ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠢᠨᠠᠯᠲᠠ ᠲᠠᠯᠪᠢᠭᠴᠢ 94 ᠬᠤᠪᠢ ᠬᠡᠷᠡᠭ ᠶᠠᠪᠤᠳᠠᠯ ᠳᠤ ᠬᠢᠨᠠᠯᠲᠠ ᠲᠠᠯᠪᠢᠪᠠ
ᠨᠡᠶᠢᠲᠡᠯᠡᠭᠰᠡᠨ ᠴᠠᠭ᠄
2018/9/28
     ᠠᠷᠠᠳ ᠤᠨ ᠬᠢᠨᠠᠯᠲᠠ ᠲᠠᠯᠪᠢᠭᠴᠢ ᠶᠢᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠨ ᠬᠢᠨᠠᠯᠲᠠ ᠲᠠᠯᠪᠢᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠠᠷᠠᠳ ᠤᠨ ᠬᠢᠨᠠᠯᠲᠠ ᠲᠠᠯᠪᠢᠭᠴᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠄ ᠡᠯ᠎ᠡ ᠱᠠᠲᠤᠨ ᠤ ᠠᠷᠠᠳ ᠤᠨ ᠬᠢᠨᠠᠯᠲᠠ ᠲᠠᠯᠪᠢᠭᠴᠢ ᠨᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠡᠭᠡ ᠲᠠᠯ᠎ᠠ ᠠᠴᠠ ᠡᠭᠦᠰᠴᠦ᠂ ᠠᠷᠠᠳ ᠤᠨ ᠬᠢᠨᠠᠯᠲᠠ ᠲᠠᠯᠪᠢᠭᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠪᠣᠯᠣᠨ ᠦᠢᠯᠡᠳᠦᠯ ᠢ ᠭᠦᠢᠴᠡᠳ ᠲᠠᠨᠢᠵᠤ᠂ ᠤᠬᠠᠮᠰᠠᠷ ᠠᠴᠠ ᠪᠠᠨ ᠤᠯᠤᠰ ᠤᠨ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠨ᠂ ᠲᠥᠪ ᠭᠤᠣᠯᠴᠢ ᠪᠠᠷ ᠬᠠᠤᠯᠢ ᠪᠠᠷᠢᠬᠤ ᠶᠢ ᠦᠨᠡᠨ ᠬᠦ ᠪᠠᠲᠤᠯᠠᠬᠤ ᠳᠡᠭᠡᠳᠦ ᠬᠡᠮᠵᠢᠶᠡᠨ ᠠᠴᠠ ᠥᠪᠡᠷ ᠤᠨ ᠡᠭᠦᠷᠭᠡᠯᠡᠵᠦ ᠪᠠᠶᠢᠭ᠎ᠠ ᠬᠢᠨᠠᠯᠲᠠ ᠲᠠᠯᠪᠢᠬᠤ ᠠᠵᠢᠯ ᠳᠤ ᠪᠠᠨ ᠵᠥᠪ ᠢᠶᠠᠷ ᠬᠠᠨᠳᠤᠵᠤ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠨ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠪᠦᠭᠡᠳ ᠪᠦᠬᠦ ᠲᠠᠯ᠎ᠠ ᠪᠠᠷ ᠭᠦᠢᠴᠡᠳᠬᠡᠬᠦ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠶ ᠶᠢ ᠪᠠᠲᠤ ᠪᠠᠬᠢ ᠪᠤᠢ ᠪᠣᠯᠭᠠᠨ᠂ ᠠᠯᠢᠪᠠ ᠪᠠᠨ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠪᠠᠷ ᠬᠠᠷᠢᠭᠤᠯᠲᠠ ᠥᠭᠴᠦ᠂ ᠠᠷᠠᠳ ᠤᠯᠠᠨ ᠤ ᠰᠠᠨᠠᠯ ᠪᠣᠯᠣᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠲᠤᠰᠬᠠᠵᠤ᠂ ᠵᠣᠷᠢᠭᠲᠠᠶ ᠪᠦᠭᠡᠳ ᠴᠢᠳᠠᠮᠠᠭᠠᠶ ᠵᠢᠴᠢ ᠬᠠᠤᠯᠢ ᠶᠣᠰᠣᠭᠠᠷ ᠬᠢᠨᠠᠯᠲᠠ ᠲᠠᠯᠪᠢᠵᠤ᠂ ᠶᠣᠰᠣᠨ ᠲᠡᠳᠦᠢ ᠬᠢᠨᠠᠯᠲᠠ ᠲᠠᠯᠪᠢᠬᠤ ᠪᠠ ᠦᠷ᠎ᠡ ᠪᠦᠲᠦᠮᠵᠢ ᠦᠭᠡᠢ ᠬᠢᠨᠠᠯᠲᠠ ᠲᠠᠯᠪᠢᠬᠤ ᠠᠴᠠ ᠵᠠᠶᠢᠯᠠᠰᠭᠢᠬᠦ ᠬᠡᠷᠡᠭᠲᠡᠢ᠃ ᠠᠷᠠᠳ ᠤᠨ ᠬᠢᠨᠠᠯᠲᠠ ᠲᠠᠯᠪᠢᠭᠴᠢ ᠬᠡᠷᠡᠭ ᠶᠠᠪᠤᠳᠠᠯ ᠳᠤ ᠬᠢᠨᠠᠯᠲᠠ ᠲᠠᠯᠪᠢᠬᠤ ᠳᠤ ᠪᠠᠨ᠂ ︽ᠭᠤᠷᠪᠠᠨ ᠵᠠᠷᠴᠢᠮ︾ ᠲᠤᠬᠠᠶᠢᠯᠠᠪᠠᠯ ᠬᠠᠤᠯᠢ ᠶᠢ ᠵᠦᠷᠢᠴᠡᠬᠦ ᠦᠭᠡᠢ᠂ ᠡᠷᠬᠡ ᠠᠴᠠ ᠪᠠᠨ ᠳᠠᠪᠠᠭ᠋ᠤ ᠦᠭᠡᠢ᠂ ᠬᠤᠪᠢ ᠶᠢᠨ ᠰᠡᠳᠬᠢᠯᠭᠡ ᠪᠠᠷ ᠠᠵᠢᠯᠯᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃      2018 ᠣᠨ ᠤ ᠳᠡᠭᠡᠳᠦ ᠬᠠᠭᠠᠰ ᠵᠢᠯ ᠳᠤ᠂ ᠪᠦᠬᠦ ᠣᠷᠣᠨ ᠤ ᠠᠷᠠᠳ ᠤᠨ ᠬᠢᠨᠠᠯᠲᠠ ᠲᠠᠯᠪᠢᠭᠴᠢ ᠶᠢᠨ ᠬᠢᠨᠠᠯᠲᠠ ᠲᠠᠯᠪᠢᠭᠰᠠᠨ ᠬᠡᠷᠡᠭ ᠶᠠᠪᠤᠳᠠᠯ ᠨᠢ 94 ᠬᠤᠪᠢ 225 ᠬᠦᠮᠦᠨ ᠤᠳᠠᠭ᠎ᠠ ᠳᠤ ᠬᠦᠷᠴᠦ᠂ ᠤᠷᠢᠯᠭ᠎ᠠ ᠪᠠᠷ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠶᠢᠨ ᠦᠯᠢᠭᠡᠷ ᠠᠪᠴᠤ ᠦᠨᠡᠯᠡᠨ ᠵᠢᠱᠢᠬᠦ᠂ ᠬᠡᠷᠡᠭ ᠢ ᠮᠥᠷᠳᠡᠨ ᠰᠤᠷᠪᠤᠯᠵᠢᠯᠠᠬᠤ᠂ ᠪᠠᠶᠢᠴᠠᠭᠠᠬᠤ ᠳᠠᠷᠤᠭ᠎ᠠ ᠶᠢᠨ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ᠂ ᠨᠡᠭᠡᠭᠡᠯᠲᠡᠲᠦ ᠮᠠᠶ᠋ᠢᠭ ᠤᠨ ᠪᠠᠶᠢᠴᠠᠭᠠᠬᠤ ᠳᠤ ᠬᠤᠷᠠᠯ ᠣᠷᠤᠯᠴᠠᠬᠤ᠂ ᠰᠢᠭᠦᠯᠲᠡ ᠳᠤ ᠣᠷᠣᠯᠴᠠᠵᠤ ᠦᠨᠡᠯᠡᠯᠲᠡ ᠬᠢᠬᠦ᠂ ᠢᠯᠡ ᠪᠠᠷ ᠭᠡᠷᠡᠴᠢᠯᠡᠭᠡ ᠰᠣᠨᠣᠰᠬᠤ ᠵᠡᠷᠭᠡ ᠠᠵᠢᠯᠯᠠᠭᠠᠨ ᠳᠤ 121 ᠤᠳᠠᠭ᠎ᠠ 378 ᠬᠥᠮᠦᠨ ᠤᠳᠠᠭ᠎ᠠ ᠣᠷᠤᠯᠴᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨ᠂ ᠠᠷᠠᠳ ᠤᠨ ᠬᠢᠨᠠᠯᠲᠠ ᠲᠠᠯᠪᠢᠭᠴᠢ ᠶᠢᠨ ᠳᠦᠷᠢᠮ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠣᠯᠣᠨ ᠡᠷᠬᠡ ᠰᠦᠷᠲᠦ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号