ᠮᠠᠨ ᠤ ᠣᠷᠣᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠮᠳᠠ᠂ ᠶᠠᠳᠠᠭᠤ ᠬᠦᠴᠢᠷᠳᠡᠯ ᠲᠠᠢ | ᠭᠡᠷ ᠪᠦᠯᠢ ᠶᠢᠨ ᠰᠤᠷᠤᠭᠴᠢᠳ ᠤᠨ ᠰᠤᠷᠤᠯᠭ᠎ᠠ ᠪᠠᠨ ᠲᠡᠭᠦᠰᠬᠡᠬᠦ ᠶᠢ ᠨᠢ ᠪᠠᠲᠤᠯᠠᠬᠤ ᠶᠢᠨ ᠲᠥᠯᠥᠭᠡ ᠮᠠᠰᠢ ᠤᠯᠠᠨ | ᠴᠢᠷᠮᠠᠶᠢᠯᠭ᠎ᠠ ᠭᠠᠷᠭᠠᠵᠤ᠂ ᠮᠠᠰᠢ ᠶᠡᠭᠡ ᠠᠮᠵᠢᠯᠲᠠ ᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠪᠥᠬᠦ ᠣᠷᠣᠨ ᠡᠯ᠎ᠡ ᠱᠠᠲᠤᠨ ᠤ ᠡᠯ᠎ᠡ ᠲᠥᠷᠥᠯ ᠤᠨ ᠰᠣᠷᠣᠭᠴᠢ ᠳᠤ ᠨᠡᠶᠢᠲᠡ 364.7 ᠳ᠋ᠦᠩᠰᠢᠭᠤᠷ | ᠲᠦᠬᠦᠷᠢᠭ ᠤᠨ ᠲᠤᠰᠠᠯᠠᠮᠵᠢ ᠶᠢᠨ ᠮᠥᠩᠭᠦ ᠶᠢ ᠨᠠᠶᠢᠳᠠᠪᠤᠷᠢᠵᠢᠭᠤᠯᠵᠤ᠂ ᠲᠡᠳᠬᠦᠨ ᠲᠤᠰᠠᠯᠠᠭᠰᠠᠨ ᠰᠤᠷᠤᠭᠴᠢ ᠨᠢ | 3397.7 ᠲᠦᠮᠡᠨ ᠬᠥᠮᠦᠨ ᠤᠳᠠᠭ᠎ᠠ ᠳᠤ ᠬᠦᠷᠴᠦ᠂ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ | ᠰᠤᠷᠤᠯᠭ᠎ᠠ ᠪᠠᠨ ᠲᠡᠭᠦᠰᠬᠡᠬᠦ ᠶᠢ ᠨᠢ ᠣᠨᠣᠪᠴᠢᠲᠠᠢ ᠪᠠᠷ ᠪᠠᠲᠤᠯᠠᠪᠠ ᠃ | ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ︽ᠨᠢᠭᠡ ᠰᠤᠷᠤᠭᠴᠢ ᠶᠢ ᠴᠤ ᠭᠡᠰᠡᠨ | ᠭᠡᠷ ᠤᠨ ᠠᠮᠢᠳᠤᠷᠠᠯ ᠨᠢ ᠬᠦᠴᠢᠷᠳᠡᠯ ᠲᠠᠢ ᠠᠴᠠ ᠪᠤᠯᠵᠤ ᠰᠤᠷᠤᠯᠭ᠎ᠠ ᠠᠯᠳᠠᠭᠤᠯᠬᠤ ᠦᠭᠡᠢ ᠪᠠᠶᠢᠬᠤ︾ ᠪᠠᠷ | ᠬᠠᠷᠠᠯᠲᠠ ᠪᠠᠨ ᠪᠣᠯᠭᠠᠵᠤ᠂ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠲᠤᠰᠠᠯᠠᠬᠤ | ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠤᠷᠠᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠠᠪᠤᠭᠠᠳ ᠠᠰᠫᠢᠷᠠᠨᠲ ᠤᠨ ᠰᠤᠷᠭᠠᠨ | ᠬᠥᠮᠦᠵᠢᠯ ᠬᠦᠷᠲᠡᠯᠡᠬᠢ ᠬᠡᠯᠬᠢᠶᠡᠷᠡᠭᠰᠡᠨ ᠬᠠᠪᠰᠤᠷᠤᠨ ᠲᠡᠳᠬᠦᠬᠦ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠵᠤ᠂ ᠪᠦᠬᠦᠶᠢᠯᠡ ᠰᠤᠷᠭᠠᠭᠤᠯᠢ ᠶᠢᠨ ᠨᠠᠰᠤᠨ ᠳᠠᠬᠢ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ | ᠰᠤᠷᠤᠭᠴᠢᠳ ᠲᠤ ᠪᠦᠷᠢᠨ ᠲᠤᠰᠠᠯᠠᠮᠵᠢ ᠦᠵᠡᠭᠦᠯᠬᠦ ᠶᠢ ᠪᠡᠶᠡᠯᠡᠭᠦᠯᠦᠨ᠂ ᠭᠡᠷ ᠪᠦᠯᠢ ᠶᠢᠨ ᠠᠵᠤ ᠠᠮᠢᠳᠤᠷᠠᠯ ᠨᠢ | ᠬᠦᠴᠢᠷᠳᠡᠯ ᠲᠠᠢ ᠰᠤᠷᠤᠭᠴᠢᠳ ᠤᠨ ᠠᠮᠵᠢᠯᠲᠠ ᠲᠠᠢ ᠪᠠᠷ ᠰᠤᠷᠭᠠᠭᠤᠯᠢ ᠳᠤ ᠣᠷᠣᠬᠤ ᠪᠠ ᠰᠤᠷᠤᠯᠭ᠎ᠠ ᠪᠠᠨ | ᠲᠡᠭᠦᠰᠬᠡᠬᠦ ᠶᠢ ᠨᠢ ᠪᠦᠲᠦᠮᠵᠢᠲᠡᠢ ᠪᠠᠲᠤᠯᠠᠵᠤ᠂ ᠡᠳᠡᠭᠡᠷ ᠰᠤᠷᠤᠭᠴᠢ ᠪᠣᠯᠤᠨ ᠬᠡᠷ ᠪᠦᠯᠢ ᠶᠢᠨ ᠬᠢᠨ ᠤ ᠬᠤᠪᠢ | ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠤᠭᠰᠠᠨ ᠪᠠᠶᠢᠨ᠎ᠠ᠃ | ᠡᠭᠦᠨ ᠳᠤ᠂ ᠠᠰᠫᠢᠷᠠᠨᠲ ᠤᠨ ᠰᠤᠷᠭᠠᠨ ᠬᠥᠮᠦᠵᠢᠯ ᠳᠤ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ᠂ | ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ | ᠳᠡᠳᠭᠦᠮᠵᠢ ᠶᠢᠨ ᠵᠢᠭᠡᠯᠡᠯᠭᠡ᠂ ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠵᠢᠭᠡᠯᠡᠯᠭᠡ ᠶᠢᠨ ᠮᠥᠩᠭᠦ ᠶᠢ ᠣᠷᠣᠯᠠᠨ | ᠲᠦᠯᠦᠬᠦ᠂ ︽ᠭᠤᠷᠪᠠ ᠶᠢ ᠲᠤᠰᠠᠯᠠᠬᠤ︾ ᠠᠵᠢᠯ ᠤᠨ ᠪᠠᠶᠢᠷᠢ ᠶᠢᠨ ᠨᠡᠮᠡᠭᠦᠷᠢ ᠮᠥᠩᠭᠦ᠂ ᠰᠤᠷᠤᠯᠭ᠎ᠠ ᠶᠢᠨ | ᠰᠦᠢᠳᠬᠡᠯ ᠢ ᠬᠥᠩᠭᠡᠯᠡᠵᠦ ᠬᠡᠯᠲᠦᠷᠢᠭᠦᠯᠬᠦ᠂ ᠰᠤᠷᠭᠠᠭᠤᠯᠢ ᠶᠢᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ᠂ | ᠭᠠᠴᠢᠭᠳᠠᠯ ᠤᠨ ᠨᠥᠬᠦᠪᠥᠷᠢ ᠮᠥᠩᠭᠦ᠂ ︽ᠰᠠᠭᠠᠳ ᠥᠭᠡᠢ ᠨᠡᠪᠲᠡᠷᠡᠬᠦ ᠵᠠᠮ︾ ᠵᠡᠷᠭᠡ ᠣᠯᠠᠨ ᠵᠦᠢᠯ ᠤᠨ ᠠᠷᠭ᠎ᠠ | ᠬᠡᠯᠪᠡᠷᠢ ᠶᠢ ᠵᠡᠷᠭᠡ ᠪᠠᠷ ᠬᠡᠷᠡᠭᠵᠢᠭᠦᠯᠬᠦ ᠲᠤᠰᠠᠯᠠᠮᠵᠢ ᠶᠢᠨ ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠪᠠ᠃ | ᠡ᠊ᠩ ᠤᠨ ᠶᠡᠭᠡ ᠳᠡᠭᠡᠳᠦ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠳᠤ ᠤᠯᠤᠰ ᠤᠨ | ᠰᠤᠷᠤᠯᠭ᠎ᠠ ᠶᠢᠨ ᠱᠠᠩᠨᠠᠯ ᠳᠡᠳᠬᠦᠮᠵᠢ ᠶᠢᠨ ᠮᠥᠩᠭᠦ᠂ ᠤᠯᠤᠰ ᠤᠨ ᠰᠤᠷᠤᠯᠭ᠎ᠠ ᠶᠢ ᠳᠡᠳᠬᠦᠬᠦ ᠵᠢᠭᠡᠯᠡᠯᠭᠡ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ︵ᠲᠠᠩᠰᠠ ᠪᠠ ᠺᠠᠷᠲ ᠲᠠᠢ ᠶᠠᠳᠠᠭᠤ ᠬᠦᠴᠢᠷᠳᠡᠯ | ᠲᠠᠢ ᠬᠡᠷ ᠪᠦᠯᠢ᠂ ᠥᠨᠥᠴᠢᠨ ᠬᠡᠦᠬᠡᠳ︶ ᠶᠢᠨ ᠬᠡᠦᠬᠡᠳ ᠤᠨ ᠰᠤᠷᠭᠠᠭᠤᠯᠢ ᠳᠤ ᠣᠷᠣᠬᠤ ᠳᠡᠳᠬᠦᠮᠵᠢ᠂ | ᠰᠤᠷᠤᠯᠭ᠎ᠠ ᠶᠢᠨ ᠰᠦᠢᠳᠬᠡᠯ ᠤᠨ ᠨᠥᠬᠦᠪᠥᠷᠢ ᠵᠢᠭᠡᠯᠡᠯᠭᠡ ᠶᠢᠨ ᠮᠥᠩᠭᠦ ᠶᠢ ᠣᠷᠣᠯᠠᠨ ᠲᠦᠯᠦᠬᠦ᠂ ᠴᠡᠷᠢᠭ ᠤᠨ ᠠᠯᠪᠠ | ᠬᠠᠭᠠᠬᠤ ᠤᠯᠤᠰ ᠤᠨ ᠳᠡᠳᠬᠦᠮᠵᠢ᠂ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠢ ᠰᠦᠢᠳᠬᠡᠯ ᠬᠤᠷᠢᠶᠠᠬᠤ | ᠦᠬᠡᠢ ᠪᠠᠷ ᠬᠥᠮᠦᠵᠢᠭᠦᠯᠬᠦ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠳᠡᠳᠬᠦᠮᠵᠢ᠂ ᠴᠡᠷᠢᠭ ᠤᠨ | ᠠᠯᠪᠠ ᠠᠴᠠ ᠪᠠᠭᠤᠭᠰᠠᠨ ᠪᠠᠶᠢᠯᠳᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠲᠤᠰᠠᠯᠠᠮᠵᠢ᠂ ᠠᠵᠢᠯ ᠢᠶᠠᠷ | ᠰᠤᠷᠤᠯᠭ᠎ᠠ ᠪᠠᠨ ᠲᠤᠰᠠᠯᠠᠬᠤ᠂ ᠰᠤᠷᠭᠠᠭᠤᠯᠢ ᠶᠢᠨ ᠰᠤᠷᠤᠯᠭ᠎ᠠ ᠶᠢᠨ ᠱᠠᠩᠨᠠᠯ ᠲᠡᠳᠬᠦᠮᠵᠢ ᠶᠢᠨ ᠮᠥᠩᠭᠦ᠂ | ᠭᠠᠴᠢᠭᠳᠠᠯ ᠤᠨ ᠨᠥᠬᠦᠪᠥᠷᠢ᠂ ᠲᠦᠷ ᠴᠠᠭ ᠤᠨ ᠠᠮᠢᠳᠤᠷᠠᠯ ᠤᠨ ᠨᠥᠬᠦᠪᠥᠷᠢ᠂ ᠰᠤᠷᠤᠯᠭ᠎ᠠ ᠶᠢᠨ ᠰᠦᠢᠳᠬᠡᠯ ᠢ | ᠬᠠᠰᠤᠵᠤ ᠬᠡᠯᠲᠦᠷᠢᠭᠦᠯᠬᠦ ᠪᠠ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ︽ᠰᠠᠭᠠᠳ ᠥᠭᠡᠢ ᠨᠡᠪᠲᠡᠷᠡᠬᠦ | ᠵᠠᠮ︾ ᠵᠡᠷᠭᠡ ᠣᠯᠠᠨ ᠡᠰᠢᠲᠦ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠠᠶ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ︽ᠬᠤᠶᠠᠷ ᠢ ᠬᠡᠯᠲᠦᠷᠢᠭᠦᠯᠵᠦ ᠨᠢᠭᠡ ᠶᠢ | ᠨᠥᠬᠦᠪᠦᠷᠢᠯᠡᠨ ᠨᠢᠭᠡ ᠶᠢ ᠲᠤᠰᠠᠯᠠᠬᠤ︾ ︵ᠠᠯᠢᠪᠠ ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ | ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ᠂ ᠪᠣᠶ ᠪᠥᠬᠦᠶ ᠪᠠᠶᠢᠷᠢ ᠳᠤ ᠰᠠᠭᠤᠬᠤ | ᠰᠤᠷᠤᠭᠴᠢᠳ ᠲᠤ ᠬᠤᠨᠤᠭ ᠤᠨ ᠨᠥᠬᠦᠪᠥᠷᠢ ᠥᠭᠬᠦ᠂ ᠮᠠᠯᠵᠢᠬᠤ ᠲᠠᠷᠢᠶᠠᠯᠠᠬᠤ ᠣᠷᠣᠨ ᠤ ᠬᠤᠰᠢᠭᠤ ᠰᠢᠶᠠᠨ | ᠪᠠᠯᠭᠠᠰᠤ ᠶᠢ ᠪᠠᠭᠲᠠᠭᠠᠭᠰᠠᠨ ᠨᠢᠭᠡ ᠬᠤᠶᠠᠳᠤᠭᠠᠷ ᠣᠨ ᠤ ᠪᠦᠬᠦ ᠰᠤᠷᠤᠭᠴᠢᠳ᠂ ᠬᠤᠳᠠ ᠶᠢᠨ ᠨᠢᠭᠡ ᠬᠤᠶᠠᠳᠣᠭᠠᠷ | ᠣᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠭᠡᠷ | ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠲᠤ ᠰᠤᠷᠤᠯᠭ᠎ᠠ ᠶᠢᠨ ᠳᠡᠳᠬᠦᠮᠵᠢ ᠶᠢᠨ ᠮᠥᠩᠭᠦ︶ | ᠪᠠᠷ ᠭᠤᠣᠯ ᠪᠣᠯᠭᠠᠵᠤ᠂ ᠰᠤᠷᠭᠠᠭᠤᠯᠢ ᠪᠣᠯᠣᠨ ᠨᠡᠢᠭᠡᠮ ᠠᠴᠠ ᠲᠤᠰᠠᠯᠠᠨ ᠳᠡᠮᠵᠢᠬᠦ᠂ ᠠᠵᠢᠯ ᠤᠨ ᠪᠠᠶᠢᠷᠢ ᠶᠢ ᠣᠷᠣᠯᠠᠨ | ᠳᠠᠳᠤᠯᠭ᠎ᠠ ᠬᠢᠬᠦ ᠪᠠᠷ ᠬᠠᠪᠰᠤᠷᠤᠮᠵᠢ ᠪᠣᠯᠭᠠᠭᠰᠠᠨ ᠲᠤᠰᠠᠯᠠᠮᠵᠢ ᠶᠢᠨ ᠳᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ | ᠪᠠᠶᠢᠭᠤᠯᠵᠠᠢ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠳᠤ ︽ | ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠨ ᠨᠢᠭᠡ ᠶᠢ ᠲᠤᠰᠠᠯᠠᠬᠤ︾ ︵ᠠᠯᠢᠪᠠ ᠰᠣᠷᠣᠭᠴᠢ ᠶᠢᠨ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ | ᠬᠠᠩᠭᠠᠬᠤ᠂ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ | ᠵᠠᠷᠤᠳᠠᠯ ᠤᠨ ᠨᠥᠬᠦᠪᠥᠷᠢ ᠥᠭᠬᠦ᠂ ᠬᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠲᠤ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠭᠤᠬᠤ︶ ᠢᠶᠠᠷ ᠭᠤᠤᠯ ᠴᠣᠭᠴᠠ ᠪᠣᠯᠭᠠᠵᠤ᠂ | ᠰᠤᠷᠭᠠᠭᠤᠯᠢ ᠪᠠ ᠨᠡᠢᠭᠡᠮ ᠠᠴᠠ ᠲᠤᠰᠠᠯᠠᠨ ᠳᠡᠮᠵᠢᠬᠦ ᠪᠠᠷ ᠨᠥᠬᠦᠪᠥᠷᠢ ᠪᠣᠯᠭᠠᠭᠰᠠᠨ ᠲᠤᠰᠠᠯᠠᠮᠵᠢ ᠶᠢᠨ ᠳᠦᠷᠦ ᠶᠢᠨ | ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ | ᠬᠤᠶᠠᠷ ᠢ ᠬᠡᠯᠲᠦᠷᠢᠭᠦᠯᠦᠨ ᠬᠤᠶᠠᠷ ᠢ ᠨᠥᠬᠦᠪᠦᠷᠢᠯᠡᠬᠦ ᠨᠢᠭᠡ ᠲᠥᠯᠥᠪᠯᠡᠭᠡ︾ ︵ᠰᠤᠷᠤᠯᠭ᠎ᠠ ᠶᠢᠨ ᠠᠷᠰᠠᠷ | ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ᠂ ᠪᠠᠶᠢᠷᠢ ᠳᠤ | ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠵᠠᠷᠤᠳᠠᠯ᠂ ᠬᠤᠨᠤᠭ ᠤᠨ ᠰᠦᠢᠳᠬᠡᠯ ᠢ ᠨᠥᠬᠦᠪᠦᠷᠢᠯᠡᠬᠦ᠂ ᠮᠠᠯᠵᠢᠬᠤ | ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ︶ ᠶᠢᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠪᠠᠶᠢᠭᠤᠯᠵᠠᠶ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ | ᠰᠤᠷᠠᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠳᠬᠦᠬᠦ ᠲᠤᠰᠬᠠᠶ ᠪᠠᠯᠠ ᠮᠥᠩᠭᠦ ᠪᠠᠶᠢᠭᠤᠯᠵᠤ᠂ | ︽ᠣᠷᠣᠨ ᠨᠤᠲᠤᠭ ᠲᠤ ᠤᠷᠢᠳᠠᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠱᠠᠩᠨᠠᠵᠤ ᠲᠤᠰᠠᠯᠠᠬᠤ︾ | ᠵᠠᠷᠴᠢᠮ ᠤᠨ ᠶᠣᠰᠣᠭᠠᠷ᠂ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠪᠠᠶᠢᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ | ᠬᠡᠤᠬᠡᠳ ᠤᠨ ᠴᠡᠴᠡᠷᠯᠢᠭ ᠲᠤ ᠪᠠᠶᠢᠭ᠎ᠠ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠬᠡᠦᠬᠡᠳ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠬᠡᠤᠬᠡᠳ᠂ ᠥᠨᠥᠴᠢᠨ ᠬᠡᠦᠬᠡᠳ᠂ ᠵᠡᠮᠳᠡᠭ | ᠬᠡᠤᠬᠡᠳ ᠵᠡᠷᠭᠡ ᠶᠢ ᠪᠠᠭᠲᠠᠭᠠᠭᠰᠠᠨ ᠬᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠬᠡᠤᠬᠡᠳ ᠢ | ᠲᠤᠰᠠᠯᠠᠭᠰᠠᠨ ᠪᠠᠶᠢᠨ᠎ᠠ᠃ | ᠮᠠᠨ ᠤ ᠣᠷᠣᠨ ᠤ ᠰᠤᠷᠤᠭᠴᠢᠳ ᠢ ᠲᠤᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢᠨ ᠰᠤᠷᠤᠭᠴᠢᠳ ᠢ | ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠳᠦᠷᠢᠮ ᠬᠢᠭᠡᠳ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ | ᠴᠢᠩᠭ᠎ᠠ ᠵᠢᠷᠤᠮᠵᠢᠭᠤᠯᠵᠤ᠂ ᠲᠥᠷᠥ ᠶᠢᠨ ᠪᠣᠳᠣᠯᠭ᠎ᠠ ᠶᠢ ᠬᠤᠪᠢᠷᠠᠭᠤᠯᠤᠨ ᠭᠦᠢᠴᠡᠳᠬᠡᠬᠦ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠢᠯᠭᠠᠷᠠᠭᠤᠯᠤᠨ ᠰᠢᠢᠳᠪᠦᠷᠢᠯᠡᠪᠡ᠃ ᠪᠦᠬᠦ ᠣᠷᠣᠨ ᠨᠢᠭᠡᠨᠲᠡ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ᠂ ᠰᠤᠷᠭᠠᠭᠤᠯᠢ ᠲᠦᠷᠪᠡᠨ ᠱᠠᠲᠤᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ᠂ ᠱᠠᠲᠤ | ᠱᠠᠲᠤ ᠪᠠᠷ ᠳᠠᠷᠤᠯᠲᠠ ᠥᠭᠴᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠬᠢᠵᠢᠭᠦᠯᠪᠡ᠃ | ᠡᠯ᠎ᠡ ᠵᠦᠢᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ᠂ ᠡᠯ᠎ᠡ | ᠭᠠᠵᠠᠷ᠂ ᠡᠯ᠎ᠡ ᠰᠤᠷᠭᠠᠭᠤᠯᠢ ︽ᠶᠣᠰᠣ ᠮᠣᠷᠠᠯ ᠲᠠᠢ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠲᠠᠢ | ᠨᠢᠭᠲᠠ ᠤᠶᠠᠯᠳᠤᠭᠤᠯᠤᠨ᠂ ︽ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ︾ ᠭᠤᠣᠯ ᠴᠦᠮ᠎ᠡ ᠶᠢ ᠠᠳᠬᠤᠵᠤ᠂ ︽ ᠬᠦᠴᠢᠷᠳᠡᠯ ᠲᠠᠢ ᠶᠢ ᠲᠡᠳᠬᠦᠬᠦ︾ ᠪᠠ ︽ᠤᠶᠤᠨ ᠢ | ᠲᠡᠳᠬᠦᠬᠦ︾᠂ ︽ᠬᠦᠴᠢᠷᠳᠡᠯ ᠲᠠᠢ ᠶᠢ ᠲᠡᠳᠬᠦᠬᠦ︾ ᠪᠠ ︽ᠵᠣᠷᠢᠭ ᠢ ᠲᠡᠳᠬᠦᠬᠦ︾ ᠶᠢ ᠢᠮᠠᠭᠲᠠ ᠤᠶᠠᠯᠳᠤᠭᠤᠯᠵᠤ᠂ | ᠤᠷᠮᠠᠰᠢᠭᠤᠯᠤᠨ ᠵᠣᠷᠢᠭᠵᠢᠭᠤᠯᠬᠤ ᠰᠤᠷᠭᠠᠨ ᠬᠥᠮᠦᠵᠢᠯ᠂ ᠦᠨᠡᠨᠴᠢ ᠢᠲᠡᠭᠡᠮᠵᠢᠲᠡᠶ ᠪᠠᠶᠢᠬᠤ ᠬᠥᠮᠦᠵᠢᠯ ᠪᠣᠯᠣᠨ | ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢᠨ ᠬᠥᠮᠦᠵᠢᠯ᠂ ᠲᠤᠰᠠᠯᠠᠮᠵᠢ ᠭᠥᠷᠳᠡᠭᠰᠡᠨ ᠰᠤᠷᠤᠭᠴᠢᠳ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠨ᠂ ᠦᠨᠡᠨᠴᠢ ᠰᠢᠳᠤᠷᠭᠤ ᠲᠠᠢ ᠪᠠᠶᠢᠵᠤ᠂ ᠠᠴᠢ ᠶᠢ ᠴᠡᠭᠡᠵᠢᠯᠡᠵᠦ ᠬᠠᠷᠢᠭᠤᠯᠬᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠵᠠᠩ ᠴᠢᠨᠠᠷ ᠢ ᠨᠢ ᠬᠥᠮᠥᠵᠢᠭᠦᠯᠪᠡ᠃ ᠡᠳ᠋ | ᠪᠣᠳᠠᠰ ᠢᠶᠠᠷ ᠬᠠᠪᠰᠤᠷᠬᠤ᠂ ᠶᠣᠰᠣ ᠮᠣᠷᠠᠯ ᠢᠶᠠᠷ ᠨᠥᠯᠥᠭᠡᠯᠡᠬᠦ᠂ ᠴᠢᠳᠠᠪᠤᠷᠢ ᠶᠢ ᠥᠷᠭᠡᠳᠬᠡᠬᠦ᠂ ᠤᠶᠤᠨ ᠢ ᠨᠢ | ᠵᠣᠷᠢᠭᠵᠢᠭᠤᠯᠬᠤ ᠪᠠ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠬᠢ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠵᠤ᠂ ︽ᠬᠦᠴᠢᠷᠳᠡᠯ ᠠᠴᠠ ᠠᠩᠭᠢᠵᠢᠷᠠᠭᠤᠯᠬᠤ — ᠬᠥᠮᠦᠨ | ᠬᠥᠮᠦᠵᠢᠭᠦᠯᠬᠦ — ᠴᠢᠳᠠᠪᠤᠷᠢᠲᠠᠨ ᠪᠣᠯᠬᠤ — ᠠᠴᠢ ᠲᠤᠰᠠ ᠶᠢ ᠬᠠᠷᠢᠭᠤᠯᠵᠤ︾ ᠰᠠᠶᠢᠨ ᠣᠷᠴᠢᠯ ᠢ ᠪᠣᠢ | ᠪᠣᠯᠭᠠᠪᠠ᠃ |