1 — 7 ᠳ᠋ᠤᠭᠠᠷ ᠰᠠᠷ᠎ᠠ ᠳᠤ᠂ ᠪᠥᠬᠦ ᠣᠷᠣᠨ ᠤ ᠭᠠᠳᠠᠭᠰᠢ ᠬᠦᠷᠭᠡᠬᠦ ᠴᠠᠬᠢᠯᠭᠠᠨ ᠤ ᠬᠡᠮᠵᠢᠶ᠎ᠡ 1035 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ | ᠨᠡᠮᠡᠭᠳᠡᠯ ᠤᠨ ᠬᠤᠷᠳᠤᠴᠠ ᠨᠢ ᠳᠡᠭᠡᠳᠦ ᠬᠠᠭᠠᠰ ᠵᠢᠯ ᠤᠨ ᠬᠢ ᠲᠠᠢ ᠬᠠᠷᠢᠴᠠᠭᠤᠯᠪᠠᠯ 2.5 ᠵᠠᠭᠤᠨ ᠤ ᠴᠡᠭ | ᠪᠠᠭᠤᠷᠠᠵᠤ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 12.9 ᠵᠠᠭᠤᠨ ᠤ ᠴᠡᠭ ᠳᠡᠭᠡᠭᠰᠢᠯᠡᠵᠡᠢ᠃ | ᠡᠭᠦᠨ ᠳᠤ᠄ ᠵᠡᠭᠦᠨ ᠬᠤᠶᠢᠲᠤ ᠣᠷᠣᠨ ᠳᠤ ᠬᠦᠷᠭᠡᠭᠰᠡᠨ ᠴᠠᠬᠢᠯᠭᠠᠨ ᠤ ᠬᠡᠮᠵᠢᠶ᠎ᠡ 335 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠪᠠᠷ ᠨᠡᠮᠡᠭᠳᠡᠵᠡᠢ︔ ᠤᠮᠠᠷᠠᠲᠤ ᠣᠷᠣᠨ ᠳᠤ | ᠬᠦᠷᠭᠡᠭᠰᠡᠨ ᠴᠠᠬᠢᠯᠭᠠᠨ ᠤ ᠬᠡᠮᠵᠢᠶ᠎ᠡ 663 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 24.7% ᠪᠠᠷ ᠨᠡᠮᠡᠭᠳᠡᠵᠡᠢ︔ ᠨᠢᠩᠰᠢᠶᠠ ᠳᠤ ᠬᠦᠷᠭᠡᠭᠰᠡᠨ ᠴᠠᠬᠢᠯᠭᠠᠨ ᠤ ᠬᠡᠮᠵᠢᠶ᠎ᠡ | 1.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠡᠢ︔ | ᠱᠠᠨᠰᠢ ᠳᠤ ᠬᠦᠷᠭᠡᠭᠰᠡᠨ ᠴᠠᠬᠢᠯᠭᠠᠨ ᠤ ᠬᠡᠮᠵᠢᠶ᠎ᠡ 10.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.6% ᠪᠠᠷ ᠨᠡᠮᠡᠭᠳᠡᠵᠡᠢ︔ ᠳᠤᠷᠤᠨᠠᠲᠤ ᠣᠷᠣᠨ ᠳᠤ ᠬᠦᠷᠭᠡᠭᠰᠡᠨ ᠴᠠᠬᠢᠯᠭᠠᠨ ᠤ | ᠬᠡᠮᠵᠢᠶ᠎ᠡ 18 ᠳ᠋ᠦᠩᠰᠢᠭᠤᠷ ᠺᠢᠯᠣᠸᠠᠲ ᠴᠠᠭ ᠲᠤ ᠬᠦᠷᠴᠡᠢ︔ ᠮᠣᠩᠭᠤᠯ ᠤᠯᠤᠰ ᠲᠤ ᠬᠦᠷᠭᠡᠭᠰᠡᠨ ᠴᠠᠬᠢᠯᠭᠠᠨ ᠤ | ᠬᠡᠮᠵᠢᠶ᠎ᠡ 7.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠵᠡᠢ᠃ |