ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2018/9/4
     9 ᠳ᠋ᠦ᠋ᠭᠡᠷ ᠰᠠᠷ᠎ᠠ ᠶᠢᠨ 3᠎ ᠤ ᠡᠳᠦᠷ᠂ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠭᠠᠷᠠᠭ ᠪᠠ 2018 ᠣᠨ ᠤ ᠭᠠᠳᠠᠭᠠᠳᠤ ᠳᠤ ᠰᠠᠭᠤᠭ᠎ᠠ ᠡᠷᠳᠡᠮᠲᠡᠳ ᠤᠨ ᠤᠯᠤᠰ ᠲᠠᠭᠠᠨ ᠪᠤᠴᠠᠵᠤ ᠦᠢᠯᠡᠰ ᠴᠣᠭᠴᠠᠯᠠᠬᠤ ᠭᠠᠷᠠᠭ ᠤᠨ ᠠᠵᠢᠯᠯᠠᠭ᠎ᠠ ᠬᠥᠬᠡᠬᠤᠲᠠ ᠳᠤ ᠡᠬᠢᠯᠡᠪᠡ᠃      ᠲᠤᠰ ᠤᠳᠠᠭ᠎ᠠ ᠶᠢᠨ ᠠᠵᠢᠯᠯᠠᠭ᠎ᠠ ᠨᠢ ︽ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠤᠷᠢᠬᠤ ᠤᠶᠤᠨᠴᠢ ᠲᠠᠯ᠎ᠠ ᠨᠤᠲᠤᠭ︾᠎ ᠪᠠᠷ ᠭᠤᠣᠯ ᠰᠡᠳᠦᠪ ᠪᠣᠯᠭᠠᠵᠤ᠂ ︽ᠲᠠᠯ᠎ᠠ ᠨᠤᠲᠤᠭ ᠤᠨ ᠴᠢᠳᠠᠪᠤᠷᠢᠲᠠᠨ︾ ᠢᠨᠵᠧᠨᠧᠷᠢᠩ ᠤᠨ ᠨᠠᠷᠠᠲᠤ ᠲᠡᠮᠳᠡᠭᠲᠦ ᠶᠢ ᠭᠤᠤᠯ ᠴᠤᠭᠴᠠᠯᠠᠵᠤ᠂ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠤᠨᠤᠯᠵᠢᠬᠤᠨ ᠢ ᠳᠤᠪᠤᠶᠢᠯᠭᠠᠬᠤ ᠪᠤᠯᠤᠨ᠎ᠠ᠃ ︽ᠬᠤᠨ ᠭᠠᠯᠠᠭᠤ ᠠᠵᠢᠯᠯᠠᠭ᠎ᠠ︾ ᠤᠶᠠᠨ ᠬᠠᠳᠠᠨ ᠴᠢᠨᠠᠷᠲᠠᠢ ᠴᠢᠳᠠᠪᠤᠷᠢᠲᠠᠨ ᠤᠷᠢᠬᠤ᠂ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ᠂ ᠲᠥᠷᠥᠯ ᠵᠦᠶᠯ ᠤᠨ ᠦᠷ᠎ᠡ ᠪᠦᠲᠦᠮᠵᠢ ᠶᠢᠨ ᠲᠠᠨᠢᠯᠴᠠᠭᠤᠯᠭ᠎ᠠ᠂ ᠡᠯ᠎ᠡ ᠲᠥᠷᠥᠯ ᠤᠨ ᠴᠢᠳᠠᠪᠤᠷᠢᠲᠠᠨ ᠪᠠ ᠬᠥᠭᠵᠢᠭᠦᠯᠬᠦ ᠶᠠᠷᠢᠯᠴᠠᠭᠠᠨ ᠤ ᠲᠠᠪᠴᠠᠩ ᠵᠡᠷᠭᠡ 23 ᠵᠦᠢᠯ ᠤᠨ ᠠᠭᠤᠯᠭ᠎ᠠ ᠪᠠᠷ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠡᠯ᠎ᠡ ᠭᠠᠵᠠᠷ ᠤᠨ ᠴᠢᠳᠠᠪᠤᠷᠢᠲᠠᠨ ᠳᠤ ᠬᠤᠤᠰ ᠴᠢᠭᠯᠡᠯᠲᠦ ᠰᠣᠯᠢᠯᠴᠠᠨ ᠬᠠᠮᠲᠤᠷᠠᠯᠴᠠᠬᠤ ᠲᠠᠪᠴᠠᠩ ᠬᠠᠩᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠳᠡᠰ ᠤᠨ ᠴᠢᠳᠠᠪᠤᠷᠢᠲᠠᠨ ᠢ ᠥᠪᠥᠷ ᠮᠤᠩᠭᠤᠯ ᠳᠤ ᠲᠠᠲᠠᠨ ᠠᠪᠴᠢᠷᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠯᠤᠨ᠎ᠠ᠃ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠨᠢ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠬᠠᠮᠲᠤ ᠪᠠᠷ ᠬᠦᠲᠡᠯᠦᠯᠴᠡᠬᠦ ᠬᠡᠯᠪᠡᠷᠢ ᠪᠠᠷ ᠡᠷᠭᠢᠯᠡᠨ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠤᠬᠠᠭᠤᠯᠤᠨ ᠲᠠᠨᠢᠯᠴᠠᠭᠤᠯᠬᠤ ᠪᠤᠯᠬᠤᠷ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠥᠪᠥᠷ ᠮᠣᠩᠭᠤᠯ ᠢ ᠲᠠᠨᠢᠬᠤ᠂ ᠥᠪᠥᠷ ᠮᠣᠩᠭᠤᠯ ᠢ ᠤᠶᠢᠯᠠᠭᠠᠬᠤ᠂ ᠥᠪᠥᠷ ᠮᠤᠩᠭᠤᠯ ᠢ ᠮᠡᠳᠡᠷᠡᠬᠦ ᠴᠢᠬᠤᠯᠠ ᠴᠤᠩᠬᠤᠪᠴᠢ ᠪᠤᠯᠬᠤ ᠪᠤᠯᠤᠨ᠎ᠠ᠃ ᠰᠤᠯᠢᠯᠴᠠᠭᠠᠨ ᠤ ᠬᠤᠷᠠᠯ ᠨᠢ ᠦᠯᠡᠮᠵᠢ ᠤᠯᠠᠨ ᠴᠢᠳᠠᠪᠤᠷᠢᠲᠠᠨ ᠢ ᠲᠠᠳᠠᠨ ᠠᠪᠴᠢᠷᠠᠭᠠᠳ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠪᠲᠤᠯᠤᠯᠲᠠ ᠳᠤ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢ ᠨᠢ ᠡᠷᠭᠦᠭᠦᠯᠵᠦ᠂ ᠴᠢᠳᠠᠪᠤᠷᠢᠲᠠᠨ ᠪᠠ ᠰᠢᠨ᠎ᠡ ᠶᠢ ᠡᠭᠦᠳᠬᠦ ᠬᠠᠮᠲᠤ ᠪᠠᠷ ᠤᠷᠤᠭᠰᠢᠯᠠᠬᠤ᠂ ᠴᠢᠳᠠᠪᠤᠷᠢᠲᠠᠨ ᠤ ᠬᠡᠯᠬᠢᠶ᠎ᠡ ᠬᠢᠭᠡᠳ ᠠᠵᠤ ᠦᠢᠯᠡᠰ ᠤᠨ ᠬᠡᠯᠬᠢᠶ᠎ᠡ ᠭᠦᠨᠵᠡᠭᠡᠢ ᠠᠭᠤᠰᠤᠯᠴᠠᠬᠤ᠂ ᠴᠢᠳᠠᠪᠤᠷᠢᠲᠠᠨ ᠤ ᠡᠬᠢ ᠪᠠᠶᠠᠯᠢᠭ ᠪᠣᠯᠤᠨ ᠬᠦᠷᠦᠩᠭᠡ ᠶᠢᠨ ᠮᠡᠷᠭᠡᠵᠢᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠴᠢᠬᠤᠯᠠ ᠲᠠᠪᠴᠠᠩ ᠪᠤᠯᠬᠤ ᠪᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号