ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠬᠤ ᠭᠤᠤᠯ ᠲᠤᠭᠤᠶᠢᠯᠠᠩ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠵᠠᠢ  ᠪᠦ᠋ ᠰᠢᠶᠤᠤ ᠯᠢᠨ ᠡᠷᠬᠢᠯᠡᠪᠡ
ᠨᠡᠶᠢᠲᠡᠯᠡᠭᠰᠡᠨ ᠴᠠᠭ᠄
2018/9/7
     9 ᠳ᠋ᠦ᠋ᠭᠡᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠎ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠰᠤᠷᠤᠯᠴᠠᠬᠤ ᠭᠤᠤᠯ ᠲᠤᠭᠤᠶᠢᠯᠠᠩ ᠤᠨ 2018 ᠣᠨ ᠤ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ︵ᠦᠷᠭᠡᠳᠭᠡᠭᠰᠡᠨ︶ ᠬᠤᠷᠠᠯ ᠬᠢᠵᠤ᠂ ᠦᠨᠳᠦᠰᠦᠨ ᠬᠠᠤᠯᠢ ᠪᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠎ ᠤᠨ ᠲᠦᠪ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠤᠯᠠᠮ ᠴᠢᠨᠠᠬᠰᠢᠳᠠ ᠰᠠᠶᠢᠳᠤᠷ ᠰᠤᠷᠤᠯᠴᠠᠨ ᠰᠠᠶᠢᠳᠤᠷ ᠲᠤᠭᠤᠰᠢᠯᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠬᠤ ᠳᠤ ᠡᠩ ᠲᠡᠷᠢᠭᠦᠨ ᠳᠤ ᠦᠨᠳᠦᠰᠤᠨ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠳᠠᠯᠠᠵᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ᠡᠷᠬᠡᠪᠰᠢ ︽ᠲᠦᠷᠪᠡᠨ ᠤᠬᠠᠮᠰᠠᠷ︾᠎ ᠢᠶᠠᠨ ᠴᠢᠩᠭᠠᠷᠠᠭᠤᠯᠵᠤ᠂ ᠦᠨᠳᠦᠰᠦᠨ ᠬᠠᠤᠯᠢ ᠡᠷᠬᠢᠮ ᠲᠡᠭᠡᠳᠦ ᠬᠡᠭᠦ ᠣᠨᠣᠯᠵᠢᠬᠤᠨ ᠢ ᠪᠠᠳᠤ ᠪᠤᠢ ᠪᠤᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠵᠤ᠂ ᠲᠦᠷᠦᠭᠦᠯᠡᠨ ᠦᠨᠳᠦᠰᠦᠨ ᠬᠠᠤᠯᠢ ᠶᠢ ᠰᠤᠷᠤᠯᠴᠠᠨ ᠬᠦᠨᠳᠦᠳᠭᠡᠵᠤ᠂ ᠦᠨᠳᠦᠰᠦᠨ ᠬᠠᠤᠯᠢ ᠶᠢᠨ ᠨᠡᠷ᠎ᠠ ᠬᠦᠨᠳᠦ ᠪᠤᠯᠤᠨ ᠡᠷᠭᠡ ᠰᠦᠷ ᠢ ᠡᠷᠡᠰ ᠬᠠᠮᠠᠭᠠᠯᠠᠵᠤ᠂ ᠦᠨᠳᠦᠰᠦᠨ ᠬᠠᠤᠯᠢ ᠶᠢᠨ ᠪᠦᠬᠦ ᠲᠠᠯ᠎ᠠ ᠪᠠᠷ ᠲᠤᠭᠤᠰᠢᠯᠠᠭᠤᠯᠤᠬᠳᠠᠨ ᠬᠡᠷᠡᠭᠵᠢᠭᠦᠯᠦᠭᠳᠡᠭᠦ ᠶᠢ ᠪᠠᠳᠤᠯᠠᠬᠤ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠪᠤᠯ ᠵᠠᠰᠠᠭ ᠤᠨ ᠤᠷᠳᠤᠨ ᠤ ᠡᠷᠬᠡ ᠮᠡᠳᠡᠯ ᠢᠶᠠᠨ ᠬᠡᠷᠡᠭᠵᠢᠭᠦᠯᠭᠦ ᠦᠨᠳᠦᠰᠦᠨ ᠪᠠᠷᠢᠮᠵᠢᠶ᠎ᠠ ᠪᠤᠯᠬᠤ ᠪᠦᠭᠡᠳ ᠮᠦᠨ ᠴᠤ ᠨᠠᠭᠠᠳᠦ ᠵᠠᠬ᠎ᠠ ᠶᠢᠨ ᠱᠠᠭᠠᠷᠳᠠᠯᠭ᠎ᠠ ᠪᠤᠯᠤᠨ᠎ᠠ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠭᠦᠯᠭᠦ ᠬᠦᠳᠦᠯᠪᠤᠷᠢ︾᠎ ᠠᠴᠠ ᠲᠤᠬᠳᠠᠭᠠᠬᠰᠠᠨ ᠡᠯ᠎ᠠ ᠵᠦᠢᠯ ᠤᠨ ᠡᠭᠦᠷᠭᠡ ᠶᠢ ᠡᠷᠡᠰ ᠭᠤᠶᠢᠪᠢᠰᠢ ᠦᠭᠡᠢ ᠨᠡᠶᠢᠳᠡᠪᠦᠷᠢᠵᠢᠭᠤᠯᠵᠤ᠂ ᠵᠠᠰᠠᠭ ᠤᠨ ᠤᠷᠳᠤᠨ ᠤ ᠠᠯᠢᠪᠠ ᠠᠵᠢᠯ ᠢ ᠦᠨᠡᠨ ᠬᠦ ᠬᠠᠤᠯᠢᠵᠢᠯ ᠤᠨ ᠵᠠᠮ ᠳᠤ ᠤᠷᠤᠭᠤᠯᠬᠤ ᠬᠡᠷᠡᠭᠳᠡᠢ᠃ ᠭᠤᠤᠯ ᠬᠠᠷᠢᠭᠤᠴᠠᠯᠭᠠᠳᠠᠨ ᠨᠦᠬᠦᠳ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠨᠢᠭᠡᠳᠤᠭᠡᠷ ᠬᠠᠷᠢᠭᠤᠴᠠᠯᠭᠠᠳᠠᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠲᠤᠬᠠᠢ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠳᠡᠢ᠃ ᠵᠠᠰᠠᠭ ᠤᠨ ᠤᠷᠳᠤᠨ ᠤ ᠰᠢᠰᠲ᠋ᠧᠮ ᠤᠨ ᠠᠵᠢᠯᠳᠠᠳ ᠤᠨ ᠬᠠᠤᠯᠢᠵᠢᠯ ᠤᠨ ᠰᠡᠳᠬᠢᠭᠦᠢ ᠪᠤᠯᠤᠨ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠠᠰᠢᠬᠯᠠᠨ ᠠᠵᠢᠯ ᠦᠷᠨᠢᠭᠦᠯᠭᠦ ᠴᠢᠳᠠᠪᠤᠷᠢ ᠶᠢ ᠨᠢ ᠲᠡᠭᠡᠭᠰᠢᠯᠡᠭᠦᠯᠵᠤ᠂ ᠠᠷᠠᠳ ᠲᠦᠮᠡᠨ ᠳᠤ ᠲᠠᠭᠠᠰᠢᠶᠠᠬᠳᠠᠬᠰᠠᠨ ᠬᠠᠤᠯᠢᠵᠢᠯ ᠤᠨ ᠵᠠᠰᠠᠭ ᠤᠨ ᠤᠷᠳᠤᠨ ᠢ ᠲᠦᠷᠭᠡᠳᠭᠡᠨ ᠪᠠᠶᠢᠭᠤᠯᠬᠤ ᠬᠡᠷᠡᠭᠳᠡᠢ ᠬᠡᠵᠠᠢ᠃      ᠰᠤᠷᠤᠯᠴᠠᠯᠭ᠎ᠠ ᠶᠢᠨ ᠬᠤᠷᠠᠯ ᠲᠡᠭᠡᠷ᠎ᠠ᠂ ᠲᠦᠪ ᠤᠨ ᠨᠠᠮ ᠤᠨ ᠰᠤᠷᠭᠠᠭᠤᠯᠢ ᠶᠢᠨ ᠵᠠᠩ ᠾᠧᠩ ᠱᠠᠨ ᠫᠷᠣᠹᠧᠰᠰᠣᠷ ᠤᠷᠢᠯᠭ᠎ᠠ ᠪᠠᠷ ᠲᠤᠰᠬᠠᠢ ᠰᠡᠳᠦᠪᠳᠤ ᠬᠠᠪᠰᠤᠷᠤᠨ ᠵᠢᠯᠤᠭᠤᠳᠬᠤ ᠲᠠᠶᠢᠯᠤᠮᠵᠢ ᠬᠢᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠲᠡᠳ᠋ ᠭᠠᠵᠠᠷ ᠤᠨ ᠲᠡᠰ ᠠᠴᠠ ᠲᠡᠭᠡᠭᠰᠢᠬᠢ ᠺᠠᠳ᠋ᠷᠴᠤᠳ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠦᠷᠢᠯᠳᠦᠭᠦᠨ ᠰᠠᠯᠠᠭ᠎ᠠ ᠮᠦᠴᠢᠷ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠶᠡᠭᠡ ᠲᠡᠭᠡᠳᠦ ᠰᠤᠷᠭᠠᠭᠤᠯᠢ ᠶᠢᠨ ᠬᠠᠷᠢᠭᠤᠴᠠᠯᠭᠠᠳᠠᠨ ᠨᠦᠬᠦᠳ ᠬᠠᠮᠳᠤ ᠶᠢᠨ ᠰᠤᠷᠤᠯᠴᠠᠯᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号