9 ᠳ᠋ᠦ᠋ᠭᠡᠷ ᠰᠠᠷ᠎ᠠ ᠶᠢᠨ 4 ᠤ ᠡᠳᠦᠷ ᠠᠴᠠ 8 ᠤ ᠡᠳᠦᠷ ᠪᠤᠯᠲᠠᠯ᠎ᠠ᠂ ︽ᠳᠤᠮᠳᠠᠳᠤ ᠤᠯᠤᠰ ᠢ ᠣᠶᠢᠯᠠᠭᠠᠬᠤ︾ | — ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠭᠠᠷᠠᠭ ᠤᠯᠠᠭᠠᠨᠪᠠᠭᠠᠲᠤᠷ ᠲᠤ | ᠶᠠᠪᠤᠭᠳᠠᠬᠤ ᠪᠤᠯᠤᠨ᠎ᠠ᠂ ᠡᠨᠡ ᠬᠤᠭᠤᠴᠠᠭᠠᠨ ᠤ ᠰᠣᠶᠣᠯ ᠤᠨ ᠭᠠᠷᠠᠭ ᠨᠢ ᠬᠦᠷᠢᠶ᠎ᠡ ᠬᠡᠪᠴᠢᠶ᠎ᠡ᠂ ᠠᠭᠤᠯᠭ᠎ᠠ᠂ | ᠲᠦᠷᠦᠯ ᠵᠦᠢᠯ ᠵᠡᠷᠭᠡ ᠲᠠᠯ᠎ᠠ ᠪᠠᠷ ᠦᠩᠭᠡᠷᠡᠭᠰᠡᠨ ᠵᠢᠯ ᠤᠳ ᠤᠨ ᠬᠢ ᠠᠴᠠ ᠬᠠᠮᠤᠭ ᠶᠡᠭᠡ ᠪᠤᠯᠵᠠᠢ᠃ | ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠬᠤᠶᠠᠷ ᠤᠯᠤᠰ ᠤᠨ | ᠠᠷᠠᠳ ᠲᠦᠮᠡᠨ ᠥᠨᠢ ᠤᠳᠠᠭᠠᠨ ᠨᠥᠬᠦᠷᠯᠡᠯ ᠤᠨ ᠲᠡᠦᠬᠡ ᠲᠠᠢ ᠶᠤᠮ᠃ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠳᠤᠮᠳᠠᠳᠤ ᠮᠣᠩᠭᠤᠯ ᠤᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠶᠢ ᠳᠠᠭᠠᠯᠳᠤᠨ᠂ ᠳᠤᠮᠳᠠᠳᠤ ᠮᠣᠩᠭᠤᠯ ᠬᠤᠶᠠᠷ | ᠤᠯᠤᠰ ᠬᠠᠷᠢᠯᠴᠠᠨ ᠰᠣᠶᠣᠯ ᠤᠨ ᠭᠠᠷᠠᠭ ᠡᠷᠬᠢᠯᠡᠬᠦ ᠨᠢ ᠬᠤᠶᠠᠷ ᠤᠯᠤᠰ ᠤᠨ ᠨᠡᠩ ᠭᠦᠨ ᠳᠠᠪᠬᠤᠷᠭ᠎ᠠ᠂ ᠨᠡᠩ | ᠥᠷᠭᠡᠨ ᠬᠦᠷᠢᠶ᠎ᠡ ᠬᠡᠪᠴᠢᠶᠡᠨ ᠳᠠᠬᠢ ᠰᠣᠶᠣᠯ ᠤᠨ ᠰᠤᠯᠢᠯᠴᠠᠭ᠎ᠠ ᠶᠢ ᠠᠬᠢᠭᠤᠯᠬᠤ ᠴᠢᠬᠤᠯᠠ ᠠᠷᠭ᠎ᠠ ᠵᠠᠮ ᠤᠨ ᠨᠢᠭᠡ | ᠨᠢ ᠪᠤᠯᠵᠠᠢ᠃ | ᠳᠤᠮᠳᠠᠳᠤ ᠮᠣᠩᠭᠤᠯ ᠬᠤᠶᠠᠷ ᠤᠯᠤᠰ ᠬᠠᠷᠢᠯᠴᠠᠨ ᠰᠣᠶᠣᠯ ᠤᠨ ᠭᠠᠷᠠᠭ ᠡᠷᠬᠢᠯᠡᠬᠦ ᠶᠠᠪᠤᠳᠠᠯ ᠨᠢ | 2009 ᠠᠴᠠ ᠡᠬᠢᠯᠡᠵᠦ᠂ 10 ᠵᠢᠯ ᠤᠨ ᠬᠤᠭᠤᠴᠠᠭᠠᠨ ᠳᠤ ᠬᠤᠶᠠᠷ ᠤᠯᠤᠰ ᠤᠨ ᠰᠣᠶᠣᠯ ᠬᠠᠮᠲᠤ ᠪᠠᠷ ᠴᠡᠴᠡᠭᠯᠡᠨ | ᠬᠦᠭᠵᠢᠵᠦ᠂ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠲᠠᠰᠤᠷᠠᠯᠲᠠ ᠦᠭᠡᠢ | ᠭᠦᠨᠵᠡᠭᠡᠶᠢᠷᠡᠪᠡ᠃ ᠡᠨᠡ ᠬᠦ ᠬᠤᠭᠤᠴᠠᠭᠠᠨ ᠳᠤ᠂ ᠮᠠᠨ ᠤ ᠣᠷᠣᠨ ᠰᠣᠶᠣᠯ ᠢ ᠭᠠᠳᠠᠭᠰᠢ ᠭᠠᠷᠭᠠᠬᠤ ᠪᠠᠶᠢᠯᠳᠤᠬᠤ | ᠪᠤᠳᠤᠯᠭ᠎ᠠ ᠶᠢ ᠢᠳᠡᠪᠬᠢᠲᠡᠶ ᠲᠦᠯᠬᠢᠨ ᠠᠬᠢᠭᠤᠯᠵᠤ᠂ ᠵᠢᠯ ᠪᠦᠷᠢ ᠶᠢᠨ ᠰᠣᠶᠣᠯ ᠤᠨ ᠭᠠᠷᠠᠭ ᠤᠨ ᠠᠵᠢᠯᠯᠠᠭ᠎ᠠ ᠳᠤ | ᠪᠦᠷ ᠬᠢᠯᠠᠰ ᠴᠡᠭ ᠣᠯᠠᠨ ᠢᠯᠡᠷᠡᠵᠦ᠂ ᠲᠠᠯ᠎ᠠ ᠨᠤᠲᠤᠭ ᠤᠨ ᠰᠤᠶᠤᠯ ᠢ ᠮᠣᠩᠭᠤᠯ ᠤᠯᠤᠰ ᠲᠤ ᠶᠡᠭᠡ ᠪᠠᠷ | ᠮᠢᠷᠠᠯᠵᠠᠭᠤᠯᠤᠭᠰᠠᠨ ᠪᠠᠶᠢᠨ᠎ᠠ᠃ | ᠰᠤᠶᠤᠯ ᠢ ᠭᠠᠳᠠᠭᠰᠢ ᠭᠠᠷᠭᠠᠬᠤ᠂ ᠤᠷᠢᠨ ᠤᠷᠤᠭᠤᠯᠬᠤ ᠠᠵᠢᠯᠯᠠᠭ᠎ᠠ ᠨᠢ ᠥᠪᠥᠷ ᠮᠣᠩᠭᠤᠯ ᠪᠣᠯᠤᠨ | ᠮᠣᠩᠭᠤᠯ ᠤᠯᠤᠰ ᠰᠣᠶᠣᠯ ᠤᠨ ᠰᠤᠯᠢᠯᠴᠠᠭ᠎ᠠ ᠪᠠᠷ ᠳᠠᠮᠵᠢᠭᠤᠯᠤᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ | ᠦᠷ᠎ᠡ ᠶᠢ ᠠᠷᠠᠳ ᠲᠦᠮᠡᠨ ᠤ ᠰᠡᠳᠬᠢᠯ ᠵᠢᠷᠦᠬᠡᠨ ᠳᠤ ᠰᠠᠴᠤᠵᠤ᠂ ᠠᠭᠤᠰᠤᠯᠴᠠᠨ ᠬᠠᠷᠢᠯᠴᠠᠨ ᠲᠤᠯᠢᠳᠠᠬᠤ | ᠠᠷᠠᠳ ᠤᠨ ᠰᠡᠳᠬᠢᠯ ᠤᠨ ᠬᠥᠭᠦᠷᠭᠡ ᠲᠠᠯᠪᠢᠭᠰᠠᠨ ᠢᠶᠠᠷ᠂ ᠬᠤᠶᠠᠷ ᠤᠯᠤᠰ ᠤᠨ ᠠᠷᠠᠳ ᠲᠦᠮᠡᠨ ᠤ ᠰᠣᠶᠣᠯ ᠤᠨ | ᠰᠣᠯᠢᠯᠴᠠᠭ᠎ᠠ ᠳᠤᠮᠳᠠ ᠪᠠᠷᠢᠯᠳᠤᠭᠰᠠᠨ ᠭᠦᠨ ᠵᠤᠵᠠᠭᠠᠨ ᠨᠥᠬᠦᠷᠯᠡᠯ ᠨᠢ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠪᠤᠯᠤᠨ᠎ᠠ᠃ |