ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠣᠷᠯᠣᠩ ᠤᠨ ᠬᠤᠪᠢᠰᠤᠯᠲᠠ︾᠎ ᠶᠢ ᠠᠬᠢᠭᠤᠯᠤᠭᠰᠠᠨ ᠪᠠᠶᠢᠳᠠᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/9/27
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 9 ᠳ᠋ᠦ᠋ᠭᠡᠷ ᠰᠠᠷ᠎ᠠ ᠶᠢᠨ 26᠎ ᠤ ᠡᠳᠦᠷ ︽ᠵᠣᠷᠯᠣᠩ ᠤᠨ ᠬᠤᠪᠢᠰᠤᠯᠲᠠ︾᠎ ᠎ ᠶᠢ ᠠᠬᠢᠭᠤᠯᠤᠭᠰᠠᠨ ᠪᠠᠶᠢᠳᠠᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠰᠦᠨ ᠯᠢ ᠵᠢᠶᠠᠨ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠬᠤᠪᠢᠰᠤᠯᠲᠠ︾᠎ ᠎ ᠶᠢ ᠠᠬᠢᠭᠤᠯᠵᠤ ᠪᠠᠶᠢᠬᠤ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠶᠦᠨ ᠠᠶ ᠡᠾᠸᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠷᠬᠢᠯᠡᠭᠴᠢ ᠹᠦ᠋ ᠷᠦᠢ ᠹᠧᠩ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠢᠦᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠴᠢᠶᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠰᠦᠨ ᠯᠢ ᠵᠢᠶᠠᠨ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠬᠤᠪᠢᠰᠤᠯᠲᠠ︾᠎ ᠎ ᠶᠢ ᠠᠬᠢᠭᠤᠯᠵᠤ ᠪᠠᠶᠢᠬᠤ ᠪᠠᠶᠢᠳᠠᠯ ᠢ ᠲᠠᠨᠢᠯᠴᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号