ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯᠴᠢᠳ ᠤᠨ ᠦᠨᠡᠨ ᠨᠡᠷ᠎ᠡ ᠶᠢᠨ ᠲᠦᠷᠢᠮ ᠪᠠ ᠴᠠᠯᠢᠩ ᠥᠭᠬᠦ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠬᠦ ᠰᠣᠨᠢᠨ ᠮᠡᠳᠡᠭᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2018/9/5
     9 ᠳ᠋ᠦ᠋ᠭᠡᠷ ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯᠴᠢᠳ ᠤᠨ ᠦᠨᠡᠨ ᠨᠡᠷ᠎ᠡ ᠶᠢᠨ ᠲᠦᠷᠢᠮ ᠪᠠ ᠴᠠᠯᠢᠩ ᠥᠭᠬᠦ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠬᠦ ᠰᠣᠨᠢᠨ ᠮᠡᠳᠡᠭᠡ ᠶᠢᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᡁᠢ ᠮᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠰᠢᠶᠤᠤ ᠳ᠋ᠦᠩ ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠲᠤᠯᠠᠭ᠎ᠠ ᠶᠢᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠪᠦᠦ ᠰᠢᠶᠦ᠋ᠨ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠬᠥᠳᠡᠯᠮᠦᠷᠢ ᠦᠢᠯᠡᠴᠢᠯᠡᠭᠡ ᠶᠢᠨ ᠬᠠᠮᠢᠶᠠᠷᠤᠯᠲᠠ ᠪᠠ ᠦᠢᠯᠡᠴᠢᠯᠡᠭᠡ ᠶᠢᠨ ᠲᠥᠪ ᠤᠨ ᠡᠷᠬᠢᠯᠡᠭᠴᠢ ᠱᠢ ᠹᠠᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号