ᠠᠷᠪᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠵᠢᠴᠢ ᠶᠡᠭᠡ ᠳᠡᠭᠡᠳᠤ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/9/27
     9 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠠᠷᠪᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠵᠢᠴᠢ ᠶᠡᠭᠡ ᠳᠡᠭᠡᠳᠤ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠬᠢᠭᠤᠯᠬᠤ ᠬᠤᠷᠠᠯ ᠬᠦᠬᠡᠬᠤᠲᠠ ᠳᠤ ᠶᠠᠪᠤᠬᠳᠠᠪᠠ᠃      ᠬᠤᠷᠠᠯ ᠳᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠭᠡᠯᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠪᠤᠯᠤᠨ ᠶᠡᠭᠡ ᠳᠡᠭᠡᠳᠤ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠤᠭᠤᠷᠢᠨ ᠪᠠᠶᠢᠴᠠᠭᠠᠬᠤ ᠶᠢ ᠤᠯᠠᠮ ᠴᠢᠨᠠᠬᠰᠢᠲᠠ ᠳᠤᠬᠢᠷᠠᠭᠤᠯᠤᠨ ᠪᠠᠶᠢᠷᠢᠯᠠᠭᠤᠯᠪᠠ᠃ ᠲᠤᠭᠤᠷᠢᠨ ᠪᠠᠶᠢᠴᠠᠭᠠᠬᠤ ᠶᠢ ᠬᠦᠯᠢᠶᠡᠨ ᠠᠪᠬᠤ 4 ᠨᠢᠭᠡᠴᠢ ᠤᠪᠤᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠤᠭᠤᠷᠢᠨ ᠪᠠᠶᠢᠴᠠᠭᠠᠬᠤ ᠶᠢ ᠬᠦᠯᠢᠶᠡᠨ ᠠᠪᠬᠤ ᠨᠢᠭᠡᠴᠢ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠳᠤ ᠠᠩᠬᠠᠷᠤᠯ ᠢᠶᠠᠨ ᠳᠡᠭᠡᠳᠦ ᠬᠡᠮᠵᠢᠶ᠎ᠡ ᠪᠠᠷ ᠲᠦᠪᠯᠡᠷᠡᠭᠦᠯᠵᠦ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠤᠲᠠᠲᠠᠢ ᠳᠤ ᠨᠠᠶᠢᠳᠠᠪᠤᠷᠢᠵᠢᠭᠤᠯᠵᠤ᠂ ᠪᠤᠲᠠᠲᠠᠢ ᠪᠦᠲᠦᠮᠵᠢ ᠤᠯᠬᠤ ᠶᠢ ᠴᠢᠩᠭ᠎ᠠ ᠪᠦᠭᠡᠳ ᠪᠤᠲᠠᠲᠠᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂ ᠱᠠᠲᠤ ᠱᠠᠲᠤ ᠪᠠᠷ ᠳᠠᠷᠤᠯᠲᠠ ᠦᠭᠴᠤ᠂ ︽ᠬᠤᠶᠠᠷ ᠬᠠᠷᠢᠭᠤᠴᠠᠯᠭ᠎ᠠ︾᠎ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠡᠭᠡᠷ᠎ᠡ ᠦᠷᠬᠦᠯᠵᠢᠯᠡᠨ ᠬᠦᠴᠦᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠨᠠᠶᠢᠳᠠᠪᠤᠷᠢᠵᠢᠭᠤᠯᠬᠤ ᠳᠤ ᠤᠷᠤᠰᠢᠵᠤ ᠪᠠᠶᠢᠭ᠎ᠠ ᠢᠯᠡᠷᠬᠡᠢ ᠲᠤᠲᠠᠬᠲᠠᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠵᠢᠬᠰᠠᠭᠠᠯ ᠤᠨ ᠭᠠᠵᠠᠷ ᠤᠨ ᠪᠠᠶᠢᠭᠤᠯᠤᠯᠲᠠ ᠪᠤᠯᠤᠨ ᠬᠠᠮᠢᠶᠠᠷᠤᠯᠲᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠵᠢᠬᠰᠠᠭᠠᠯ ᠤᠨ ᠭᠠᠵᠠᠷ ᠤᠨ ᠢᠳᠡᠪᠬᠢ ᠦᠢᠯᠡᠳᠦᠯ ᠢ ᠴᠢᠷᠮᠠᠶᠢᠨ ᠪᠠᠳᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠᠲᠤ ᠴᠢᠩᠭ᠎ᠠ ᠵᠢᠬᠰᠠᠭᠠᠯ ᠤᠨ ᠭᠠᠵᠠᠷ ᠪᠤᠯᠬᠤ ᠶᠢ ᠪᠠᠲᠤᠯᠠᠬᠤ ᠬᠡᠷᠡᠭᠲᠡᠢ᠃ ᠮᠤᠷᠠᠯ ᠢᠶᠠᠷ ᠬᠦᠮᠦᠨ ᠢ ᠬᠦᠮᠦᠵᠢᠭᠦᠯᠬᠦ ᠶᠢ ᠪᠠᠷᠢᠮᠲᠠᠯᠠᠵᠤ᠂ ᠬᠦᠴᠦᠷᠬᠡᠭ ᠶᠡᠭᠡ ᠨᠢᠬᠲᠠᠷᠠᠯ ᠤᠨ ᠬᠦᠴᠦᠨ ᠪᠤᠯᠤᠨ ᠳᠠᠶᠢᠴᠢᠯᠠᠬᠤ ᠬᠦᠴᠦᠨ ᠲᠠᠢ ᠨᠡᠶᠢᠭᠡᠮ ᠵᠢᠷᠤᠮ ᠎ ᠤᠨ ᠦᠵᠡᠯ ᠤᠬᠠᠮᠰᠠᠷ ᠤᠨ ᠬᠡᠯᠪᠡᠷᠢ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠰᠤᠷᠠᠯᠲᠡ ᠦᠭᠡᠢ ᠠᠯᠬᠤᠭ᠎ᠠ ᠪᠠᠨ ᠲᠦᠷᠭᠡᠳᠭᠡᠵᠤ᠂ ᠬᠠᠷᠠᠭ᠎ᠠ ᠪᠠᠨ ᠰᠠᠷᠠᠭᠤᠯᠵᠢᠭᠤᠯᠵᠤ᠂ ᠲᠠᠷᠢᠬᠢ ᠪᠠᠨ ᠰᠡᠷᠭᠡᠭᠵᠢᠭᠦᠯᠵᠤ᠂ ᠪᠢᠷ ᠢᠶᠠᠨ ᠬᠤᠷᠴᠠᠯᠠᠵᠤ᠂ ︽ᠤᠯᠤᠰ ᠲᠦᠷᠦ ᠪᠠᠲᠤ ᠴᠢᠩᠭ᠎ᠠ᠂ ᠠᠪᠢᠶᠠᠰ ᠴᠢᠳᠠᠪᠤᠷᠢ ᠰᠤᠳᠤᠨ ᠰᠠᠶᠢᠨ᠂ ᠪᠤᠲᠠᠲᠠᠢ ᠶᠢ ᠡᠷᠬᠢᠮᠯᠡᠵᠦ ᠰᠢᠨ᠎ᠡ ᠶᠢ ᠡᠭᠦᠳᠬᠦ᠂ ᠢᠯᠠᠭᠤᠬᠰᠠᠨ ᠳᠠᠶᠢᠨ ᠬᠢᠵᠥ ᠲᠡᠶᠢᠯᠬᠦ︾ ᠠᠵᠢᠯ ᠤᠨ ᠡᠩᠨᠡᠭᠡ ᠶᠢ ᠪᠠᠶᠢᠭᠤᠯᠵᠤ᠂ ︽ᠦᠵᠡᠰᠬᠦᠯᠡᠩᠲᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾᠎ ᠳᠤ ᠪᠠᠲᠤ ᠴᠢᠩᠭ᠎ᠠ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠪᠠᠲᠤᠯᠠᠪᠤᠷᠢ ᠬᠠᠩᠭᠠᠬᠤ ᠬᠡᠷᠡᠭᠲᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号