9 ᠳ᠋ᠦ᠋ᠭᠡᠷ ᠰᠠᠷ᠎ᠠ ᠶᠢᠨ 2 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠭᠤᠳᠤ | ᠬᠤᠳᠠ ᠳᠤ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠵᠢᠭᠤᠯᠴᠢᠯᠠᠯ ᠤᠨ ᠠᠵᠤ ᠦᠢᠯᠡᠰ ᠤᠨ | ᠦᠵᠡᠰᠭᠦᠯᠡᠩ ᠤᠨ ᠪᠦᠬᠦ ᠬᠡᠰᠢᠭᠦᠤᠨ ᠤᠨ ᠬᠤᠷᠠᠯ ᠢ ᠬᠤᠷᠠᠯᠳᠤᠭᠤᠯᠵᠦ᠂ ᠦᠩᠬᠡᠷᠡᠭᠰᠡᠨ ᠤ ᠬᠡᠰᠡᠭ ᠬᠤᠭᠤᠴᠠᠭᠠᠨ ᠤ | ᠠᠵᠢᠯ ᠢᠶᠠᠨ ᠳ᠋ᠦᠩᠨᠡᠨ᠂ ᠤᠳᠤᠬᠠᠨ ᠪᠤᠯᠤᠨ ᠲᠠᠷᠠᠭᠠᠴᠢ ᠶᠢᠨ ᠬᠡᠰᠡᠭ ᠬᠤᠭᠤᠴᠠᠭᠠᠨ ᠤ ᠵᠢᠭᠤᠯᠴᠢᠯᠠᠯ ᠤᠨ ᠦᠢᠯᠡᠰ | ᠤᠨ ᠴᠢᠨᠠᠷ ᠰᠠᠶᠢᠲᠠᠢ ᠬᠦᠭᠵᠢᠯᠳᠡ ᠶᠢ ᠪᠠᠶᠢᠷᠢᠯᠠᠭᠤᠯᠤᠭᠰᠠᠨ ᠪᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠵᠠᠢ᠃ | ᠠᠢ ᠯᠢ ᠬᠤᠸᠠ ᠵᠢᠭᠠᠭᠰᠠᠨ ᠨᠢ᠂ ᠡᠷᠬᠡᠪᠰᠢ ᠵᠤᠬᠰᠤᠴᠠ ᠪᠠᠨ ᠲᠡᠭᠡᠭᠰᠢᠯᠡᠬᠦᠯᠦᠨ᠂ ᠡᠭᠦᠷᠭᠡ | ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠢᠭᠤᠯᠴᠢᠯᠠᠯ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠦᠵᠡᠯ | ᠰᠠᠨᠠᠭᠠᠨ ᠤ ᠰᠠᠨᠠᠭᠠᠴᠢᠯᠠᠭᠠᠳᠤ ᠴᠢᠨᠠᠷ ᠪᠤᠯᠤᠨ ᠠᠵᠢᠯᠯᠠᠭ᠎ᠠ ᠶᠢᠨ ᠰᠠᠨᠠᠭᠠᠴᠢᠯᠠᠭᠠᠳᠤ ᠴᠢᠨᠠᠷ ᠢᠶᠠᠨ ᠨᠡᠮᠡᠭᠳᠡᠬᠦᠯᠬᠦ ᠬᠡᠷᠡᠭᠳᠠᠢ᠃ | ︽ᠦᠪᠦᠷ ᠮᠤᠩᠭᠤᠯ ᠢ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠦ ᠵᠢᠭᠤᠯᠴᠢᠯᠠᠯ ᠤᠨ ᠬᠠᠷᠠᠯᠳᠠᠳᠤ ᠭᠠᠵᠠᠷ | ᠪᠤᠯᠭᠠᠨ ᠪᠦᠳᠦᠭᠡᠨ ᠪᠠᠶᠢᠭᠤᠯᠬᠤ︾ ᠲᠤᠭᠤᠷᠢᠨ ᠳᠤ᠂ ᠦᠪᠦᠷ ᠮᠤᠩᠭᠤᠯ ᠤᠨ ᠵᠢᠭᠤᠯᠴᠢᠯᠠᠯ ᠤᠨ ᠨᠡᠷᠡᠳᠦ ᠲᠦᠷᠦᠯ | ᠲᠡᠮᠳᠡᠭ ᠢ ᠪᠦᠬᠦ ᠬᠦᠴᠦᠨ ᠢᠶᠠᠷ ᠢᠶᠠᠨ ᠴᠤᠬᠴᠠᠯᠠᠨ᠂ ᠠᠷᠭ᠎ᠠ ᠪᠠᠷᠢᠯ ᠢᠶᠠᠨ ᠲᠡᠭᠦᠯᠳᠡᠷᠵᠢᠬᠦᠯᠵᠦ᠂ | ᠨᠠᠶᠢᠳᠠᠪᠤᠷᠢᠵᠢᠭᠤᠯᠤᠯᠲᠠ ᠶᠢ ᠬᠦᠴᠦᠳᠠᠢ ᠠᠳᠬᠤᠬᠤ ᠬᠡᠷᠡᠭᠳᠠᠢ᠃ ᠠᠵᠤ ᠠᠬᠤᠶᠢᠯᠠᠯ ᠤᠨ ᠤᠷᠤᠯᠴᠠᠬᠤ ᠢᠳᠡᠪᠬᠢᠵᠢᠯ ᠢ | ᠪᠠᠳᠠᠷᠠᠭᠤᠯᠤᠨ᠂ ᠴᠢᠨᠠᠷ ᠰᠠᠶᠢᠲᠠᠢ ᠵᠢᠭᠤᠯᠴᠢᠯᠠᠯ ᠢ ᠵᠠᠰᠠᠭ ᠤᠨ ᠤᠷᠳᠤᠨ ᠭᠤᠤᠯ ᠵᠢᠯᠤᠭᠤᠳᠴᠤ ᠪᠠᠶᠢᠭᠰᠠᠨ ᠢ ᠠᠵᠤ | ᠠᠬᠤᠶᠢᠯᠠᠯ ᠭᠤᠤᠯ ᠵᠢᠯᠤᠭᠤᠳᠬᠤ ᠪᠤᠯᠭᠠᠨ ᠬᠤᠪᠢᠷᠠᠭᠤᠯᠬᠤ ᠶᠢ ᠠᠬᠢᠭᠤᠯᠤᠨ᠂ ᠠᠶᠠᠨᠳᠠᠭᠠᠨ ᠤ ᠠᠵᠢᠯᠯᠠᠭ᠎ᠠ ᠠᠴᠠ | ᠰᠠᠨᠠᠭᠠᠴᠢᠯᠠᠭᠠᠳᠤ ᠠᠵᠢᠯᠯᠠᠭ᠎ᠠ ᠪᠤᠯᠭᠠᠨ ᠬᠤᠪᠢᠷᠠᠭᠤᠯᠵᠤ᠂ ᠡᠯ᠎ᠠ ᠭᠠᠵᠠᠷ ᠤᠷᠤᠨ ᠬᠦᠭᠵᠢᠯᠳᠡ ᠶᠢᠨ | ᠲᠦᠯᠦᠪᠵᠢᠬᠦᠯᠭᠡ ᠪᠠᠨ ᠲᠡᠭᠦᠯᠳᠡᠷᠵᠢᠭᠦᠯᠦᠨ᠂ ᠵᠢᠭᠤᠯᠴᠢᠯᠠᠯ ᠤᠨ ᠤᠷᠤᠭᠤᠯᠤᠯᠳᠠ ᠪᠠ ᠤᠬᠠᠭᠤᠯᠭ᠎ᠠ ᠶᠢᠨ | ᠡᠷᠴᠢᠮ ᠢᠶᠠᠨ ᠴᠢᠩᠭᠠᠳᠬᠠᠨ᠂ ᠵᠤᠬᠢᠴᠠᠩᠭᠤᠢ ᠬᠤᠯᠪᠤᠯᠴᠠᠬᠤ ᠶᠢ ᠴᠢᠬᠤᠯᠠᠴᠢᠯᠠᠨ᠂ ᠵᠢᠭᠤᠯᠴᠢᠯᠠᠯ ᠤᠨ ᠴᠢᠨᠠᠷ | ᠰᠠᠶᠢᠲᠠᠢ ᠬᠦᠭᠵᠢᠯᠳᠡ ᠶᠢᠨ ᠡᠯ᠎ᠠ ᠲᠦᠷᠤᠯ ᠤᠨ ᠡᠭᠦᠷᠭᠡ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠳᠠᠢ ᠭᠡᠵᠡᠢ᠃ ᠬᠤᠷᠠᠯ | ᠲᠡᠭᠡᠷ᠎ᠠ᠂ ᠦᠪᠦᠷ ᠮᠤᠩᠭᠤᠯ ᠪᠠᠭᠤᠳᠠᠯ᠂ ᠤᠷᠳᠤᠰ ᠤᠨ ᠲᠠᠯ᠎ᠠ ᠨᠤᠳᠤᠭ ᠤᠨ ᠵᠢᠭᠤᠯᠴᠢᠯᠠᠯ ᠤᠨ ᠲᠤᠭᠤᠷᠢᠭ᠂ ᠦᠪᠦᠷ | ᠮᠤᠩᠭᠤᠯ ᠤᠨ ᠸᠧᠢ ᠮᠢᠩ ᠶᠠᠩ ᠰᠤᠶᠤᠯ ᠤᠨ ᠠᠵᠤ ᠦᠢᠯᠡᠰ ᠤᠨ ᠬᠠᠷᠢᠭᠤᠴᠠᠯᠭᠠᠳᠤ ᠺᠤᠮᠫᠠᠨᠢ ᠵᠡᠷᠭᠡ 6 | ᠵᠢᠭᠤᠯᠴᠢᠯᠠᠯ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠡᠶᠢᠲᠡᠯᠢᠭ ᠲᠤᠷᠰᠢᠯᠭ᠎ᠠ ᠪᠠᠨ | ᠰᠤᠯᠢᠯᠴᠠᠭᠰᠠᠨ ᠪᠠᠶᠢᠨ᠎ᠠ᠃ |