ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ | ᠪᠠᠶᠢᠴᠠᠭᠠᠬᠤ︾ ᠬᠤᠭᠤᠴᠠᠭᠠᠨ ᠳᠤ᠂ ᠪᠦᠬᠦ ᠣᠷᠣᠨ ᠤ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠯᠠᠭ᠎ᠠ ᠮᠥᠴᠢᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠬᠠᠤᠯᠢ ᠵᠥᠷᠢᠴᠡᠭᠰᠡᠨ | ᠬᠠᠯᠠᠭᠤᠨ ᠴᠡᠭ ᠤᠨ ᠠᠰᠠᠭᠤᠳᠠᠯ᠂ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠬᠠᠤᠯᠢ ᠲᠣᠭᠲᠠᠭᠠᠯ ᠢ | ᠵᠢᠷᠤᠮᠯᠠᠬᠤ ᠶᠢ ᠪᠠᠷᠢᠮᠲᠠᠯᠠᠵᠤ᠂ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠠᠷᠢᠨ ᠬᠡᠷᠡᠭᠵᠢᠭᠦᠯᠵᠦ ᠪᠠᠷᠢᠨ ᠵᠠᠯᠠᠷᠠᠭᠤᠯᠵᠤ᠂ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠬᠠᠯᠠᠵᠤ | ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠵᠤ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠵᠦ | ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠢᠯᠡ ᠪᠣᠯᠭᠠᠵᠤ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ᠂ | ᠶᠠᠪᠤᠳᠠᠯ ᠪᠣᠯᠭᠠᠨ ᠳᠤ ᠬᠠᠷᠢᠭᠤ ᠲᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠣᠷᠴᠢᠨ | ᠲᠣᠭᠤᠷᠢᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠪᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ | ᠪᠠᠶᠢᠴᠠᠭᠠᠬᠤ︾ ᠬᠤᠭᠤᠴᠠᠭᠠᠨ ᠳᠤ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠣᠷᠴᠢᠨ ᠲᠣᠭᠤᠷᠢᠨ ᠤ | ᠠᠰᠠᠭᠤᠳᠠᠯ ᠢ ᠨᠡᠶᠢᠲᠡ 33 ᠪᠦᠯᠦᠭ 2574 ᠬᠡᠷᠡᠭ ᠢ ᠰᠢᠢᠳᠪᠦᠷᠢᠯᠡᠵᠦ᠂ ᠬᠠᠤᠯᠢ ᠲᠣᠭᠲᠠᠭᠠᠯ ᠢ ᠵᠥᠷᠢᠴᠡᠭᠰᠡᠨ | 181 ᠠᠵᠤ ᠠᠬᠤᠶᠢᠯᠠᠯ ᠤᠨ ᠡᠭᠦᠳᠡ ᠶᠢ ᠨᠢ ᠬᠠᠭᠠᠯᠭᠠᠵᠤ᠂ 274 ᠡᠷᠦᠬᠡ ᠶᠢᠨ ᠦᠢᠯᠡᠳᠪᠦᠷᠢᠯᠡᠬᠦ ᠶᠢ ᠨᠢ | ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ 1538 ᠡᠷᠦᠬᠡ ᠶᠢ ᠵᠠᠷᠯᠢᠭᠳᠠᠨ ᠵᠠᠯᠠᠷᠠᠭᠤᠯᠪᠠ︔ 337 | ᠠᠰᠠᠭᠤᠳᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ 3794 ᠲᠥᠭᠦᠷᠢᠭ ᠢᠶᠠᠷ ᠲᠣᠷᠭᠠᠪᠡ︔ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ 99 ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ ᠮᠥᠷᠳᠡᠨ | ᠪᠠᠶᠢᠴᠠᠭᠠᠪᠠ᠂ 22 ᠬᠥᠮᠦᠨ ᠳᠤ ᠡᠷᠡᠭᠦᠦ ᠶᠢᠨ ᠬᠡᠷᠡᠭ ᠤᠨ ᠪᠠ ᠵᠠᠰᠠᠭ ᠵᠠᠬᠢᠷᠭᠠᠨ ᠢᠶᠠᠷ ᠲᠦᠷ ᠬᠤᠷᠢᠬᠤ ᠰᠢᠢᠳᠬᠡᠯ | ᠣᠯᠭᠤᠪᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠰᠠᠶᠢᠨ ᠭᠦᠢᠴᠡᠳᠬᠡᠭᠰᠡᠨ ᠦᠭᠡᠢ 654 ᠬᠥᠮᠥᠨ ᠲᠠᠢ ᠬᠠᠤᠯᠢ | ᠲᠣᠭᠲᠠᠭᠠᠯ ᠶᠣᠰᠣᠭᠠᠷ ᠶᠠᠷᠢᠯᠴᠠᠭᠰᠠᠨ ᠪᠠ ᠬᠠᠷᠢᠭᠤᠴᠠᠯᠭ᠎ᠠ ᠲᠤᠯᠭᠠᠪᠠ᠃ | |