ᠤᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠴᠥᠭᠡᠨ ᠲᠣᠭᠠᠲᠤ ᠦᠨᠳᠦᠰᠦᠲᠡᠨ ᠤ ᠺᠠᠳ᠋ᠷ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ | ᠺᠠᠳ᠋ᠷ ᠴᠢᠳᠠᠪᠤᠷᠢᠲᠠᠨ ᠤ ᠦᠢᠯᠡᠳᠦᠯ ᠢᠶᠠᠨ ᠪᠠᠳᠠᠷᠠᠭᠤᠯᠬᠤ ᠳᠤ ᠨᠢ ᠰᠤᠷᠤᠯᠴᠠᠨ ᠰᠣᠯᠢᠯᠴᠠᠬᠤ ᠪᠠ ᠦᠢᠯᠡᠳᠦᠯᠭᠡ ᠶᠢᠨ | ᠳᠠᠪᠲᠠᠯᠲᠠ ᠶᠢᠨ ᠲᠠᠪᠴᠠᠩ ᠢ ᠢᠳᠡᠪᠬᠢᠲᠡᠶ ᠪᠠᠷ ᠪᠠᠶᠢᠭᠤᠯᠵᠤ ᠥᠭᠪᠡ᠃ | ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠨᠣᠯ ᠤᠨ | ᠪᠣᠯᠪᠠᠰᠤᠷᠠᠭᠤᠯᠤᠯ ᠪᠣᠯᠣᠨ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠨ᠂ ᠴᠥᠭᠡᠨ ᠲᠣᠭᠠᠲᠤ ᠦᠨᠳᠦᠰᠦᠲᠡᠨ ᠤ | ᠺᠠᠳ᠋ᠷ ᠤᠨ ᠬᠡᠪ ᠴᠢᠨᠠᠷ ᠪᠣᠯᠣᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠣᠳᠣᠬᠢ | ᠪᠠᠶᠢᠳᠠᠯ ᠲᠠᠢ ᠤᠶᠠᠯᠳᠤᠭᠤᠯᠤᠨ᠂ ᠪᠠᠶᠢᠳᠠᠯ ᠢ ᠣᠶᠢᠯᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠣᠳᠠᠲᠠᠶ ᠲᠥᠯᠥᠪᠯᠡᠭᠡ ᠰᠤᠳᠤᠯᠤᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠴᠥᠭᠡᠨ ᠲᠣᠭᠠᠲᠤ | ᠦᠨᠳᠦᠰᠦᠲᠡᠨ ᠪᠣᠯᠣᠨ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ | ᠬᠡᠷᠡᠭᠯᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠰᠢᠯᠢᠳᠡᠭ ᠵᠠᠯᠠᠭᠤ ᠡᠮᠡᠭᠲᠡᠶ ᠺᠠᠳ᠋ᠷ᠂ ᠴᠥᠭᠡᠨ ᠲᠣᠭᠠᠲᠤ | ᠦᠨᠳᠦᠰᠦᠲᠡᠨ ᠤ ᠺᠠᠳ᠋ᠷ᠂ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠲᠤᠷᠰᠢᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ ᠳᠤᠮᠳᠠᠬᠢ ᠭᠤᠣᠯ ᠪᠣᠯᠬᠤ ᠲᠦᠪᠡᠭᠲᠡᠶ ᠠᠰᠠᠭᠤᠳᠠᠯ ᠢ | ᠬᠦᠴᠦᠯᠡᠨ ᠰᠢᠶᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ | ᠠᠵᠢᠯ ᠤᠨ ᠪᠣᠳᠠᠲᠠᠢ ᠠᠷᠭ᠎ᠠ ᠪᠠᠷᠢᠯ᠂ ᠬᠠᠲᠠᠭᠤ ᠠᠷᠭ᠎ᠠ ᠬᠡᠮᠵᠢᠶ᠎ᠡ ᠪᠣᠯᠣᠨ ᠰᠢᠨ᠎ᠡ ᠠᠷᠭ᠎ᠠ ᠵᠠᠮ ᠢ ᠰᠦᠪᠡᠭᠴᠢᠯᠡᠪᠡ᠃ | ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠯᠡ | ᠨᠡᠶᠢᠲᠡᠯᠡᠵᠦ ᠲᠤᠰᠢᠶᠠᠯ ᠳᠤ ᠲᠣᠮᠢᠯᠠᠭᠰᠠᠨ ᠺᠠᠳ᠋ᠷᠴᠤᠳ ᠤᠨ ᠳᠣᠲᠣᠷ᠎ᠠ᠂ ᠴᠥᠭᠡᠨ ᠲᠣᠭᠠᠲᠤ ᠦᠨᠳᠦᠰᠦᠲᠡᠨ ᠤ ᠺᠠᠳ᠋ᠷ | ᠴᠥᠮ ᠵᠣᠬᠢᠬᠤ ᠬᠠᠷᠢᠴᠠᠯ ᠢ ᠡᠵᠡᠯᠡᠵᠦ᠂ ᠪᠦᠯᠦᠭ ᠪᠦᠯᠦᠭ ᠴᠥᠭᠡᠨ ᠲᠣᠭᠠᠲᠤ ᠦᠨᠳᠦᠰᠦᠲᠡᠨ ᠤ ᠺᠠᠳ᠋ᠷᠴᠤᠳ | ᠵᠣᠬᠢᠶᠠᠨ ᠪᠠᠶᠢᠭᠤᠯᠤᠯᠲᠠ ᠶᠢᠨ ᠬᠦᠮᠦᠵᠢᠭᠦᠯᠬᠦ ᠪᠠ ᠰᠢᠯᠢᠨ ᠳᠡᠪᠰᠢᠭᠦᠯᠬᠦ ᠪᠠᠷ ᠳᠠᠮᠵᠢᠨ ᠤᠳᠤᠷᠢᠳᠬᠤ ᠪᠠᠶᠢᠷᠢᠨ ᠳᠤ | ᠭᠠᠷᠤᠭᠰᠠᠨ ᠪᠠᠶᠢᠨ᠎ᠠ᠃ | ᠡᠨᠡ ᠵᠢᠯ᠂ ︽ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠣᠨᠴᠠᠭᠠᠶ ᠪᠣᠯᠪᠠᠰᠤᠷᠠᠭᠤᠯᠤᠯ ᠤᠨ ᠲᠥᠯᠥᠪᠯᠡᠭᠡ︾ ᠶᠢᠨ ᠠᠵᠢᠯ ᠨᠢ ᠮᠠᠨ ᠤ ᠣᠷᠣᠨ ᠳᠤ | ᠦᠷᠭᠦᠯᠵᠢᠯᠡᠨ ᠥᠷᠨᠢᠵᠦ᠂ ᠲᠥᠯᠥᠪᠯᠡᠭᠡ ᠶᠣᠰᠣᠭᠠᠷ᠂ 80 ᠨᠡᠷᠡᠰ ᠳᠤᠮᠳᠠ ᠳᠡᠭᠡᠳᠦ ᠳᠡᠰ ᠤᠨ ᠲᠤᠰᠬᠠᠶ | ᠮᠡᠷᠭᠡᠵᠢᠯ ᠤᠨ ᠬᠢᠷᠢ ᠬᠡᠮ ᠪᠤᠶᠤ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ ᠴᠥᠭᠡᠨ ᠲᠣᠭᠠᠲᠤ ᠦᠨᠳᠦᠰᠦᠲᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠨ ᠤ ᠳᠣᠲᠣᠨ᠎ᠠ | ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠣᠨ | ᠠᠵᠤ ᠠᠬᠤᠶᠢᠯᠠᠯ ᠳᠤ ᠣᠴᠢᠭᠤᠯᠤᠨ 1 ᠵᠢᠯ ᠤᠨ ᠬᠤᠭᠤᠴᠠᠭ᠎ᠠ ᠲᠠᠢ ᠪᠣᠯᠪᠠᠰᠤᠷᠠᠭᠤᠯᠤᠯ ᠬᠦᠷᠲᠡᠭᠡᠬᠦ ᠶᠢᠨ ᠬᠠᠮᠲᠤ | ᠵᠣᠬᠢᠴᠠᠩᠭᠤᠢ ᠠᠵᠢᠯ ᠤᠨ ᠡᠭᠦᠷᠭᠡ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ | ᠡᠭᠦᠷᠭᠡᠯᠡᠭᠦᠯᠵᠦ᠂ ᠦᠢᠯᠡᠳᠦᠯᠭᠡ ᠶᠢᠨ ᠠᠵᠢᠯ ᠤᠨ ᠳᠤᠮᠳᠠ ᠳᠠᠪᠲᠠᠨ ᠪᠣᠯᠪᠠᠰᠤᠷᠠᠭᠤᠯᠵᠤ ᠪᠠᠶᠢᠨ᠎ᠠ᠃ ᠲᠡᠳᠡ ᠨᠠᠷ | ᠰᠤᠷᠤᠯᠴᠠᠯᠭ᠎ᠠ ᠲᠡᠭᠦᠰᠦᠭᠡᠳ ᠠᠵᠢᠯ ᠤᠨ ᠪᠠᠶᠢᠷᠢᠨ ᠳᠤ ᠪᠠᠨ ᠪᠤᠴᠠᠭᠰᠠᠨ ᠤ ᠲᠠᠷᠠᠭ᠎ᠠ᠂ ᠰᠡᠳᠦᠪ ᠤᠨ ᠰᠤᠳᠤᠯᠤᠯ᠂ | ᠲᠥᠷᠥᠯ ᠵᠦᠢᠯ ᠤᠨ ᠨᠡᠬᠡᠬᠡᠯᠲᠡ ᠵᠡᠷᠭᠡ ᠲᠠᠯ᠎ᠠ ᠪᠠᠷ ᠵᠣᠬᠢᠬᠤ ᠬᠡᠮᠵᠢᠶ᠎ᠡ ᠶᠢᠨ ᠬᠠᠷᠠᠭᠠᠯᠵᠠᠯ ᠬᠦᠷᠲᠡᠬᠦ ᠪᠣᠯᠣᠨ᠎ᠠ᠃ | ᠣᠶᠢᠯᠠᠭᠠᠭᠰᠠᠨ ᠢᠶᠠᠷ᠂ 2013 ᠣᠨ ᠳᠤ ︽ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠲᠤᠰᠬᠠᠶ | ᠮᠡᠷᠭᠡᠵᠢᠯ ᠤᠨ ᠴᠢᠳᠠᠪᠤᠷᠢᠲᠠᠨ ᠤ ᠣᠨᠴᠠᠭᠠᠶ ᠪᠣᠯᠪᠠᠰᠤᠷᠠᠭᠤᠯᠤᠯ ᠤᠨ ᠲᠥᠯᠥᠪᠯᠡᠭᠡ︾ ᠶᠢ ᠡᠬᠢᠯᠡᠭᠦᠯᠦᠭᠰᠡᠨ ᠠᠴᠠ | ᠨᠠᠭᠠᠰᠢ᠂ ᠥᠨᠥ ᠪᠣᠯᠲᠠᠯ᠎ᠠ ᠮᠠᠨ ᠤ ᠣᠷᠣᠨ ᠳᠤ ᠨᠢᠭᠡᠨᠲᠡ 400 ᠭᠠᠷᠤᠶ ᠴᠥᠭᠡᠨ ᠲᠣᠭᠠᠲᠤ ᠦᠨᠳᠦᠰᠦᠲᠡᠨ ᠤ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠨᠴᠠᠭᠠᠢ ᠬᠥᠮᠥᠵᠢᠭᠦᠯᠵᠦ ᠥᠭᠭᠦᠭᠰᠡᠨ ᠪᠠᠶᠢᠨ᠎ᠠ᠃ | ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠷᠲᠤᠪᠲᠤᠷ ᠪᠠ ᠤᠷᠳᠤ ᠬᠤᠭᠤᠴᠠᠭᠠᠨ ᠤ ᠴᠢᠳᠠᠪᠤᠷᠢᠲᠠᠨ ᠢ ᠬᠥᠭᠵᠢᠭᠦᠯᠬᠦ | ᠲᠥᠯᠥᠪᠵᠢᠭᠦᠯᠭᠡ ᠶᠢᠨ ᠬᠦᠲᠦᠯᠪᠦᠷᠢ ︵2010 — 2020︶︾ ᠶᠢ ᠨᠠᠷᠢᠨ ᠬᠢᠨᠠᠮᠠᠭᠠᠢ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠪᠥᠬᠦ | ᠣᠷᠣᠨ ᠤ ᠴᠢᠳᠠᠪᠤᠷᠢᠲᠠᠨ ᠤ ᠬᠥᠭᠵᠢᠯᠲᠡ ᠶᠢᠨ ᠭᠤᠣᠯᠳᠠᠯᠭ᠎ᠠ ᠲᠠᠢ ᠢᠨᠵᠧᠨᠧᠷᠢᠩ ᠪᠣᠯᠭᠠᠨ ᠠᠬᠢᠭᠤᠯᠵᠤ᠂ ᠴᠥᠭᠡᠨ | ᠲᠣᠭᠠᠲᠤ ᠦᠨᠳᠦᠰᠦᠲᠡᠨ ᠤ ᠳᠡᠭᠡᠳᠦ ᠳᠡᠰ ᠤᠨ ᠴᠢᠳᠠᠪᠤᠷᠢᠲᠠᠨ ᠢ ᠰᠢᠯᠢᠨ ᠳᠡᠪᠰᠢᠭᠦᠯᠵᠦ ᠬᠥᠮᠦᠵᠢᠭᠦᠯᠬᠦ | ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ 2017 ᠣᠨ ᠳᠤ | ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠬᠢᠨᠠᠨ ᠲᠣᠭᠲᠠᠭᠠᠭᠰᠠᠨ 101 ᠨᠡᠷᠡᠰ ︽ᠲᠠᠯ᠎ᠠ ᠨᠤᠲᠤᠭ ᠤᠨ ᠰᠣᠳᠣᠨ | ᠴᠢᠳᠠᠪᠤᠷᠢᠲᠠᠨ︾ ᠤ ᠳᠣᠲᠣᠷ᠎ᠠ᠂ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ 22 ᠬᠥᠮᠦᠨ ᠪᠠᠶᠢᠵᠤ᠂ | 21% ᠶᠢ ᠡᠵᠡᠯᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠬᠦᠮᠦᠵᠢᠭᠦᠯᠦᠨ ᠪᠣᠶᠢᠵᠢᠭᠤᠯᠤᠭᠰᠠᠨ | ᠮᠣᠩᠭᠤᠯ ᠡᠮ ᠡᠮᠨᠡᠯᠭᠡ᠂ ᠦᠨᠳᠦᠰᠦᠲᠡᠨ ᠤ ᠰᠣᠶᠣᠯ᠂ ᠦᠨᠳᠦᠰᠦᠲᠡᠨ ᠤ ᠠᠵᠤ ᠦᠢᠯᠡᠰ ᠵᠡᠷᠭᠡ ᠳᠤ | ᠬᠤᠯᠪᠣᠭᠳᠠᠭᠰᠠᠨ ᠰᠢᠨᠵᠢᠯᠡᠬᠦ ᠤᠬᠠᠭᠠᠨ ᠤ ᠰᠣᠳᠤᠯᠤᠯ ᠤᠨ ᠪᠦᠯᠬᠦᠮ ᠨᠡᠶᠢᠲᠡ 13 ᠪᠠᠶᠢᠵᠤ᠂ ᠶᠡᠷᠦᠩᠬᠡᠶ ᠲᠣᠭᠠᠨ ᠤ | 11.4% ᠶᠢ ᠡᠵᠡᠯᠡᠵᠦ ᠪᠠᠶᠢᠨ᠎ᠠ᠃ |