ᠳᠤᠮᠳᠠᠳᠤ ᠤᠯᠤᠰ ᠠᠴᠠ ᠢᠰᠷᠧᠯ ᠲᠠᠢ ᠬᠤᠯᠪᠣᠭᠠᠯᠠᠨ ᠬᠠᠮᠲᠤ ᠪᠠᠷ ᠨᠡᠭᠡᠭᠡᠨ ᠠᠰᠢᠭᠯᠠᠭᠰᠠᠨ ᠲᠢᠶᠠᠨ ᠯᠦᠩ | ᠠᠮᠢ ᠠᠬᠤᠶ ᠶᠢᠨ ᠤᠰᠤ ᠠᠷᠪᠢᠯᠠᠬᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠠᠴᠢᠯᠠᠨ ᠬᠠᠮᠠᠭᠠᠯᠠᠬᠤ | ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ PPP ᠵᠠᠭᠪᠤᠷ ᠢᠶᠠᠷ ᠬᠡᠷᠡᠭᠵᠢᠭᠦᠯᠦᠭᠰᠡᠨ | ᠤᠰᠤ ᠪᠣᠷᠲᠣᠭᠤᠷ ᠢ ᠨᠢᠭᠡ ᠴᠣᠭᠴᠠᠵᠢᠭᠤᠯᠤᠭᠰᠠᠨ ᠳᠤᠰᠤᠭᠠᠭᠤᠷ ᠤᠰᠤᠯᠠᠯᠲᠠ ᠪᠠᠷ ᠨᠣᠭᠤᠭᠠᠷᠠᠭᠤᠯᠤᠯᠲᠠ ᠶᠢ | ᠠᠷᠠᠴᠢᠯᠠᠨ ᠬᠠᠮᠠᠭᠠᠯᠠᠬᠤ ᠣᠶᠣᠨᠲᠤ ᠲᠦᠷᠦᠯ ᠵᠦᠢᠯ ᠪᠣᠯᠣᠨ᠎ᠠ᠂ ᠲᠣᠰ ᠲᠥᠷᠥᠯ ᠵᠦᠶᠯ ᠢ ᠢᠰᠷᠧᠯ ᠤᠨ ᠨᠡᠶᠢᠲ᠋ᠠᠹᠢᠮ | ︵NETAFIM︶ ᠲᠠᠷᠢᠶᠠᠯᠠᠩ ᠤᠨ ᠤᠰᠤᠯᠠᠯᠲᠠ ᠶᠢᠨ ᠰᠢᠰᠲ᠋ᠧᠮ ᠤᠨ ᠬᠢᠵᠠᠭᠠᠷᠲᠤ ᠺᠣᠮᠫᠠᠨᠢ ᠠᠴᠠ ᠪᠡᠯᠡ | ᠣᠷᠤᠭᠤᠯᠤᠨ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 2.53 ᠳ᠋ᠥᠩᠰᠢᠭᠤᠷ ᠲᠥᠭᠦᠷᠢᠭ | ᠲᠤ ᠬᠦᠷᠴᠡᠢ᠂ ᠡᠭᠦᠨ ᠳᠤ 10 ᠵᠢᠯ ᠬᠤᠪᠢᠶᠠᠨ 2.05 ᠳ᠋ᠥᠩᠰᠢᠭᠤᠷ ᠲᠥᠭᠦᠷᠢᠭ ᠤᠨ ᠪᠡᠯᠡ ᠣᠷᠤᠭᠤᠯᠵᠤ | ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ 16200 ᠮᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠲᠤ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠤᠶᠤᠨᠲᠤ ᠠᠷᠠᠴᠢᠯᠠᠨ ᠬᠠᠮᠠᠭᠠᠯᠠᠯᠲᠠ ᠬᠢᠵᠦ᠂ ᠵᠢᠤ ᠶᠤᠸᠠᠨ | ᠲᠣᠭᠤᠷᠢᠭ ᠤᠨ ᠬᠠᠷᠢᠶᠠᠨ ᠳᠠᠬᠢ ᠳᠠᠯᠠᠨ ᠬᠠᠷ᠎ᠠ ᠠᠭᠤᠯᠠᠨ ᠤ ᠡᠮᠦᠨ᠎ᠡ ᠪᠡᠯ᠂ G6 ᠳᠡᠭᠡᠳᠦ ᠬᠤᠷᠳᠤ ᠶᠢᠨ ᠵᠠᠰᠠᠮᠠᠯ | ᠵᠠᠮ ᠵᠢᠴᠢ ᠤᠯᠤᠰ ᠤᠨ ᠵᠠᠮ 110 ᠱᠤᠭᠤᠮ ᠤᠨ ᠬᠤᠶᠠᠷ ᠬᠠᠵᠠᠭᠤ ᠶᠢ ᠬᠠᠮᠤᠷᠴᠤ᠂ ᠢᠰᠷᠧᠯ ᠤᠨ ᠤᠰᠤ | ᠪᠣᠷᠲᠣᠭᠤᠷ ᠢ ᠨᠢᠭᠡ ᠴᠣᠭᠴᠠᠵᠢᠭᠤᠯᠤᠭᠰᠠᠨ ᠳᠤᠰᠤᠭᠠᠭᠤᠷ ᠤᠰᠤᠯᠠᠯᠲᠠ ᠶᠢᠨ ᠲᠥᠬᠦᠭᠡᠷᠦᠮᠵᠢ ᠶᠢ ᠣᠷᠤᠭᠤᠯᠤᠨ | ᠠᠪᠴᠢᠷᠠᠬᠤ ᠪᠠᠷ ᠲᠠᠮᠵᠢᠨ᠂ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠤᠳᠤᠯᠲᠠ | ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠲᠦᠢᠯ ᠤᠨ ᠣᠨᠣᠪᠴᠢᠲᠠᠢ ᠪᠠᠷ ᠳᠤᠰᠤᠯᠠᠭᠤᠯᠬᠤ᠂ ᠤᠰᠤ | ᠪᠤᠷᠳᠤᠭᠤᠷ ᠢ ᠨᠢᠭᠡ ᠴᠣᠭᠴᠠᠵᠢᠭᠤᠯᠬᠤ ᠶᠢ ᠪᠡᠶᠡᠯᠡᠭᠦᠯᠵᠦ᠂ ᠬᠠᠮᠤᠭ ᠡᠴᠦᠰ ᠲᠤ ᠠᠷᠠᠴᠢᠯᠠᠨ ᠬᠠᠮᠠᠭᠠᠯᠠᠬᠤ ᠶᠠᠰᠤ | ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠦᠨ᠂ ᠥᠪᠡᠷ ᠤᠨ ᠦᠷᠳᠡᠭ ᠢ ᠪᠠᠭᠤᠷᠠᠭᠤᠯᠬᠤ ᠪᠠᠷ ᠲᠥᠯᠥᠪᠯᠡᠵᠡᠢ᠃ | ᠲᠥᠷᠥᠯ ᠵᠦᠶᠯ ᠢ 2017 ᠣᠨ ᠤ 8 ᠳ᠋ᠤᠭᠠᠷ ᠰᠠᠷ᠎ᠠ ᠠᠴᠠ ᠡᠬᠢᠯᠡᠭᠦᠯᠦᠨ ᠪᠠᠶᠢᠭᠤᠯᠵᠤ᠂ ᠣᠳᠣᠬᠠᠨ ᠳᠤ 4800 | ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠳᠤᠰᠤᠭᠠᠭᠤᠷ ᠤᠰᠤᠯᠠᠯᠲᠠ ᠶᠢ | ᠨᠣᠭᠤᠭᠠᠷᠠᠭᠤᠯᠤᠯᠲᠠ ᠳᠤ ᠬᠡᠷᠡᠭᠯᠡᠬᠦ ᠬᠤᠭᠤᠯᠠᠶ ᠭᠤᠤᠷᠰᠤᠨ ᠤ ᠳᠡᠪᠢᠰᠦᠯᠲᠡ ᠶᠢᠨ ᠠᠵᠢᠯ ᠢ ᠪᠦᠬᠦ ᠲᠠᠯ᠎ᠠ ᠪᠠᠷ | ᠪᠡᠶᠡᠯᠡᠭᠦᠯᠵᠦ᠂ 9 ᠳ᠋ᠦ᠋ᠭᠡᠷ ᠰᠠᠷ᠎ᠠ ᠶᠢᠨ ᠡᠴᠦᠰ ᠲᠤ ᠠᠰᠢᠭᠯᠠᠯᠲᠠ ᠳᠤ ᠣᠷᠤᠭᠤᠯᠬᠤ ᠪᠠᠷ ᠲᠥᠯᠥᠪᠯᠡᠵᠦ ᠪᠣᠢ᠂ | ᠪᠦᠬᠦ᠋ᠢᠯᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠤᠭᠰᠠᠨ ᠤ ᠳᠠᠷᠠᠭ᠎ᠠ ᠵᠢᠱᠢᠬᠦ ᠳᠤ ᠵᠢᠯ ᠪᠦᠷᠢ 2100 | ᠭᠠᠷᠤᠢ ᠲᠦᠮᠡᠨ ᠲᠥᠭᠦᠷᠢᠭ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ ᠠᠷᠪᠢᠯᠠᠬᠤ ᠪᠣᠯᠣᠨ᠎ᠠ᠃ | |