ᠪᠥ᠋ ᠰᠢᠶᠤᠤ ᠯᠢᠨ ᠬᠡᠰᠡᠭ ᠱᠠᠰᠢᠨ ᠰᠤᠷᠳᠠᠬᠤᠨ ᠤ ᠪᠦᠯᠬᠦᠮ ᠢᠶᠠᠷ ᠠᠶᠢᠯᠴᠢᠯᠠᠠ ᠶᠠᠪᠤᠬᠤ ᠳᠤ ᠪᠠᠨ ᠵᠢᠭᠠᠵᠤ ᠭᠠᠷᠭᠠᠬᠰᠠᠨ ᠨᠢ ᠮᠠᠨ ᠤ ᠤᠯᠤᠰ ᠤᠨ ᠱᠠᠰᠢᠨ ᠰᠤᠷᠳᠠᠬᠤᠨ ᠤ ᠲᠤᠮᠳᠠᠳᠤ ᠤᠯᠤᠰᠴᠢᠯᠠᠬᠤ ᠴᠢᠭᠯᠡᠯ ᠢ ᠢᠮᠠᠬᠳᠠ ᠪᠠᠷᠢᠮᠳᠠᠯᠠᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2018/9/26
     9 ᠳ᠋ᠦ᠋ᠭᠡᠷ ᠰᠠᠷ᠎ᠠ ᠶᠢᠨ 22᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ ᠪᠤᠷᠬᠠᠨ ᠤ ᠱᠠᠰᠢᠨ ᠤ ᠨᠡᠶᠢᠭᠡᠮᠯᠢᠭ᠂ ᠢᠰᠯᠠᠮ ᠤᠨ ᠱᠠᠰᠢᠨ ᠤ ᠨᠡᠶᠢᠭᠡᠮᠯᠢᠭ ᠢᠶᠠᠷ ᠠᠶᠢᠯᠴᠢᠯᠠᠨ ᠶᠠᠪᠤᠪᠠ᠃      ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠪᠤᠷᠬᠠᠨ ᠤ ᠱᠠᠰᠢᠨ᠂ ᠢᠰᠯᠠᠮ ᠤᠨ ᠱᠠᠰᠢᠨ ᠤ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠲᠤᠰ ᠲᠤᠰ ᠰᠤᠨᠤᠰᠴᠤ᠂ ᠪᠤᠷᠬᠠᠨ ᠤ ᠱᠠᠰᠢᠨ ᠤ ᠨᠡᠶᠢᠭᠡᠮᠯᠢᠭ ᠪᠤᠯᠤᠨ ᠢᠰᠯᠠᠮ ᠤᠨ ᠱᠠᠰᠢᠨ ᠤ ᠨᠡᠶᠢᠭᠡᠮᠯᠢᠭ ᠤᠨ ᠤᠷᠳᠤ ᠬᠤᠭᠤᠴᠠᠭᠠᠨ ᠤ ᠲᠤᠷᠰᠢ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠦᠵᠡᠭᠦᠯᠦᠭᠰᠡᠨ ᠢᠳᠡᠪᠬᠢ ᠦᠢᠯᠡᠳᠦᠯ ᠢ ᠬᠦᠢᠴᠡᠳ ᠨᠤᠳᠠᠯᠠᠪᠠ᠃ ᠲᠡᠷᠡ᠂ ᠪᠦᠬᠦ ᠤᠷᠤᠨ ᠤ ᠱᠠᠰᠢᠨ ᠰᠤᠷᠳᠠᠬᠤᠨ ᠤ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠮᠠᠨ ᠤ ᠤᠯᠤᠰ ᠤᠨ ᠱᠠᠰᠢᠨ ᠰᠤᠷᠳᠠᠬᠤᠨ ᠤ ᠲᠤᠮᠳᠠᠳᠤ ᠤᠯᠤᠰᠴᠢᠯᠠᠬᠤ ᠴᠢᠭᠯᠡᠯ ᠢ ᠢᠮᠠᠬᠳᠠ ᠪᠠᠷᠢᠮᠳᠠᠯᠠᠵᠤ᠂ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ᠂ ᠡᠭᠡ ᠤᠯᠤᠰ ᠤᠨ ᠤᠮᠠᠷᠠᠳᠦ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠭᠦ ᠶᠢ ᠬᠦᠰᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号