| | | ᠣᠳᠣᠬᠠᠨ ᠳᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠦᠭᠡᠳ | ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠤᠯᠵᠤ᠂ ᠭᠤᠣᠯ ᠨᠢ ᠤᠷᠢᠳᠠᠪᠠᠷ ᠬᠡᠷᠡᠭᠵᠢᠭᠦᠯᠬᠦ ᠭᠦᠶᠴᠡᠳᠬᠡᠬᠦ | ᠲᠤᠭ᠎ᠠ ᠶᠢᠨ ᠠᠵᠢᠯᠯᠠᠭ᠎ᠠ ᠰᠠᠶᠢᠨ ᠪᠠᠶᠢᠵᠤ᠂ ᠠᠵᠤ ᠠᠬᠤᠶ ᠶᠢᠨ ᠦᠷ᠎ᠡ ᠠᠰᠢᠭ ᠦᠷᠭᠦᠯᠵᠢᠯᠡᠨ ᠰᠠᠶᠢᠵᠢᠷᠠᠪᠠ᠃ ᠠᠵᠤ | ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠨᠡᠯᠢᠶᠡᠳ | ᠲᠦᠷᠭᠡᠨ ᠨᠡᠮᠡᠭᠳᠡᠪᠡ᠃ | 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ | ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ | ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠡᠶ︔ ᠬᠠᠮᠲᠤ ᠶᠢᠨ ᠠᠵᠤ ᠠᠬᠤᠶᠢᠯᠠᠯ ᠤᠨ | ᠬᠢ 1.6% ᠪᠠᠷ ᠪᠠᠭᠤᠷᠠᠵᠠᠢ︔ ᠬᠤᠪᠢ ᠤᠷᠤᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠬᠢ | 6.4% ᠪᠠᠷ ᠨᠡᠮᠡᠭᠳᠡᠵᠡᠢ︔ ᠭᠠᠳᠠᠭᠠᠳᠤ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠢ 4.3% ᠪᠠᠷ ᠨᠡᠮᠡᠭᠳᠡᠪᠡ᠃ ᠡᠨᠡ ᠭᠤᠷᠪᠠᠨ | ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠡᠢ︔ ᠦᠢᠯᠡᠳᠬᠦ ᠦᠢᠯᠡᠰ ᠤᠨ ᠨᠡᠮᠡᠭᠳᠡᠯ ᠦᠷᠲᠡᠭ 5.1% ᠪᠠᠷ | ᠨᠡᠮᠡᠭᠳᠡᠵᠡᠢ︔ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ | ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ 4% ᠪᠠᠷ ᠨᠡᠮᠡᠭᠳᠡᠪᠡ᠃ | ᠳᠤᠮᠳᠠ ᠳᠡᠭᠡᠳᠦ ᠲᠡᠰ ᠵᠦᠭ ᠬᠦᠭᠵᠢᠵᠡᠢ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ | ᠦᠷᠲᠡᠭ 15.5% ᠪᠠᠷ ᠨᠡᠮᠡᠭᠳᠡᠪᠡ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠮᠡᠳᠡᠭᠳᠡᠮ᠎ᠡ ᠲᠦᠷᠭᠡᠨ ᠪᠤᠯᠵᠠᠢ᠃ ᠡᠭᠦᠨ ᠳᠤ᠂ ᠬᠤᠪᠣᠷ ᠰᠢᠷᠣᠶ ᠶᠢᠨ ᠬᠢ | 25.3% ᠪᠠᠷ ᠨᠡᠮᠡᠭᠳᠡᠵᠦ᠂ ᠡᠯᠧᠺᠲᠷᠣᠨ ᠺᠣᠮᠫᠢᠦ᠋ᠲ᠋ᠧᠷ ᠴᠢᠮᠡᠭᠡ ᠬᠤᠯᠪᠤᠭ᠎ᠠ ᠶᠢᠨ ᠬᠢ 13.7% ᠪᠠᠷ ᠨᠡᠮᠡᠭᠳᠡᠵᠦ᠂ | ᠡᠮ ᠡᠮᠨᠡᠯᠭᠡ ᠶᠢᠨ ᠦᠢᠯᠡᠳᠬᠦ ᠦᠢᠯᠡᠰ ᠤᠨ ᠬᠢ 10.9% ᠪᠠᠷ ᠨᠡᠮᠡᠭᠳᠡᠪᠡ᠃ ᠰᠢᠨ᠎ᠡ ᠦᠢᠯᠡᠳᠬᠦᠨ ᠤ ᠬᠢ | ᠦᠳᠲᠡᠷ ᠲᠦᠷᠭᠡᠨ ᠨᠡᠮᠡᠭᠳᠡᠪᠡ᠃ ᠲᠠᠩ ᠲᠠᠯᠠᠰᠲᠤ ᠴᠠᠬᠢᠭᠤᠷ ᠤᠨ ᠭᠠᠷᠤᠯᠲᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 1.4 ᠳᠠᠬᠢᠨ ᠢᠶᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 52.6% ᠨᠡᠮᠡᠭᠳᠡᠵᠦ᠂ | ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 25.1% ᠨᠡᠮᠡᠭᠳᠡᠵᠡᠶ᠃ ᠦᠢᠯᠡᠳᠪᠦᠷᠢᠯᠡᠯ | ᠪᠣᠷᠣᠯᠠᠭᠤᠯᠭ᠎ᠠ ᠶᠢᠨ ᠠᠪᠤᠴᠠᠯᠳᠤᠯ ᠦᠷᠭᠦᠯᠵᠢᠯᠡᠨ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ 99.4% ᠳᠤ ᠬᠦᠷᠴᠦ᠂ | 1 — 7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠳᠡᠭᠡᠭᠰᠢᠯᠡᠵᠡᠢ᠃ | ᠠᠵᠤ ᠠᠬᠤᠶᠢᠯᠠᠯ ᠤᠨ ᠠᠰᠢᠭ ᠬᠤᠨᠵᠢᠪᠣᠷᠢ ᠨᠡᠯᠢᠶᠡᠳ ᠲᠦᠷᠭᠡᠨ ᠨᠡᠮᠡᠭᠳᠡᠪᠡ᠃ 1 — 7 ᠳ᠋ᠤᠭᠠᠷ ᠰᠠᠷ᠎ᠠ ᠳᠤ᠂ | ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠠᠰᠢᠭ | ᠬᠤᠨᠵᠢᠪᠣᠷᠢ ᠶᠢᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10.8 ᠵᠠᠭᠤᠨ ᠤ ᠴᠡᠭ ᠲᠦᠷᠭᠡᠨ ᠪᠤᠯᠪᠠ︔ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠤᠷᠮ᠎ᠠ ᠨᠢ | 10.5% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.2 ᠵᠠᠭᠤᠨ ᠤ ᠴᠡᠭ ᠳᠡᠭᠡᠭᠰᠢᠯᠡᠵᠦ᠂ | ᠪᠦᠬᠦ ᠤᠯᠤᠰ ᠤᠨ ᠳᠤᠮᠳᠠᠴᠢ ᠲᠦᠪᠰᠢᠨ ᠠᠴᠠ 4.0 ᠵᠠᠭᠤᠨ ᠤ ᠴᠡᠭ ᠥᠨᠳᠥᠷ ᠪᠤᠯᠵᠠᠢ᠃ | ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ ᠲᠠᠯ᠎ᠠ ᠪᠠᠷ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠨᠥᠬᠦᠵᠦ ᠪᠠᠭᠤᠷᠠᠭᠤᠯᠬᠤ | ᠠᠵᠢᠯ ᠢᠯᠡᠳᠲᠡ ᠦᠷ᠎ᠡ ᠪᠦᠲᠦᠮᠵᠢ ᠤᠯᠪᠠ᠃ 1 — 8 ᠳ᠋ᠤᠭᠠᠷ ᠰᠠᠷ᠎ᠠ ᠳᠤ᠂ ᠱᠦᠢᠨᠢ ᠶᠢᠨ ᠦᠢᠯᠡᠳᠬᠦᠨ ᠤ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.5% ᠪᠠᠷ ᠪᠠᠭᠤᠷᠠᠵᠤ᠂ ᠪᠣᠯᠪᠠᠰᠤᠷᠠᠭᠤᠯᠤᠭᠰᠠᠨ ᠬᠤᠵᠢᠷ ᠤᠨ | ᠭᠠᠷᠤᠯᠲᠠ 56% ᠪᠠᠷ ᠪᠠᠭᠤᠷᠠᠪᠠ᠃ ᠬᠥᠮᠥᠷᠭᠡᠯᠡᠯᠲᠡ ᠶᠢ ᠪᠠᠭᠠᠰᠬᠠᠬᠤ ᠲᠠᠯ᠎ᠠ ᠪᠠᠷ᠂ 8 ᠳ᠋ᠤᠭᠠᠷ ᠰᠠᠷ᠎ᠠ ᠶᠢᠨ ᠡᠴᠦᠰ | ᠪᠤᠯᠬᠤ ᠳᠤ᠂ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ ᠨᠢ 1330.9 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ᠃ | ᠬᠦᠰᠢᠬᠦᠷᠭᠡ ᠶᠢ ᠬᠠᠰᠤᠬᠤ ᠲᠠᠯ᠎ᠠ ᠪᠠᠷ᠂ 1 — 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠦᠩᠭᠡ ᠶᠢᠨ ᠥᠭᠴᠡᠭᠡᠨ ᠤ ᠨᠤᠷᠮ᠎ᠠ ᠨᠢ ᠠᠳᠠᠯᠢ | ᠬᠤᠭᠤᠴᠠᠭᠠᠨ ᠤ ᠬᠢ ᠠᠴᠠ 1.6 ᠵᠠᠭᠤᠨ ᠤ ᠴᠡᠭ ᠪᠠᠭᠤᠷᠠᠪᠠ᠃ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠪᠠᠷ᠂ | 1 — 7 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ | ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ | ᠦᠷᠲᠡᠭ ᠠᠳᠠᠯᠢ ᠬᠤᠭᠤᠴᠠᠭᠠᠨ ᠤ ᠬᠢ ᠠᠴᠠ 0.65 ᠲᠥᠭᠦᠷᠢᠭ ᠪᠠᠭᠤᠷᠠᠵᠤ᠂ ᠪᠥᠬᠦ ᠤᠯᠤᠰ ᠤᠨ ᠳᠤᠮᠳᠠᠴᠢ ᠬᠢᠷᠢ | ᠬᠡᠮᠵᠢᠶ᠎ᠡ ᠠᠴᠠ 7.5 ᠲᠥᠭᠦᠷᠢᠭ ᠳᠤᠤᠷ᠎ᠠ ᠪᠤᠯᠪᠠ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ᠂ 1 — 8 | ᠳ᠋ᠤᠭᠠᠷ ᠰᠠᠷ᠎ᠠ ᠳᠤ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ | ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 17.4% ᠪᠠᠷ ᠨᠡᠮᠡᠭᠳᠡᠪᠡ᠃ | ᠳᠠᠷᠠᠭᠠᠬᠢ ᠱᠠᠲᠤᠨ ᠳᠤ᠂ ᠥᠪᠡᠷᠲᠡᠭᠡᠨ ᠵᠠᠰᠠᠬᠤ ᠣᠷᠣᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠣᠳᠣᠬᠠᠨ ᠤ ᠠᠵᠤ | ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠭᠤᠷᠪᠠᠨ | ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ | ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ | ᠨᠡᠮᠡᠭᠳᠡᠭᠦᠯᠵᠦ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ |