ᠮᠠᠨ ᠤ ᠤᠷᠤᠨ ᠠᠩᠬᠠᠳᠤᠭᠠᠷ ᠬᠤᠭᠤᠴᠠᠭᠠᠨ ᠤ ︽ᠲᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠡᠷ︾᠎ ᠢ ᠪᠡᠯᠭᠡᠯᠡᠬᠦ ᠠᠵᠢᠯᠯᠠᠭ᠎ᠠ ᠶᠠᠪᠤᠭᠤᠯᠵᠠᠢ
ᠨᠡᠶᠢᠲᠡᠯᠡᠭᠰᠡᠨ ᠴᠠᠭ᠄
2018/9/25
     ᠪᠤᠭᠤᠮᠳᠠ ᠶᠢᠨ ᠭᠠᠳᠠᠨᠠᠬᠢ ᠬᠦᠬᠡᠬᠤᠳᠠ ᠪᠠᠶᠠᠨ ᠨᠠᠮᠤᠷ ᠤᠨ ᠲᠠᠩᠰᠤᠭ ᠬᠤᠷᠢᠶᠠᠯᠳᠠ ᠶᠢᠨ ᠪᠠᠶᠠᠷ ᠪᠠᠭ᠋ᠠᠳᠤᠯ ᠢᠶᠠᠷ ᠬᠠᠯᠬᠢᠯᠠᠨ᠎ᠠ᠃ 9 ᠳ᠋ᠦ᠋ᠭᠡᠷ ᠰᠠᠷ᠎ᠠ ᠶᠢᠨ 21᠎ ᠤ ᠡᠳᠦᠷ᠂ ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ︽ᠲᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾᠎ ᠤᠨ ᠭᠤᠤᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠬᠦᠬᠡᠬᠤᠳᠠ ᠶᠢᠨ ᠰᠢᠨ᠎ᠠ ᠬᠤᠳᠠ ᠲᠤᠭᠤᠷᠢᠭ ᠤᠨ ᠬᠠᠭᠤᠴᠢᠨ ᠠᠶᠢᠯ ᠪᠠᠯᠭᠠᠰᠤ ᠶᠢᠨ ᠰᠡᠩᠭᠡᠭᠡ ᠠᠶᠢᠯ ᠲᠤᠰᠬᠤᠨ ᠳᠤ ᠡᠬᠢᠯᠡᠯ᠎ᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠲᠠᠷᠢᠶᠠᠴᠢᠳ ᠎ ᠤᠨ ᠭᠡᠷᠡᠯ ᠵᠢᠷᠤᠭ᠂ ᠤᠷᠠᠨ ᠵᠢᠷᠤᠭ ᠪᠠ ᠤᠷᠠᠨ ᠪᠢᠴᠢᠯᠭᠡ ᠶᠢᠨ ᠦᠵᠡᠭᠦᠯᠭᠡ᠂ ᠠᠷᠠᠳ ᠤᠨ ᠵᠠᠩ ᠦᠢᠯᠡ ᠤᠷ᠎ᠠ ᠮᠠᠷᠭᠡᠰᠢᠯ ᠤᠨ ᠦᠵᠡᠭᠦᠯᠭᠡ᠂ ᠠᠮᠤ ᠪᠤᠳᠠᠭ᠎ᠠ ᠪᠤᠯᠢᠶᠠᠯᠳᠤᠨ ᠬᠦᠮᠦᠷᠭᠡᠯᠡᠬᠦ 50 ᠮᠧᠲᠷ ᠤᠨ ᠤᠷᠤᠯᠳᠤᠭᠠᠨ᠂ ᠲᠡᠭᠡᠰᠤ ᠲᠠᠳᠠᠬᠤ ᠤᠷᠤᠯᠳᠤᠭᠠᠨ ᠵᠡᠷᠭᠡ ᠰᠤᠶᠦᠯ ᠲᠠᠮᠢᠷ ᠤᠨ ᠠᠵᠢᠯᠯᠠᠭ᠎ᠠ ᠨᠢ ᠲᠠᠷᠢᠶᠠᠴᠢᠳ ᠤᠨ ᠦᠷᠭᠡᠨ ᠤᠷᠤᠯᠴᠠᠯᠭ᠎ᠠ ᠶᠢ ᠳᠠᠶᠢᠴᠢᠯᠠᠵᠤ᠂ ᠭᠦᠷ ᠨᠠᠶᠢᠷ ᠤᠨ ᠲᠤᠮᠳᠠ ᠡᠯᠪᠡᠭ ᠬᠤᠷᠢᠶᠠᠯᠳᠠ ᠶᠢᠨ ᠪᠠᠶᠠᠰᠤᠯ ᠢᠶᠠᠨ ᠬᠤᠪᠢᠶᠠᠯᠴᠠᠨ᠎ᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠪᠡᠯᠭᠡᠯᠡᠬᠦ ᠠᠵᠢᠯᠯᠠᠭ᠎ᠠ ᠳᠤ ᠤᠷᠤᠯᠴᠠᠵᠠᠢ᠃      ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠤᠬᠤᠯᠠᠪᠤᠷᠢᠯᠠᠯ ᠢᠶᠠᠷ᠂ 2018 ᠤᠨ ᠠᠴᠠ ᠡᠬᠢᠯᠡᠨ ᠵᠢᠯ ᠪᠦᠷᠢ ᠶᠢᠨ ᠪᠢᠯᠢᠭ ᠤᠨ ᠤᠯᠠᠷᠢᠯ ᠤᠨ ᠨᠠᠮᠤᠷ ᠤᠨ ᠬᠤᠭᠤᠰ ᠤᠨ ᠡᠳᠦᠷ ᠢ ︽ᠲᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ︾᠎ ᠤᠨ ᠡᠳᠦᠷ ᠢᠶᠠᠷ ᠲᠤᠭᠳᠠᠭᠠᠪᠠ᠃ ᠡᠨᠡ ᠪᠤᠯ ᠤᠯᠤᠰ ᠤᠨ ᠲᠠᠪᠬᠤᠷᠭ᠎ᠠ ᠠᠴᠠ ᠲᠠᠷᠢᠶᠠᠴᠢᠳ ᠲᠤ ᠲᠤᠭᠳᠠᠭᠠᠵᠤ ᠦᠭᠭᠦᠭᠰᠡᠨ ᠪᠠᠶᠠᠷ ᠲᠤᠷᠠᠰᠬᠠᠯ ᠤᠨ ᠡᠳᠦᠷ ᠪᠤᠯᠤᠨ᠎ᠠ᠂ ᠡᠨᠡ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ︽ᠬᠦᠳᠡᠭᠡ ᠠᠵᠤ ᠠᠬᠤᠢ᠂ ᠬᠦᠳᠡᠭᠡ ᠲᠤᠰᠬᠤᠨ᠂ ᠲᠠᠷᠢᠶᠠᠴᠢᠨ︾᠎ ᠤ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠦᠷᠭᠡᠨ ᠤᠯᠠᠨ ᠲᠠᠷᠢᠶᠠᠴᠢᠨ ᠢ ᠲᠤᠳᠤᠨᠤ ᠪᠠᠷ ᠬᠠᠯᠠᠮᠵᠢᠯᠠᠵᠤ ᠪᠠᠶᠢᠭ᠎ᠠ ᠶᠢ ᠭᠦᠢᠴᠡᠳ ᠬᠠᠷᠠᠭᠤᠯᠵᠤ᠂ ᠪᠦᠬᠦ ᠨᠡᠶᠢᠭᠡᠮ ᠳᠤ ᠬᠦᠳᠡᠭᠡ ᠠᠵᠤ ᠠᠬᠤᠢ ᠶᠢ ᠴᠢᠬᠤᠯᠠᠴᠢᠯᠠᠬᠤ᠂ ᠲᠠᠷᠢᠶᠠᠴᠢᠳ ᠢ ᠬᠦᠨᠳᠦᠳᠬᠡᠬᠦ ᠦᠷᠲᠡᠭ ᠤᠨ ᠬᠠᠨᠳᠤᠯᠭ᠎ᠠ ᠶᠢ ᠲᠠᠮᠵᠢᠭᠤᠯᠪᠠ᠃      ᠤᠶᠢᠯᠠᠭᠠᠭᠰᠠᠨ ᠢᠶᠠᠷ᠂ ᠪᠦᠬᠦ ᠤᠷᠤᠨ ᠤ ᠡᠯ᠎ᠠ ᠭᠠᠵᠠᠷ ᠤᠨ ᠬᠢᠨ ᠡᠯᠪᠡᠭ ᠬᠤᠷᠢᠶᠠᠯᠳᠠ ᠪᠠᠨ ᠪᠡᠯᠭᠡᠯᠡᠬᠦ ᠰᠢᠷᠢᠰ ᠠᠵᠢᠯᠯᠠᠭ᠎ᠠ ᠶᠢ ᠢᠵᠢᠯ ᠠᠯᠬᠤᠮ ᠢᠶᠠᠷ ᠦᠷᠨᠢᠭᠦᠯᠵᠦ᠂ ᠡᠯ᠎ᠠ ᠭᠠᠵᠠᠷ ᠤᠷᠤᠨ ᠤ ᠦᠨᠳᠦᠰᠦᠳᠡᠨ ᠤ ᠵᠠᠩ ᠦᠢᠯᠡ ᠶᠢᠨ ᠤᠨᠴᠠᠯᠢᠭ ᠢ ᠳᠤᠪᠤᠶᠢᠯᠭᠠᠨ᠂ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠪᠤᠯᠤᠨ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠶᠢᠨ ᠯᠤᠳᠤ ᠶᠡᠭᠡ ᠠᠮᠵᠢᠯᠳᠠ ᠪᠦᠳᠦᠮᠵᠢ ᠶᠢ ᠲᠡᠯᠭᠡᠨ ᠦᠵᠡᠭᠦᠯᠵᠦ᠂ ᠮᠠᠯᠴᠢᠨ ᠲᠠᠷᠢᠶᠠᠴᠢᠨ ᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ ᠪᠤᠯᠤᠨ ᠡᠭᠦᠳᠦᠨ ᠪᠦᠳᠦᠭᠡᠬᠦ ᠴᠢᠨᠠᠷ ᠢ ᠤᠯᠠᠮ ᠨᠢᠭᠡ ᠠᠯᠬᠤᠮ ᠬᠦᠭᠵᠢᠭᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠬᠤ ᠳᠤ ᠰᠢᠷᠬᠢᠰᠢ ᠦᠭᠡᠢ ᠬᠦᠳᠡᠯᠭᠡᠬᠦ ᠬᠦᠴᠦᠨ ᠢ ᠬᠠᠩᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号