠂ ᠦᠬᠠᠢ ᠬᠤᠲᠠ ᠶᠢᠨ ᠤᠰᠤ ᠬᠦᠷᠦᠰᠦ ᠭᠡᠷᠡᠯ ᠢᠯᠴᠢ ᠶᠢᠨ ᠡᠬᠢ ᠰᠤᠷᠪᠤᠯᠵᠢ ᠡᠯᠪᠡᠭ | ᠪᠠᠶᠠᠯᠢᠬ ᠪᠠᠶᠢᠵᠤ᠂ ᠠᠩᠬᠠᠨ ᠠᠴᠠ ᠪᠠᠨ ︽ᠦᠵᠦᠮ ᠤᠨ ᠨᠤᠲᠤᠬ︾ ᠭᠡᠬᠦ ᠰᠠᠶᠢᠬᠠᠨ ᠨᠡᠷ᠎ᠡ ᠲᠠᠢ ᠪᠠᠶᠢᠳᠠᠭ᠃ | 2016 ᠣᠨ ᠳᠤ᠂ ︽ᠦᠬᠠᠢ ᠶᠢᠨ ᠦᠵᠦᠮ︾ ᠤᠯᠤᠰ ᠤᠨ ᠭᠠᠵᠠᠷ ᠵᠦᠢ ᠶᠢᠨ ᠢᠯᠡᠷᠭᠡᠶᠢᠯᠡᠯᠳᠤ ᠲᠠᠧᠡᠷ ᠤᠨ | ᠲᠡᠮᠳᠡᠭ ᠢᠶᠠᠷ ᠬᠡᠷᠡᠴᠢᠯᠡᠭᠦᠯᠵᠤ᠂ᠦᠬᠠᠢ ᠬᠤᠲᠠ ᠨᠢ ᠪᠠᠰᠠ ᠳᠡᠯᠡᠬᠡᠢ ᠶᠢᠨ ᠡᠯᠡᠰᠦᠨ ᠴᠦᠯ ᠤᠨ ᠦᠵᠦᠮ ᠤᠨ | ᠠᠷᠢᠬᠢ ᠶᠢᠨ ᠤᠷᠤᠯᠳᠤᠭᠠᠨ ᠤ ᠦᠨᠢᠳᠡ ᠡᠷᠬᠢᠯᠡᠬᠦ ᠭᠠᠵᠠᠷ ᠪᠤᠯᠪᠠ᠃ ᠤᠳᠤᠬᠠᠨ ᠳᠤ᠂ ᠦᠬᠠᠢ ᠬᠤᠲᠠ ᠶᠢᠨ | ᠦᠵᠦᠮ ᠲᠠᠷᠢᠬᠰᠠᠨ ᠲᠠᠯᠠᠪᠠᠢ 3 ᠲᠦᠮᠡ ᠭᠠᠷᠤᠢ ᠮᠦ ᠳᠤ ᠬᠦᠷᠴᠤ᠂ ᠦᠵᠦᠮ ᠤᠨ ᠵᠢᠯ ᠤᠨ ᠭᠠᠷᠤᠯᠲᠠ ᠲᠦᠮᠡᠨ | ᠲᠤᠨ ᠢ ᠳᠠᠪᠠᠵᠤ᠂ ᠦᠪᠡᠷᠲᠡᠭᠡᠨ ᠵᠠᠰᠠᠬᠤ ᠤᠷᠤᠨ ᠤ ᠬᠡᠪᠴᠢᠶ᠎ᠡ ᠪᠠᠷ ᠬᠠᠮᠤᠬ ᠤᠨ ᠶᠡᠭᠡ ᠦᠵᠦᠮ ᠤᠨ | ᠦᠢᠯᠡᠳᠪᠦᠷᠢᠯᠡᠯ ᠤᠨ ᠰᠠᠭᠤᠷᠢᠨ ᠪᠤᠯᠤᠨ᠎ᠠ᠃ ᠤᠯᠤᠰ ᠤᠨ ᠲᠤᠳᠤᠭᠠᠳᠤ ᠳᠤ᠂ ᠦᠬᠠᠢ ᠬᠤᠲᠠ ᠨᠢᠭᠡᠨᠲᠡ ᠰᠢᠨᠵᠢᠶᠠᠩ | ᠤᠨ ᠲᠦᠷᠫᠠᠨ ᠤᠷᠤᠨ ᠲᠠᠢ ᠲᠡᠩᠴᠡᠬᠦ ᠰᠢᠯᠢᠳᠡᠭ ᠦᠵᠦᠮ ᠤᠨ ᠭᠠᠷᠤᠯᠳᠠ ᠶᠢᠨ ᠰᠠᠭᠤᠷᠢᠨ ᠪᠤᠯᠤᠬᠰᠠᠨ ᠪᠠᠶᠢᠨ᠎ᠠ᠃ |