ᠪᠦ᠋ ᠰᠢᠶᠤᠤ ᠯᠢᠨ ᠢᠯᠢ ᠪᠦᠯᠦᠭᠯᠡᠯ ᠳᠤ ᠪᠠᠶᠢᠴᠠᠭᠠᠨ ᠰᠤᠳᠤᠯᠬᠤ ᠳᠠᠭᠠᠨ ᠲᠠᠪᠠᠭᠤᠯᠢᠭ ᠢᠶᠠᠨ ᠪᠠᠳᠠᠷᠠᠭᠤᠯᠵᠤ ᠵᠤᠷᠢᠬᠳᠠᠢ ᠪᠠᠷ ᠰᠢᠨ᠎ᠠ ᠶᠢ ᠡᠭᠦᠳᠦᠨ ᠰᠦ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2018/9/26
     9 ᠳ᠋ᠦ᠋ᠭᠡᠷ ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠢᠯᠢ ᠪᠦᠯᠦᠭᠯᠡᠯ ᠳᠤ ᠪᠠᠶᠢᠴᠠᠭᠠᠨ ᠰᠤᠳᠤᠯᠵᠠᠢ᠃      ᠤᠢᠢᠷ᠎ᠠ ᠶᠢᠨ ᠵᠢᠯ ᠠᠴᠠ ᠨᠠᠭᠠᠰᠢ᠂ ᠢᠯᠢ ᠪᠦᠯᠦᠭᠯᠡᠯ ᠲᠤᠰ ᠪᠡᠶ᠎ᠠ ᠶᠢᠨ ᠲᠠᠪᠠᠭᠤᠯᠢᠭ ᠲᠤ ᠪᠠᠨ ᠲᠦᠰᠢᠭᠯᠡᠨ᠂ ᠪᠦᠬᠦ ᠪᠦᠮᠪᠦᠷᠴᠡᠭ ᠤᠨ ᠴᠢᠨᠠᠷᠯᠢᠭ ᠰᠦ ᠶᠢᠨ ᠢᠷᠡᠯᠳᠡ ᠰᠦ ᠶᠢᠨ ᠡᠬᠢ ᠪᠠᠶᠠᠯᠢᠭ ᠢ ᠢᠳᠡᠪᠬᠢᠳᠡᠢ ᠨᠡᠶᠢᠳᠭᠡᠵᠤ᠂ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠪᠠ ᠰᠠᠭᠠᠯᠢ ᠶᠢᠨ ᠦᠨᠢᠶ᠎ᠠ ᠶᠢᠨ ᠲᠡᠵᠢᠭᠡᠪᠦᠷᠢ ᠶᠢᠨ ᠬᠡᠪᠴᠢᠶᠡᠵᠢᠯ ᠪᠤᠯᠤᠨ ᠪᠠᠷᠢᠮᠵᠢᠶᠠᠵᠢᠯᠳᠡ ᠶᠢ ᠪᠡᠶᠡᠯᠡᠭᠦᠯᠵᠡᠢ᠃ ᠪᠦ᠋ ᠰᠢᠶᠤᠤ ᠯᠢᠨ ᠢᠯᠢ ᠰᠦ ᠶᠢᠨ ᠢᠷᠡᠯᠳᠡ ᠶᠢᠨ ᠰᠠᠭᠤᠷᠢᠨ ᠢ ᠪᠦᠳᠦᠭᠡᠨ ᠪᠠᠶᠢᠭᠤᠯᠤᠬᠰᠠᠨ᠂ ᠲᠡᠵᠢᠭᠡᠯ ᠡᠪᠡᠰᠦ ᠤᠷᠤᠭᠤᠯᠤᠨ ᠠᠪᠴᠢᠷᠠᠬᠰᠠᠨ᠂ ᠰᠠᠭᠠᠯᠢ ᠶᠢᠨ ᠦᠨᠢᠶ᠎ᠡ ᠲᠡᠵᠢᠭᠡᠨ ᠪᠤᠷᠳᠤᠬᠰᠠᠨ ᠵᠢᠴᠢ ᠠᠵᠤ ᠠᠬᠤᠢᠢᠯᠠᠯ ᠤᠨ ᠦᠢᠯᠡᠳᠪᠦᠷᠢᠯᠡᠯ ᠡᠵᠡᠩᠨᠡᠯᠳᠡ ᠵᠡᠷᠭᠡ ᠪᠠᠶᠢᠳᠠᠯ ᠢ ᠨᠠᠷᠢᠯᠢᠭ ᠤᠢᠢᠯᠠᠭᠠᠵᠤ᠂ ᠢᠯᠢ ᠪᠦᠯᠦᠭᠯᠡᠯ ᠤᠨ ᠰᠦ ᠶᠢᠨ ᠦᠢᠯᠡᠰ ᠤᠨ ᠬᠦᠭᠵᠢᠯᠳᠡ ᠶᠢᠨ ᠰᠢᠨ᠎ᠠ ᠬᠡᠪ ᠵᠠᠬᠪᠤᠷ᠂ ᠰᠢᠨ᠎ᠠ ᠠᠷᠭ᠎ᠠ ᠵᠠᠮ ᠢ ᠢᠳᠡᠪᠬᠢᠳᠡᠢ ᠰᠦᠪᠡᠭᠴᠢᠯᠡᠵᠤ ᠪᠠᠶᠢᠭ᠎ᠠ ᠠᠷᠭ᠎ᠠ ᠬᠢᠳᠡᠯ ᠢ ᠨᠢ ᠬᠦᠢᠴᠡᠳ ᠨᠤᠳᠠᠯᠠᠪᠠ᠃ ᠲᠡᠷᠡ ᠠᠵᠤ ᠠᠬᠤᠢᠢᠯᠠᠯ ᠦᠷᠭᠦᠯᠵᠢᠯᠡᠨ ᠲᠠᠪᠠᠭᠤᠯᠢᠭ ᠢᠶᠠᠨ ᠪᠠᠳᠠᠷᠠᠭᠤᠯᠵᠤ᠂ ᠵᠤᠷᠢᠬᠳᠠᠢ ᠪᠠᠷ ᠰᠢᠨ᠎ᠠ ᠶᠢ ᠡᠭᠦᠳᠦᠨ᠂ ᠰᠦ ᠶᠢᠨ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠦᠭᠵᠢᠭᠦ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠭᠡᠷᠡᠢ ᠬᠡᠵᠤ ᠵᠤᠷᠢᠬᠵᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号