ᠡᠨᠡ ᠵᠢᠯ ᠮᠠᠨ ᠤ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠳᠤ ︽ᠨᠡᠶᠢᠲᠡ ᠲᠠᠷᠢᠭᠰᠠᠨ ᠲᠠᠯᠠᠪᠠᠢ᠂ ᠠᠮᠤ | ᠪᠤᠳᠠᠭᠠᠨ ᠤ ᠲᠠᠷᠢᠮᠠᠯ ᠤᠨ ᠲᠠᠯᠠᠪᠠᠢ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠭᠰᠡᠨ ᠪᠣᠶᠣ ᠵᠢᠭᠠᠬᠠᠨ ᠨᠡᠮᠡᠭᠳᠡᠵᠦ᠂ | ᠠᠵᠤ ᠠᠬᠤᠢ ᠶᠢᠨ ᠲᠠᠷᠢᠮᠠᠯ ᠪᠣᠯᠣᠨ ᠲᠡᠵᠢᠭᠡᠯ ᠪᠣᠷᠳᠣᠭᠠᠨ ᠤ ᠲᠠᠷᠢᠮᠠᠯ ᠨᠡᠮᠡᠭᠳᠡᠭᠰᠡᠨ︾ ᠪᠠᠶᠢᠳᠠᠯ ᠢᠯᠡᠷᠡᠪᠡ᠃ | ᠲᠠᠷᠢᠶᠠᠯᠠᠩ ᠤᠨ ᠪᠠᠶᠢᠳᠠᠯ ᠤᠨ ᠲᠤᠭᠢᠷᠠᠭᠤᠯᠤᠯᠲᠠ ᠶᠢ ᠦᠨᠳᠦᠰᠦᠯᠡᠪᠡᠯ᠂ ᠨᠡᠶᠢᠲᠡ ᠲᠠᠷᠢᠭᠰᠠᠨ ᠲᠠᠯᠠᠪᠠᠶ ᠨᠢ 13178. | 46 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 97.43 ᠲᠦᠮᠡᠨ ᠮᠦ ᠨᠡᠮᠡᠭᠳᠡᠵᠦ᠂ ᠠᠮᠤ | ᠪᠤᠳᠠᠭᠠᠨ ᠤ ᠲᠠᠷᠢᠮᠠᠯ ᠨᠢ 10233.73 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.19 | ᠲᠦᠮᠡᠨ ᠮᠦ ᠨᠡᠮᠡᠭᠳᠡᠪᠡ᠃ ᠣᠳᠣᠬᠠᠨ ᠳᠤ᠂ ᠨᠢᠭᠡ ᠬᠤᠶᠠᠳᠤᠭᠠᠷ ᠲᠥᠷᠥᠯ ᠤᠨ ᠴᠢᠬᠢ 89% ᠶᠢ ᠡᠵᠡᠯᠡᠵᠦ᠂ | ᠲᠠᠷᠢᠮᠠᠯ ᠤᠨ ᠴᠢᠬᠢᠨ ᠤ ᠪᠠᠶᠢᠳᠠᠯ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ | ᠠᠮᠤ ᠪᠤᠳᠠᠭᠠᠨ ᠤ ᠲᠠᠷᠢᠮᠠᠯ ᠳᠤ ︽ᠭᠤᠷᠪᠠ ᠬᠠᠰᠤᠭᠳᠠᠨ ᠬᠤᠶᠠᠷ ᠨᠡᠮᠡᠭᠳᠡᠭᠰᠡᠨ︾ ᠪᠠᠶᠢᠳᠠᠯ ᠢᠯᠡᠷᠡᠪᠡ᠃ ᠡᠷᠳᠡᠨᠢ | ᠰᠢᠰᠢ᠂ ᠪᠤᠭᠤᠲᠠᠢ᠂ ᠲᠥᠮᠥᠰᠥ ᠶᠢᠨ ᠲᠠᠯᠠᠪᠠᠢ ᠬᠠᠰᠤᠭᠳᠠᠵᠤ᠂ ᠲᠤᠲᠤᠷᠭ᠎ᠠ᠂ ᠰᠢᠷ᠎ᠠ ᠪᠤᠷᠴᠠᠭ ᠤᠨ ᠲᠠᠯᠠᠪᠠᠢ | ᠨᠡᠮᠡᠭᠳᠡᠪᠡ ᠃ ᠡᠷᠳᠡᠨᠢ ᠰᠢᠰᠢ ᠶᠢᠨ ᠲᠠᠯᠠᠪᠠᠢ ᠨᠢ 5373.36 ᠲᠦᠮᠡᠨ ᠮᠦ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 56.13 ᠲᠦᠮᠡᠨ ᠮᠦ ᠬᠠᠰᠤᠭᠳᠠᠵᠤ᠂ 1.03% ᠬᠠᠰᠤᠭᠳᠠᠪᠠ᠃ ᠲᠥᠮᠥᠰᠥ ᠶᠢᠨ | ᠲᠠᠯᠠᠪᠠᠢ ᠨᠢ 745.57 ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 181.46 ᠲᠦᠮᠡᠨ ᠮᠦ | ᠬᠠᠰᠤᠭᠳᠠᠵᠤ᠂ 19.57% ᠬᠠᠰᠤᠭᠳᠠᠪᠠ᠃ ᠪᠤᠭᠤᠳᠡᠢ ᠶᠢᠨ ᠲᠡᠯᠡᠪᠡᠢ ᠨᠢ 914.56 ᠲᠦᠮᠡᠨ ᠮᠦ ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 63.01 ᠮᠦ ᠬᠠᠰᠤᠭᠳᠠᠵᠤ᠂ 6.45% ᠬᠠᠰᠤᠭᠳᠠᠪᠠ︔ ᠰᠢᠷ᠎ᠠ | ᠪᠤᠷᠴᠠᠭ ᠤᠨ ᠲᠠᠯᠠᠪᠠᠶ ᠨᠢ 1433.69 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 367.89 | ᠲᠦᠮᠡᠨ ᠮᠦ ᠨᠡᠮᠡᠭᠳᠡᠵᠦ᠂ 34.52% ᠨᠡᠮᠡᠭᠳᠡᠪᠡ︔ ᠲᠤᠲᠤᠷᠭ᠎ᠠ ᠶᠢᠨ ᠲᠠᠯᠠᠪᠠᠢ ᠨᠢ 236.42 ᠲᠦᠮᠡᠨ ᠮᠦ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.86 ᠲᠦᠮᠡᠨ ᠮᠦ ᠨᠡᠮᠡᠭᠳᠡᠵᠦ᠂ 9.68% ᠨᠡᠮᠡᠭᠳᠡᠪᠡ᠃ |