ᠤᠢᠢᠷ᠎ᠠ ᠶᠢᠨ ᠵᠢᠯ ᠠᠴᠠ᠂ ᠮᠠᠨ ᠤ ᠣᠷᠣᠨ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠪᠦᠷᠢᠯᠳᠦᠬᠦᠨ ᠢ | ᠲᠤᠰᠠᠯᠠᠵᠤ ᠪᠠᠶᠢᠭᠠᠳ ᠠᠵᠢᠯ ᠣᠯᠭᠤᠬᠤ ᠭᠤᠣᠯ ᠡᠲᠡᠭᠡᠳ ᠪᠣᠯᠭᠠᠵᠤ᠂ ᠠᠵᠢᠯ ᠣᠯᠭᠤᠯᠲᠠ ᠶᠢᠨ ᠲᠤᠰᠠᠯᠠᠮᠵᠢ | ᠦᠵᠡᠭᠦᠯᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠂ ︽ᠨᠢᠭᠡ ᠡᠷᠦᠬᠡ ᠪᠠᠶᠢᠪᠠᠯ᠂ ᠨᠢᠭᠡ ᠡᠷᠦᠬᠡ ᠶᠢ ᠲᠤᠰᠠᠯᠠᠵᠤ᠂ | ᠨᠢᠭᠡ ᠡᠷᠦᠬᠡ ᠳᠤ ᠠᠵᠢᠯ ᠣᠯᠭᠤᠨ᠂ ᠨᠢᠭᠡ ᠡᠷᠦᠬᠡ ᠶᠢ ᠲᠣᠭᠲᠠᠪᠤᠷᠢᠵᠢᠭᠤᠯᠬᠤ︾ ᠬᠦᠳᠡᠯᠦᠩᠭᠦᠢ ᠲᠤᠰᠠᠯᠠᠮᠵᠢ | ᠦᠵᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠳᠤ ᠨᠢᠭᠡ ᠪᠦᠯᠦᠭ ᠢ ᠨᠢ ᠲᠣᠬᠢᠷᠠᠭᠤᠯᠤᠨ ᠂ ᠬᠥᠮᠦᠨ ᠬᠡᠷᠡᠭᠯᠡᠬᠦ ᠨᠢᠭᠡᠴᠢ ᠶᠢ ᠵᠣᠷᠢᠭᠵᠢᠭᠤᠯᠵᠤ ᠪᠠᠶᠢᠭᠠᠳ | ᠨᠢᠭᠡ ᠪᠦᠯᠦᠭ ᠢ ᠨᠢ ᠠᠵᠢᠯᠯᠠᠭᠤᠯᠵᠤ᠂ ᠣᠯᠠᠩᠬᠢ ᠶᠢ ᠨᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠨ | ᠳᠠᠭᠠᠭᠠᠵᠤ ᠦᠢᠯᠡᠰ ᠴᠣᠭᠴᠠᠯᠠᠬᠤ ᠳᠤ ᠨᠢ ᠲᠡᠳᠬᠦᠵᠦ᠂ ᠨᠢᠭᠡ ᠪᠦᠯᠦᠭ ᠢ ᠨᠢ ᠵᠣᠷᠢᠭᠵᠢᠭᠤᠯᠵᠤ ᠪᠠᠶᠢᠭᠠᠳ | ᠠᠮᠢᠳᠤᠯᠢᠭ ᠢᠶᠠᠷ ᠠᠵᠢᠯ ᠣᠯᠬᠤ ᠶᠢ ᠨᠢ ᠲᠣᠭᠲᠠᠪᠤᠷᠢᠵᠢᠭᠤᠯᠬᠤ︾ ᠵᠡᠷᠭᠡ ᠠᠷᠭ᠎ᠠ ᠬᠡᠯᠪᠡᠷᠢ ᠠᠪᠴᠤ᠂ ᠤᠯᠡᠠ ᠠᠷᠭ᠎ᠠ | ᠪᠠᠷᠢᠯ᠂ ᠣᠯᠠᠨ ᠠᠷᠭ᠎ᠠ ᠵᠠᠮ ᠢᠶᠠᠷ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠪᠦᠷᠢᠯᠳᠦᠬᠦᠨ ᠤ ᠠᠵᠢᠯ ᠣᠯᠬᠤ | ᠶᠢ ᠨᠢ ᠬᠠᠪᠰᠤᠷᠣᠨ ᠳᠡᠮᠵᠢᠵᠡᠢ᠃ | ᠮᠠᠨ ᠤ ᠣᠷᠣᠨ ᠶᠠᠭ ᠠᠵᠢᠯ ᠣᠯᠭᠤᠯᠲᠠ ᠦᠭᠡᠢ ᠭᠡᠷ ᠪᠦᠯᠢ ᠳᠤ ᠬᠠᠨᠳᠤᠭᠤᠯᠤᠨ ᠦᠨᠡᠨ ᠨᠡᠷ᠎ᠡ ᠪᠠᠷ | ᠳᠠᠩᠰᠠᠯᠠᠭᠤᠯᠬᠤ ᠲᠦᠷᠢᠮ ᠢ ᠬᠡᠷᠡᠭᠵᠢᠭᠦᠯᠦᠨ᠂ ᠬᠥᠳᠡᠯᠦᠩᠭᠦᠢ ᠬᠠᠮᠢᠶᠠᠷᠤᠯᠲᠠ ᠶᠢ ᠠᠪᠴᠤ᠂ ᠭᠤᠶᠤᠴᠢᠯᠠᠨ | ᠮᠡᠳᠡᠭᠦᠯᠵᠦ ᠮᠠᠭᠠᠳᠯᠠᠨ ᠲᠣᠭᠲᠠᠭᠠᠭᠰᠠᠨ ᠤ ᠳᠠᠷᠠᠭᠠᠬᠢ ︽ᠶᠠᠭ ᠠᠵᠢᠯ ᠣᠯᠭᠤᠯᠲᠠ ᠦᠭᠡᠢ ᠭᠡᠷ ᠪᠦᠯᠢ︾ ᠳᠤ | ᠳᠡᠮᠵᠢᠨ ᠲᠤᠰᠠᠯᠠᠬᠤ ᠲᠥᠰᠦᠯ ᠢ ᠴᠠᠭ ᠲᠤᠬᠠᠶ ᠳᠤᠨᠢ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠵᠦ ᠮᠠᠭᠠᠳᠯᠠᠨ | ᠲᠣᠭᠲᠠᠭᠠᠭᠰᠠᠨ ᠡᠳᠦᠷ ᠠᠴᠠ ᠨᠢ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ᠂ ᠶᠠᠭ ᠠᠵᠢᠯ ᠣᠯᠭᠤᠯᠲᠠ | ᠦᠭᠡᠢ ᠭᠡᠷ ᠪᠦᠯᠢ ᠶᠢᠨ ᠪᠦᠷᠢᠯᠳᠦᠬᠦᠨ ᠳᠤ ᠶᠠᠳᠠᠬᠤ ᠳᠠᠭᠠᠨ ᠨᠢᠭᠡ ᠬᠥᠮᠦᠨ ᠳᠤ ᠨᠢ ᠠᠵᠢᠯ ᠣᠯᠭᠤᠪᠠ᠃ ᠡᠭᠦᠨ ᠤ | ᠬᠠᠮᠲᠤ᠂ ᠮᠠᠭᠠᠳᠯᠠᠨ ᠲᠣᠭᠲᠠᠭᠠᠯᠭᠠᠭᠰᠠᠨ ︽ᠶᠠᠭ ᠠᠵᠢᠯ ᠣᠯᠭᠤᠯᠲᠠ ᠦᠭᠡᠢ ᠭᠡᠷ ᠪᠦᠯᠢ︾ ᠶᠢᠨ | ᠪᠦᠷᠢᠯᠳᠦᠬᠦᠨ ᠳᠤ ᠥᠪᠡᠷᠮᠢᠴᠡ ᠠᠵᠢᠯ ᠣᠯᠭᠤᠬᠤ ᠲᠤᠰᠠᠯᠠᠮᠵᠢ ᠶᠢᠨ ᠲᠥᠰᠦᠯ ᠢ ᠲᠣᠭᠲᠠᠭᠠᠵᠤ᠂ ︽ᠨᠢᠭᠡ | ᠬᠥᠮᠦᠨ ᠳᠤ ᠨᠢᠭᠡ ᠪᠣᠳᠣᠯᠭ᠎ᠠ︾ ᠶᠢ ᠬᠡᠷᠡᠭᠵᠢᠭᠦᠯᠦᠨ ᠭᠤᠣᠯᠳᠠᠯᠭ᠎ᠠ ᠲᠠᠢ ᠬᠠᠪᠰᠤᠷᠤᠨ ᠳᠡᠳᠬᠦᠪᠡ᠃ 2018 | ᠣᠨ ᠤ 1-7 ᠳ᠋ᠤᠭᠠᠷ ᠰᠠᠷ᠎ᠠ ᠳᠤ᠂ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠯᠭᠠᠭᠰᠠᠨ ᠶᠠᠭ ᠠᠵᠢᠯ | ᠣᠯᠭᠤᠯᠲᠠ ᠦᠭᠡᠢ191 ᠭᠡᠷ ᠪᠦᠯᠢ ᠶᠢᠨ 199 ᠬᠥᠮᠦᠨ ᠢ ᠬᠠᠪᠰᠤᠷᠣᠨ ᠠᠵᠢᠯ ᠣᠯᠭᠤᠵᠤ᠂ ᠬᠥᠳᠡᠯᠦᠩᠭᠦᠶ ᠪᠠᠷ | ᠠᠵᠢᠯ ᠣᠯᠭᠤᠬᠤ ᠪᠠᠶᠢᠳᠠᠯ ᠢ ᠥᠷᠭᠦᠯᠵᠢᠯᠡᠨ ᠪᠠᠲᠤᠯᠠᠵᠤ ᠪᠣᠢ᠃ | | |