ᠥᠪᠥᠷ ᠮᠣᠩᠭᠤᠯ ︽ᠲᠠᠯᠪᠢᠬᠤ ᠬᠠᠮᠢᠶᠠᠷᠬᠤ ᠦᠢᠯᠡᠴᠢᠯᠡᠬᠦ︾᠎ ᠶᠢ ᠭᠦᠨᠵᠡᠭᠡᠶᠢᠷᠡᠭᠦᠯᠦᠨ ᠵᠠᠰᠠᠭ ᠤᠨ ᠣᠷᠳᠣᠨ ᠤ  ᠦᠢᠯᠡᠴᠢᠯᠡᠭᠡ ᠶᠢ ᠰᠢᠯᠢᠳᠡᠭᠵᠢᠭᠦᠯᠵᠦ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾᠎ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2018/9/5
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠦᠨᠦᠬᠡᠨ ︽︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠦᠬᠦᠮ ᠦᠵᠡᠭᠦᠯᠬᠦ ᠪᠣᠯᠭᠠᠬᠤ ᠲᠣᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ  ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾᠎ ᠳᠤ ᠱᠠᠭᠠᠷᠳᠠᠭᠰᠠᠨ ᠨᠢ᠂ ᠥᠪᠥᠷ ᠮᠣᠩᠭᠤᠯ ᠤᠨ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠳ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠲᠤᠰᠬᠠᠶ ᠮᠡᠷᠭᠡᠵᠢᠯ ᠤᠨ ᠬᠢᠷᠢ ᠬᠡᠮ᠂  ᠬᠤᠳᠠᠯᠳᠤᠭᠠᠨ ᠤ ᠵᠦᠢᠯᠡᠰ ᠤᠨ ᠳᠦᠷᠢᠮ ᠵᠢᠴᠢ ᠰᠦᠢᠳᠬᠡᠯ ᠬᠤᠷᠢᠶᠠᠯᠲᠠ ᠶᠢ ᠴᠡᠭᠴᠡᠯᠡᠨ ᠢᠯᠭᠠᠷᠠᠭᠤᠯᠬᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠵᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠬᠤᠯᠪᠣᠭᠳᠠᠬᠤ ᠬᠠᠮᠢᠶ᠎ᠠ ᠪᠥᠬᠦᠶ ᠥᠭᠡᠷᠡᠴᠢᠯᠡᠯᠲᠡ ᠶᠢ ᠡᠷᠬᠡᠪᠰᠢ ᠡᠷᠬᠡ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠯᠤᠭ᠎ᠠ ᠨᠢᠭᠡᠳᠦᠯᠲᠡᠢ ᠪᠠᠶᠢᠯᠭᠠᠬᠤ ᠬᠡᠷᠡᠭᠲᠡᠢ ᠭᠡᠵᠡᠢ᠃      ᠥᠪᠥᠷ ᠮᠣᠩᠭᠤᠯ ᠪᠠᠰᠠ ᠵᠠᠰᠠᠭ ᠤᠨ ᠣᠷᠳᠣᠨ ᠤ ᠦᠢᠯᠡᠴᠢᠯᠡᠭᠡ ᠶᠢ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾᠎ ᠶᠢ ᠲᠦᠷᠭᠡᠨ ᠠᠬᠢᠭᠤᠯᠬᠤ ᠪᠣᠯᠣᠨ᠎ᠠ  ᠃ ︽ᠢᠨᠲ᠋ᠧᠷ ᠰᠦᠯᠵᠢᠶ᠎ᠡ +ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠭᠦᠨᠵᠡᠭᠡᠶᠢᠷᠡᠭᠦᠯᠦᠨ᠂ ᠰᠦᠯᠵᠢᠶᠡᠨ ᠳᠡᠭᠡᠷ᠎ᠡ ᠨᠢᠭᠡ ᠴᠣᠭᠴᠠᠵᠢᠭᠤᠯᠤᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠭᠤᠰᠤᠯᠴᠠᠭᠤᠯᠤᠨ ᠵᠤᠯᠭᠠᠯᠳᠤᠭᠤᠯᠵᠤ᠂ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠶᠢᠨ ᠶᠡᠭᠡ ᠲᠠᠩᠬᠢᠮ ᠪᠠ ᠰᠦᠯᠵᠢᠶᠡᠨ ᠳᠡᠭᠡᠷ᠎ᠡ ᠦᠢᠯᠡᠴᠢᠯᠡᠬᠦ ᠲᠠᠪᠴᠠᠩ ᠎ ᠳᠤ ᠨᠢᠭᠡ ᠴᠣᠭᠴᠠᠵᠢᠭᠤᠯᠤᠨ ᠦᠢᠯᠡᠴᠢᠯᠡᠬᠦ ᠠᠵᠢᠯ ᠢ ᠲᠦᠯᠬᠢᠨ ᠠᠬᠢᠭᠤᠯᠤᠨ᠎ᠠ᠃ 2019 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠨᠡᠶᠢᠲᠡᠯᠡᠭᠰᠡᠨ ᠡᠷᠬᠡ ᠬᠠᠷᠢᠭᠤᠴᠠᠯᠭ᠎ᠠ ᠶᠢᠨ  ᠨᠠᠷᠢᠨ ᠳᠠᠩᠰᠠ ᠶᠢᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 90%᠎ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ 70%᠎ ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠡᠩ ᠤᠨ ᠤᠴᠢᠷ ᠶᠠᠪᠤᠳᠠᠯ ᠢ ᠴᠦᠮ ᠰᠦᠯᠵᠢᠶᠡᠨ ᠳᠡᠭᠡᠷ᠎ᠡ ᠭᠦᠢᠴᠡᠳᠬᠡᠬᠦ ᠶᠢ ᠴᠢᠷᠮᠠᠶᠢᠨ ᠪᠡᠶᠡᠯᠡᠭᠦᠯᠬᠦ ᠪᠠᠷ ᠪᠠᠶᠢᠨ᠎ᠠ᠃      ︽ᠬᠡᠷᠡᠭᠵᠢᠭᠦᠯᠬᠦ ᠰᠠᠨᠠᠯ︾᠎ ᠳᠤ ᠪᠠᠰᠠ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠶᠠᠪᠤᠭᠤᠯᠬᠤ ᠡᠯ᠎ᠡ ᠵᠦᠢᠯ ᠤᠨ ᠪᠠᠶᠢᠴᠠᠭᠠᠯᠲᠠ ᠶᠢᠨ ᠵᠦᠢᠯᠡᠰ ᠪᠦᠬᠦᠨ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠬᠡᠨ ᠠᠬᠢᠭᠤᠯᠵᠤ᠂ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠦᠢᠯᠡᠴᠢᠯᠡᠭᠡ᠂ ᠬᠢᠨᠠᠨ ᠬᠠᠮᠢᠶᠠᠷᠬᠤ ᠲᠣᠷᠭᠠᠨ ᠰᠢᠳᠬᠡᠬᠦ ᠵᠡᠷᠭᠡ ᠠᠵᠢᠯ ᠯᠤᠭ᠎ᠠ ᠪᠦᠲᠦᠮᠵᠢᠲᠡᠶ  ᠵᠤᠯᠭᠠᠭᠤᠯᠵᠤ᠂ ︽ᠨᠢᠭᠡ ᠲᠠᠪᠴᠠᠩ ᠪᠠᠷ ᠢᠲᠡᠭᠡᠮᠵᠢ ᠶᠢ ᠬᠠᠮᠢᠶᠠᠷᠬᠤ︾᠎ ᠶᠢ ᠪᠡᠶᠡᠯᠡᠭᠦᠯᠦᠨ᠎ᠡ ᠭᠡᠵᠦ ᠳᠤᠷᠠᠳᠴᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号