2018 ᠣᠨ ᠤ ᠦᠪᠤᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠥ ᠦᠢᠯᠡᠰ ᠤᠨ ᠬᠦᠭᠵᠢᠯᠳᠡ ᠶᠢᠨ ᠬᠠᠩᠵᠸᠥ ᠳᠠᠬᠢ ᠲᠠᠨᠢᠯᠴᠠᠭᠤᠯᠬᠤ ᠬᠤᠷᠡᠯ ᠬᠤᠷᠡᠯᠳᠤᠪᠠ  ᠵᠠᠩ ᠱᠤᠤ ᠴᠦᠨ ᠬᠤᠷᠠᠯ ᠳᠤ ᠤᠷᠤᠯᠴᠠᠵᠥ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/9/30
     9 ᠳ᠋ᠦ᠋ᠭᠡᠷ ᠰᠠᠷ᠎ᠠ ᠶᠢᠨ 29᠎ ᠤ ᠡᠳᠤᠷ᠂ 2018 ᠣᠨ ᠤ ᠦᠪᠤᠷ ᠮᠤᠩᠭᠤᠯ ᠤᠨ ᠲᠤᠮᠤ ᠳ᠋ᠠᠶᠢᠲ᠋ᠠ ᠶᠢᠨ ᠠᠵᠥ ᠦᠢᠯᠡᠰ ᠤᠨ ᠬᠦᠭᠵᠢᠯᠳᠡ ᠶᠢᠨ ᠬᠠᠩᠵᠸᠥ ᠳᠠᠬᠢ ᠲᠠᠨᠢᠯᠴᠠᠭᠤᠯᠬᠤ ᠬᠤᠷᠡᠯ ᠬᠠᠩᠵᠸᠥ ᠬᠤᠳᠠ ᠳᠤ ᠬᠤᠷᠡᠯᠳᠤᠪᠠ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠱᠤᠤ ᠴᠦᠨ ᠬᠤᠷᠡᠯ ᠳᠤ ᠤᠷᠤᠯᠴᠠᠵᠥ ᠶᠠᠷᠢᠶ᠎ᠠ ᠲᠠᠯᠪᠢᠪᠠ᠃      ᠵᠠᠩ ᠱᠤᠤ ᠴᠦᠨ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠠᠴᠠ᠂ ᠦᠪᠤᠷ ᠮᠤᠩᠭᠤᠯ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠤᠯᠤᠰ ᠤᠨ ᠲᠤᠮᠤ ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠥ᠂ ᠤᠯᠤᠰ ᠤᠨ ᠲᠤᠮᠤ ᠳ᠋ᠠᠶᠢᠲ᠋ᠠ ᠶᠢᠨ ᠶᠡᠷᠤᠩᠬᠡᠶᠢᠯᠡᠭᠰᠡᠡ ᠲᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠪᠦᠬᠦ ᠲᠡᠯ᠎ᠡ ᠪᠠᠷ ᠠᠬᠢᠭᠤᠯᠵᠥ᠂ ᠬᠦᠭᠵᠢᠯᠳᠡ ᠶᠢᠨ ᠢᠷᠡᠬᠡᠳᠤᠢ ᠪᠤᠯᠤᠨ ᠦᠷᠢᠰᠦᠯᠳᠦᠬᠡᠨ ᠤ ᠪᠤᠳᠠᠳᠤ ᠬᠦᠴᠦᠨ ᠲᠠᠢ ᠨᠢᠬᠡ ᠪᠦᠯᠥᠭ ᠭᠤᠤᠯᠳᠠᠯᠭ᠎ᠠ ᠲᠠᠢ ᠲᠦᠷᠦᠯ ᠵᠦᠢᠯ ᠢ ᠪᠦᠳᠦᠭᠡᠨ ᠪᠠᠶᠢᠭᠤᠯᠵᠥ᠂ ᠲᠤᠮᠤ ᠳ᠋ᠠᠶᠢᠲ᠋ᠠ ᠨᠢ ᠨᠢᠬᠡᠨᠳᠡ ᠦᠪᠤᠷ ᠮᠤᠩᠭᠤᠯ ᠤᠨ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠰᠢᠨ᠎ᠡ ᠬᠦᠳᠡᠯᠬᠡᠬᠦᠷ ᠪᠤᠯᠤᠭᠰᠠᠠ ᠪᠠᠶᠢᠨ᠎ᠠ ᠬᠡᠪᠠ᠃      ᠵᠠᠩ ᠱᠤᠤ ᠴᠦᠨ ᠴᠢᠬᠤᠯᠠᠴᠢᠯᠠᠭᠰᠠᠨ ᠨᠢ᠂ ᠡᠨᠡ ᠤᠳᠠᠭ᠎ᠠ ᠶᠢᠨ ᠲᠠᠨᠢᠯᠴᠠᠭᠤᠯᠬᠤ ᠬᠤᠷᠡᠯ ᠢᠶᠠᠷ ᠲᠡᠮᠵᠢᠭᠤᠯᠤᠨ᠂ ᠦᠪᠤᠷ ᠮᠤᠩᠭᠤᠯ ᠨᠢ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠲᠤᠮᠤ ᠳ᠋ᠠᠶᠢᠲ᠋ᠠ ᠶᠢᠨ ᠬᠠᠮᠢᠶ᠎ᠠ ᠪᠦᠬᠦᠢ ᠬᠦᠷᠢᠶ᠎ᠡ ᠯᠦᠭᠡ ᠬᠠᠮᠳᠤᠷᠠᠯᠴᠠᠭ᠎ᠠ ᠰᠤᠯᠢᠯᠴᠠᠭ᠎ᠠ ᠶᠢ ᠤᠯᠠᠮ ᠴᠢᠨᠠᠭᠰᠢᠳᠠ ᠬᠦᠨᠵᠡᠬᠡᠶᠢᠷᠡᠬᠦᠯᠵᠥ᠂ ᠦᠪᠤᠷ ᠮᠤᠩᠭᠤᠯ ᠤᠨ ᠡᠬᠢ ᠪᠠᠶᠠᠯᠢᠭ᠂ ᠦᠪᠡᠷ ᠤᠨ ᠦᠷᠳᠡᠭ ᠤᠨ ᠲᠠᠪᠠᠭᠤᠯᠢᠭ ᠪᠤᠯᠤᠨ ᠵᠠᠬ᠎ᠠ ᠲᠡᠯᠬᠡᠬᠦᠷ ᠤᠨ ᠬᠡᠷᠡᠭᠴᠡᠭᠡ ᠎ ᠶᠢ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠤᠷᠤᠨ ᠤ ᠪᠡᠯᠡ ᠮᠥᠩᠬᠦ᠂ ᠮᠡᠷᠬᠡᠵᠢᠯ᠂ ᠴᠢᠳᠠᠪᠤᠷᠢᠳᠡᠨ ᠤ ᠲᠠᠪᠠᠭᠤᠯᠢᠭ ᠲᠠᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠂ ᠦᠪᠤᠷ ᠮᠤᠩᠭᠤᠯ ᠳᠤ ᠣᠴᠢᠵᠤ ᠪᠡᠯᠡ ᠤᠷᠤᠭᠤᠯᠵᠥ ᠦᠢᠯᠡᠰ ᠬᠦᠭᠵᠢᠬᠦᠯᠬᠦ ᠠᠵᠥ ᠠᠬᠤᠶᠢᠯᠠᠯ ᠪᠤᠯᠤᠨ ᠴᠢᠳᠠᠪᠤᠷᠢᠳᠡᠨ ᠳᠤ ᠲᠡᠷᠢᠬᠦᠨ ᠤ ᠡᠵᠡᠩᠨᠡᠯᠳᠡ ᠶᠢᠨ ᠤᠷᠴᠢᠨ ᠨᠦᠭᠦᠴᠡᠯ ᠣᠯᠭᠤᠵᠤ᠂ ᠲᠤᠭᠠᠴᠢᠯᠠᠭᠰᠠᠠ ᠠᠵᠥ ᠠᠬᠤᠢ ᠶᠢ ᠶᠡᠬᠡᠪᠡᠷ ᠬᠦᠭᠵᠢᠬᠦᠯᠵᠥ᠂ ᠲᠤᠭᠠᠴᠢᠯᠠᠭᠰᠠᠠ ᠦᠪᠤᠷ ᠮᠤᠩᠭᠤᠯ᠂ ᠤᠶᠤᠨᠳᠤ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠥ᠂ ᠡᠬᠡ ᠤᠯᠤᠰ ᠎ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠥᠨ᠎ᠡ ᠬᠡᠪᠠ᠃     ᠠ ᠯᠢ ᠪᠠ ᠪᠠ᠂ ᠬᠠᠢ ᠺᠠᠩ ᠸᠧᠢ ᠱᠢ᠂ ᠵᠧᠵᠢᠶᠠᠩ ᠤᠨ ᠳ᠋ᠠ ᠬᠤᠸᠠ ᠵᠡᠷᠬᠡ ︽ᠬᠦᠬᠡᠮᠦ᠋ᠷᠡᠨ ᠤ ᠭᠤᠷᠪᠠᠯᠵᠢᠨ ᠬᠤᠶᠢᠭ︾᠎ ᠤᠨ ᠤᠷᠤᠨ ᠤ 230 ᠭᠠᠷᠤᠢ ᠲᠤᠮᠤ ᠳ᠋ᠠᠶᠢᠲ᠋ᠠ ᠶᠢᠨ ᠠᠵᠥ ᠠᠬᠤᠶᠢᠯᠠᠯ ᠲᠠᠨᠢᠯᠴᠠᠭᠤᠯᠬᠤ ᠬᠤᠷᠡᠯ ᠳᠤ ᠤᠷᠤᠯᠴᠠᠵᠥ᠂ ᠨᠡᠶᠢᠳᠡ 29 ᠬᠠᠮᠳᠤᠷᠠᠯᠴᠠᠭᠠᠨ ᠤ ᠵᠥᠪᠳᠡᠯᠴᠡᠭᠡᠷ ᠲᠤᠬᠢᠷᠠᠯᠴᠠᠵᠥ᠂ ᠵᠥᠪᠳᠡᠯᠴᠡᠭᠡᠷ ᠤᠨ ᠶᠡᠷᠤᠩᠬᠡᠢ ᠵᠤᠭᠤᠰᠤᠨ ᠲᠤᠭ᠎ᠠ 60.5 ᠳ᠋ᠦᠩᠰᠢᠭᠤᠷ ᠲᠦᠬᠦᠷᠢᠭ ᠲᠤ ᠬᠦᠷᠦᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号