ᠨᠠᠢᠮᠠᠳᠤᠭᠠᠷ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ ᠳᠤ ᠥᠪᠥᠷ ᠮᠣᠩᠭᠤᠯ ᠤᠨ ᠨᠡᠶᠢᠲᠡ ᠬᠦᠯᠢᠶᠡᠨ | ᠠᠪᠤᠭᠰᠠᠨ ᠵᠤᠭᠠᠴᠠᠭᠰᠠᠳ 389.61 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.3% ᠨᠡᠮᠡᠭᠳᠡᠵᠡᠢ︔ ᠵᠢᠭᠤᠯᠴᠢᠯᠠᠯ ᠤᠨ ᠣᠷᠣᠯᠭ᠎ᠠ 40.82 ᠳ᠋ᠦᠩᠰᠢᠭᠤᠷ | ᠲᠦᠬᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.55% ᠨᠡᠮᠡᠭᠳᠡᠵᠡᠢ᠃ ᠵᠢᠭᠤᠯᠴᠢᠯᠠᠯ ᠤᠨ | ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠥᠪᠥᠷ ᠮᠣᠩᠭᠤᠯ ᠤᠨ | ᠵᠠᠯᠠᠭᠤ ᠨᠠᠰᠤ ᠵᠢᠭᠤᠯᠴᠢᠯᠠᠯ᠂ ᠰᠤᠳᠤᠯᠤᠯ ᠰᠤᠷᠤᠯᠴᠠᠯᠭ᠎ᠠ ᠶᠢᠨ ᠵᠢᠭᠤᠯᠴᠢᠯᠠᠯ᠂ ᠬᠤᠪᠢ ᠶᠢᠨ ᠮᠠᠰᠢᠨ ᠤ ᠵᠢᠭᠤᠯᠴᠢᠯᠠᠯ᠂ | ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠤᠨᠴᠠᠯᠢᠬᠳᠤ ᠵᠢᠭᠤᠯᠴᠢᠯᠠᠯ ᠤᠨ ᠨᠡᠷᠡᠳᠬᠦᠨ ᠤ ᠬᠠᠩᠭᠠᠯᠭ᠎ᠠ ᠡᠯᠪᠡᠭ | ᠪᠠᠶᠢᠵᠤ᠂ ᠡᠯ᠎ᠡ ᠵᠦᠢᠯ ᠤᠨ ᠪᠠᠶᠠᠷ ᠳᠤᠷᠠᠰᠬᠠᠯ ᠤᠨ ᠰᠣᠶᠣᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ | ᠣᠷᠣᠨ ᠤ ᠨᠠᠢᠮᠠᠳᠤᠭᠠᠷ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠵᠢᠭᠤᠯᠴᠢᠯᠠᠯ ᠨᠢ ᠰᠡᠯᠡᠭᠦᠴᠡᠯ ᠵᠢᠭᠤᠯᠴᠢᠯᠠᠯ᠂ ᠬᠡᠷ | ᠪᠦᠯᠢ ᠶᠢᠨ ᠵᠢᠭᠤᠯᠴᠢᠯᠠᠯ᠂ ᠥᠪᠡᠷ ᠢᠶᠠᠨ ᠲᠡᠷᠭᠡ ᠵᠢᠯᠣᠭᠤᠳᠤᠨ ᠦᠪᠡᠷ ᠢᠶᠠᠨ ᠵᠢᠭᠤᠯᠴᠢᠯᠠᠬᠤ᠂ ᠤᠶᠢᠷ᠎ᠠ ᠵᠠᠮ ᠤᠨ | ᠵᠢᠭᠤᠯᠴᠢᠯᠠᠯ᠂ ᠲᠦᠷᠦᠯ ᠰᠠᠳᠤᠨ ᠤ ᠵᠢᠭᠤᠯᠴᠢᠯᠠᠯ ᠵᠡᠷᠭᠡ ᠣᠯᠠᠨ ᠭᠤᠣᠯ ᠰᠡᠳᠦᠪ ᠳᠠᠪᠬᠤᠴᠠᠵᠤ᠂ ᠭᠠᠳᠠᠭᠰᠢ ᠭᠠᠷᠴᠤ | ᠵᠤᠭᠠᠴᠠᠬᠤ ᠬᠡᠷᠡᠭᠴᠡᠭᠡ ᠨᠠᠢᠮᠠᠳᠤᠭᠠᠷ ᠰᠠᠷ᠎ᠠ ᠶᠢᠨ ᠠᠷᠪᠠᠨ ᠲᠠᠪᠤᠨ ᠤ ᠪᠠᠶᠠᠷ ᠲᠤ ᠲᠦᠪᠯᠡᠷᠡᠵᠦ᠂ ᠬᠤᠪᠢ ᠶᠢᠨ | ᠮᠠᠰᠢᠨ ᠢᠶᠠᠷ ᠵᠢᠭᠤᠯᠴᠢᠯᠠᠬᠤ᠂ ᠥᠪᠡᠷ ᠢᠶᠠᠨ ᠵᠢᠭᠤᠯᠴᠢᠯᠠᠬᠤ᠂ ᠰᠤᠯᠠ ᠵᠤᠴᠢᠳ ᠤᠨ ᠵᠢᠭᠤᠯᠴᠢᠯᠠᠯ ᠤᠨ ᠲᠤᠭ᠎ᠠ | ᠮᠡᠳᠡᠭᠳᠡᠬᠦ᠋ᠢᠴᠡ ᠨᠡᠮᠡᠭᠳᠡᠪᠡ᠃ ᠨᠠᠢᠮᠠᠳᠤᠭᠠᠷ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠮᠠᠷᠠᠯᠲᠠ ᠳᠤ᠂ ᠥᠪᠥᠷ | ᠮᠣᠩᠭᠤᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠠᠮᠤᠷ ᠲᠦᠪᠰᠢᠨ ᠲᠣᠭᠲᠠᠪᠤᠷᠢᠲᠠᠶ ᠠᠵᠢᠯᠯᠠᠵᠤ᠂ ᠵᠢᠭᠤᠯᠴᠢᠯᠠᠯ ᠤᠨ | ᠠᠮᠤᠷ ᠲᠦᠪᠰᠢᠨ ᠤ ᠠᠳᠡᠯ ᠵᠢᠴᠢ ᠵᠠᠭᠠᠯᠳᠤᠯᠭ᠎ᠠ ᠶᠢᠨ ᠬᠡᠷᠡᠭ ᠤᠴᠢᠷ ᠭᠠᠷᠤᠭᠰᠠᠨ ᠦᠭᠡᠢ ᠪᠠᠶᠢᠳᠠᠭ᠃ |