| | | ᠰᠤᠷᠪᠤᠯᠵᠢᠯᠠᠭᠰᠠᠨ ᠴᠠᠭ᠄ | 2018 ᠣᠨ ᠤ 12 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ | ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ | ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ | ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠵᠤ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ | ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ ᠴᠢᠬᠤᠯᠠ ᠶᠠᠷᠢᠶ᠎ᠠ ᠲᠠᠯᠪᠢᠵᠤ᠂ | ᠥᠪᠥᠷ ᠮᠣᠩᠭᠤᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ︽ᠦᠨᠳᠦᠰᠦᠲᠡᠨ ᠤ ᠪᠦᠯᠬᠦᠮᠳᠡᠯ ᠪᠠ | ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︾ ᠭᠡᠬᠦ ᠳᠣᠲᠣᠨᠣ ᠬᠦᠰᠡᠯ | ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠢ ᠨᠠᠷᠢᠨ ᠨᠢᠮᠪᠠᠢ ᠪᠠᠷ ᠰᠠᠶᠢᠲᠤᠷ ᠬᠢᠬᠦ ᠲᠤᠬᠠᠢ ᠰᠠᠨᠠᠯ | ᠰᠣᠯᠢᠯᠴᠠᠭᠤᠯᠬᠤ ᠪᠠᠷ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠢ ᠶᠢᠨ ᠢᠦᠢ ᠶᠢ ᠤᠷᠢᠨ | ᠠᠪᠴᠢᠷᠠᠪᠠ᠃ ᠴᠢ ᠡᠷᠬᠢᠯᠡᠭᠴᠢ ᠰᠠᠶᠢᠨ ᠪᠠᠶᠢᠨ᠎ᠠ ᠦᠦ︖ | ᠴᠢ ᠶᠢᠨ ᠢᠦᠢ᠄ | ᠬᠥᠲᠥᠯᠥᠭᠴᠢ ᠰᠠᠶᠢᠨ ᠪᠠᠶᠢᠨ᠎ᠠ ᠦᠦ︖ | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ ᠣᠷᠣᠯᠴᠠᠭᠰᠠᠨ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠳᠤ᠂ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠳᠤ᠂ ᠦᠨᠳᠦᠰᠦᠨ ᠵᠦᠢᠯ ᠨᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠳᠦᠷᠢᠮ ᠢ ᠪᠠᠷᠢᠮᠲᠠᠯᠠᠬᠤ ᠪᠠ ᠲᠡᠭᠦᠯᠳᠡᠷᠵᠢᠭᠦᠯᠬᠦ ᠳᠤ ᠪᠠᠶᠢᠳᠠᠭ ᠭᠡᠵᠦ ᠴᠢᠬᠤᠯᠠᠴᠢᠯᠠᠪᠠ᠃ ᠲᠡᠭᠡᠪᠡᠯ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ ᠠᠵᠢᠯ ᠳᠤ ᠪᠠᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠬᠡᠷᠬᠢᠨ ᠪᠠᠷᠢᠮᠲᠠᠯᠠᠬᠤ ᠪᠠ ᠲᠡᠭᠦᠯᠳᠡᠷᠵᠢᠭᠦᠯᠬᠦ | ᠪᠣᠢ︖ | ᠴᠢ ᠶᠢᠨ ᠢᠦᠢ᠄ | ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠢᠶᠠᠷ ᠬᠢᠨᠠᠨ ᠵᠥᠪᠯᠡᠭᠦᠯᠬᠦ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠨᠳᠦᠰᠦᠲᠡᠨ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠣᠶᠢᠯᠠᠭᠠᠨ᠂ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠶᠠᠷ ᠲᠤ᠂ | ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠤᠳᠤᠷᠢᠳᠤᠯᠭ᠎ᠠ ᠳᠣᠣᠷ᠎ᠠ᠂ ᠦᠨᠳᠦᠰᠦᠲᠡᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠪᠠ ᠰᠠᠶᠢᠲᠤᠷ ᠬᠡᠷᠡᠭᠵᠢᠭᠦᠯᠦᠨ᠎ᠡ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠵᠢᠯᠴᠠᠵᠤ ᠴᠥᠭᠡᠨ | ᠲᠣᠭᠠᠲᠤ ᠦᠨᠳᠦᠰᠦᠲᠡᠨ ᠤ ᠺᠠᠳ᠋ᠷ ᠴᠢᠳᠠᠪᠤᠷᠢᠲᠠᠨ ᠪᠠ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠺᠠᠳ᠋ᠷ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠳᠥᠷᠪᠡ ᠳᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠤ | ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠬᠦ ᠶᠢ | ᠥᠷᠨᠢᠭᠦᠯᠵᠦ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠠᠳᠠᠭᠤᠷᠴᠢᠯᠠᠯ ᠤᠨ ᠴᠢᠨᠠᠷᠲᠠᠢ ᠦᠭᠡ | ᠶᠠᠷᠢᠶ᠎ᠠ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠪᠠ ᠵᠠᠰᠠᠨ ᠵᠠᠯᠠᠷᠠᠭᠤᠯᠤᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠦᠨᠳᠦᠰᠦᠲᠡᠨ ᠤ ᠬᠡᠷᠡᠭ | ᠶᠠᠪᠤᠳᠠᠯ ᠳᠤ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠶᠢᠨ ᠪᠠᠶᠢᠭᠤᠯᠤᠯᠲᠠ ᠪᠠᠨ ᠬᠡᠷᠬᠢᠨ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠪᠣᠢ︖ | ᠴᠢ ᠶᠢᠨ ᠢᠦᠢ᠄ | ᠨᠢᠭᠡ ᠳᠤ᠂ ᠦᠨᠳᠦᠰᠦᠨ ᠬᠠᠤᠯᠢ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ | ᠰᠤᠷᠤᠯᠴᠠᠯᠭ᠎ᠠ ᠶᠢ ᠴᠢᠩᠭᠠᠳᠬᠠᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠵᠦ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠰᠠᠨᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠯᠲᠠ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠶᠠᠷ ᠲᠤ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ | ᠲᠣᠭᠲᠠᠭᠠᠯ ᠢ ᠪᠦᠷᠢᠨᠰᠢᠭᠦᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠠᠯᠤ ᠶᠢᠨ ᠢᠳᠡᠭᠡᠨ ᠤ | ᠳᠦᠷᠢᠮ︾ ᠵᠡᠷᠭᠡ ᠣᠷᠣᠨ ᠨᠤᠲᠤᠭ ᠤᠨ ᠬᠠᠤᠯᠢ ᠲᠣᠭᠲᠠᠭᠠᠯ ᠢ ᠲᠣᠭᠲᠠᠭᠠᠬᠤ ᠶᠢ ᠢᠳᠡᠪᠬᠢᠲᠡᠢ ᠠᠬᠢᠭᠤᠯᠤᠨ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠦᠰᠦᠭ ᠪᠢᠴᠢᠭ ᠤᠨ ᠠᠵᠢᠯ ᠤᠨ | ᠳᠦᠷᠢᠮ︾ ᠤᠨ ᠲᠥᠬᠦᠷ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠨ ᠨᠡᠶᠢᠲᠡᠯᠡᠬᠦ ᠶᠢ ᠢᠳᠡᠪᠬᠢᠲᠡᠢ | ᠠᠬᠢᠭᠤᠯᠵᠤ᠂ ᠡᠯ᠎ᠡ ᠭᠠᠵᠠᠷ ᠤᠨ ᠬᠢᠨ ᠤ ᠦᠨᠳᠦᠰᠦᠲᠡᠨ ᠤ ᠪᠦᠯᠬᠦᠮᠳᠡᠯ ᠢ ᠲᠣᠰᠬᠤᠨ ᠤ ᠲᠣᠭᠲᠠᠭᠠᠯ ᠠᠷᠠᠳ ᠤᠨ | ᠭᠡᠷ᠎ᠡ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳᠦᠷᠢᠮ᠂ ᠣᠷᠣᠨ ᠨᠤᠲᠤᠭ ᠤᠨ ᠲᠣᠭᠲᠠᠭᠠᠯ | ᠳᠦᠷᠢᠮ ᠳᠤ ᠪᠠᠨ ᠣᠷᠣᠭᠤᠯᠬᠤ ᠶᠢ ᠢᠳᠡᠪᠬᠢᠲᠡᠢ ᠠᠬᠢᠭᠤᠯᠤᠨ᠎ᠠ᠃ ᠭᠤᠷᠪᠠ ᠳᠤ᠂ ᠬᠠᠤᠯᠢ ᠲᠦᠭᠡᠮᠡᠯᠵᠢᠭᠦᠯᠬᠦ ᠠᠵᠢᠯ | ᠢ ᠰᠠᠶᠢᠲᠤᠷ ᠬᠢᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠦᠬᠦ ᠲᠠᠯ᠎ᠠ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠠᠰᠢᠭ ᠲᠤᠰᠠ ᠶᠢᠨ ᠭᠤᠮᠣᠳᠠᠯ | ᠲᠣᠭᠠᠴᠢᠯᠲᠠ ᠪᠠᠨ ᠬᠠᠤᠯᠢ ᠶᠣᠰᠣᠭᠠᠷ ᠢᠯᠡᠳᠬᠡᠬᠦ ᠠᠷᠭ᠎ᠠ ᠵᠠᠮ ᠢ ᠰᠢᠯᠤᠭᠤᠬᠠᠨ ᠨᠡᠪᠲᠡᠷᠡᠭᠦᠯᠵᠦ᠂ | ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠨ᠎ᠠ᠃ ᠳᠥᠷᠪᠡ ᠳᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ | ᠮᠥᠷᠭᠦᠯᠳᠦᠭᠡᠨ ᠢ ᠵᠢᠭᠰᠠᠭᠠᠨ ᠪᠠᠶᠢᠴᠠᠭᠠᠵᠤ ᠨᠠᠮᠳᠠᠭᠠᠬᠤ ᠠᠵᠢᠯ ᠢ ᠴᠢᠩᠭᠠᠳᠬᠠᠨ᠂ ᠦᠨᠳᠦᠰᠦᠲᠡᠨ ᠤ ᠬᠠᠷᠢᠴᠠᠭ᠎ᠠ ᠶᠢ | ᠬᠢᠨᠠᠨ ᠰᠢᠨᠵᠢᠵᠦ ᠦᠨᠡᠯᠡᠨ ᠵᠢᠱᠢᠬᠦ ᠶᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠶᠣᠰᠣᠭᠠᠷ ᠵᠣᠬᠢᠰᠲᠠᠢ | ᠰᠢᠢᠳᠪᠦᠷᠢᠯᠡᠨ᠎ᠡ᠃ | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ ᠶᠢᠨ ᠰᠠᠭᠤᠷᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠰᠠᠶᠢᠲᠤᠷ ᠬᠢᠵᠦ᠂ | ᠦᠨᠳᠦᠰᠦᠲᠡᠨ ᠨᠦᠭᠦᠳ ᠤᠨ ᠣᠶᠣᠨ ᠰᠠᠨᠠᠭᠠᠨ ᠤ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠬᠤ ᠳᠤ ᠪᠠᠶᠢᠳᠠᠭ | ᠭᠡᠵᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠶᠢᠰᠢᠳᠠ ᠶᠢᠨ | ᠠᠵᠢᠯ ᠳᠤ ᠪᠠᠨ ᠡᠨᠡ ᠬᠦ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠢ︖ | ᠴᠢ ᠶᠢᠨ ᠢᠦᠢ᠄ | ᠨᠢᠭᠡ ᠳᠤ᠂ ᠣᠯᠠᠨ ᠵᠦᠢᠯ ᠤᠨ ᠬᠡᠯᠪᠡᠷᠢ ᠪᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ | ᠰᠠᠷ᠎ᠠ᠂ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭᠠᠨ ᠵᠡᠷᠭᠡ ᠠᠴᠢᠶᠠᠯᠠᠭᠴᠢ ᠶᠢᠨ ᠲᠠᠪᠴᠠᠩ ᠢᠶᠠᠷ ᠳᠠᠮᠵᠢᠭᠤᠯᠤᠨ᠂ | ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠥᠵᠢᠯ ᠢ ᠭᠦᠨᠵᠡᠭᠡᠢ ᠥᠷᠨᠢᠭᠦᠯᠵᠦ᠂ ᠤᠬᠠᠭᠤᠯᠭ᠎ᠠ | ᠬᠥᠮᠥᠵᠢᠯ ᠤᠨ ᠴᠢᠭᠯᠡᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ ᠴᠢᠩᠭᠠᠷᠠᠭᠤᠯᠤᠨ᠎ᠠ᠃ | ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠠᠮᠵᠢᠯᠠᠯᠲᠤ ᠵᠠᠭᠤᠴᠢᠯᠠᠭᠤᠷ ᠤᠨ ᠦᠢᠯᠡᠳᠦᠯ ᠢ | ᠦᠷᠭᠦᠯᠵᠢᠯᠡᠨ ᠰᠠᠶᠢᠲᠤᠷ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ ᠵᠠᠭᠤᠴᠢᠯᠠᠭᠤᠷ ᠢ ᠢᠳᠡᠪᠬᠢᠲᠡᠢ | ᠳᠡᠯᠭᠡᠷᠡᠭᠦᠯᠬᠦ ᠪᠠ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠥᠵᠢᠯ ᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠦᠯᠵᠢᠶᠡᠨ ᠤ | ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ | ᠠᠵᠢᠯᠯᠠᠭ᠎ᠠ ᠶᠢ ᠠᠬᠢᠭᠤᠯᠤᠨ᠎ᠠ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ ᠳᠣᠲᠣᠨᠣ ᠨᠥᠬᠦᠷᠰᠡᠭ | ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠤᠯᠤᠰ ᠤᠨ ᠬᠦᠰᠡᠯ ᠵᠡᠭᠦᠳᠦ ᠶᠢ ᠬᠠᠮᠲᠤ ᠪᠠᠷ ᠴᠣᠭᠴᠠᠯᠠᠶ᠎ᠠ︾ ︽ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠨᠢᠭᠡᠳᠴᠦ ᠴᠢᠷᠮᠠᠶᠢᠨ ᠲᠡᠮᠡᠴᠡᠶ᠎ᠡ︾ ︽ᠭᠠᠷ | ᠭᠠᠷ ᠢᠶᠠᠨ ᠬᠤᠯᠪᠣᠯᠴᠠᠨ︾ ︽ᠰᠡᠳᠬᠢᠯ ᠢᠶᠠᠨ ᠨᠢᠭᠡᠳᠬᠡᠶ᠎ᠡ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠭᠤᠣᠯ ᠰᠡᠳᠦᠪᠲᠦ ᠬᠥᠮᠥᠵᠢᠯ ᠢ ᠥᠷᠭᠡᠨ ᠳᠡᠯᠭᠡᠷ ᠥᠷᠨᠢᠭᠦᠯᠦᠨ᠎ᠡ᠃ ᠬᠤᠶᠠᠷ ᠲᠤ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠬᠦ ᠬᠢᠭᠡᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠷᠭᠠᠨᠢᠭ ᠢᠶᠠᠷ ᠨᠢᠭᠡᠳᠦᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠣᠯᠠᠨ ᠲᠦᠮᠡᠨᠴᠢ ᠴᠢᠨᠠᠷᠲᠠᠢ ᠣᠶᠣᠨ ᠤ ᠪᠣᠯᠪᠠᠰᠤᠨ ᠤ ᠡᠭᠦᠳᠦᠨ | ᠪᠠᠶᠢᠭᠤᠯᠬᠤ ᠠᠵᠢᠯᠯᠠᠭᠠᠨ ᠳᠤ ᠠᠭᠤᠰᠤᠯᠴᠠᠭᠤᠯᠤᠨ᠎ᠠ᠃ ᠡᠨᠡ ᠵᠢᠯ ᠤᠨ ᠠᠵᠢᠯᠯᠠᠭᠠᠨ ᠤ ᠰᠠᠷ᠎ᠠ ᠶᠢᠨ ᠬᠤᠭᠤᠴᠠᠭᠠᠨ | ᠳᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠭᠦᠨᠵᠡᠭᠡᠢ ᠦᠢᠯᠡᠳᠦᠯᠭᠡᠵᠢᠭᠦᠯᠦᠨ᠂ | ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠪᠠᠲᠤ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠤᠶ᠎ᠠ︾ | ᠭᠡᠬᠦ ᠭᠤᠣᠯ ᠰᠡᠳᠦᠪᠲᠦ ᠠᠵᠢᠯᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠶᠢᠰᠢᠳᠠ ᠶᠢᠨ ᠵᠢᠯ ᠪᠦᠷᠢ ᠶᠢᠨ | ᠠᠵᠢᠯᠯᠠᠭᠠᠨ ᠤ ᠰᠠᠷ᠎ᠠ ᠳᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠤᠨ | ᠲᠣᠭᠤᠷᠢᠨ ᠳᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠦᠨ᠎ᠡ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠠᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ | ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠮᠥᠵᠢᠯ ᠤᠨ ᠰᠠᠭᠤᠷᠢᠨ ᠭᠠᠵᠠᠷ ᠤᠨ ᠦᠢᠯᠡᠳᠦᠯ | ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠵᠢᠱᠢᠶ᠎ᠡ ᠶᠢ | ᠰᠠᠶᠢᠲᠤᠷ ᠶᠠᠷᠢᠭᠤᠯᠤᠨ᠂ ᠲᠣᠭᠤᠷᠢᠨ ᠦᠵᠡᠭᠴᠢ ᠨᠢᠭᠡᠪᠦᠷᠢ ᠳᠤ ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠦᠨᠵᠡᠭᠡᠢ ᠬᠥᠮᠥᠵᠢᠯ ᠢ ᠬᠦᠷᠲᠡᠭᠡᠨ᠎ᠡ᠃ | ᠬᠥᠲᠥᠯᠥᠭᠴᠢ᠄ | ᠨᠢᠳᠤᠨᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ | ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ ᠤᠨ ᠬᠤᠷᠠᠯ ᠢ ᠥᠪᠥᠷ ᠮᠣᠩᠭᠤᠯ ᠳᠤ | ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ | ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠡᠬᠢᠯᠡᠯᠲᠡ ᠶᠢᠨ ᠴᠡᠭ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ | ᠭᠦᠨᠵᠡᠭᠡᠢ ᠪᠥᠭᠡᠳ ᠦᠷᠭᠦᠯᠵᠢᠯᠡᠨ ᠠᠬᠢᠭᠤᠯᠬᠤ ᠪᠣᠢ︖ | ᠴᠢ ᠶᠢᠨ ᠢᠦᠢ᠄ | ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠂ ᠡᠯ᠎ᠡ ᠱᠠᠲᠤᠨ ᠤ ᠬᠢᠨ ᠤ ᠨᠠᠮ ᠤᠨ ᠬᠤᠷᠢᠶ᠎ᠠ ᠠᠴᠠ ᠤᠳᠤᠷᠢᠳᠤᠭᠰᠠᠨ᠂ | ᠵᠠᠰᠠᠭ ᠤᠨ ᠣᠷᠳᠣᠨ ᠠᠴᠠ ᠬᠠᠷᠢᠭᠤᠴᠠᠭᠰᠠᠨ᠂ ᠨᠡᠶᠢᠭᠡᠮ ᠠᠴᠠ ᠬᠠᠮᠵᠢᠯᠴᠠᠭᠰᠠᠨ᠂ ᠣᠯᠠᠨ ᠲᠦᠮᠡᠨ ᠢᠶᠠᠷ ᠢᠶᠠᠨ | ᠣᠷᠣᠯᠴᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ | ᠪᠠᠶᠢᠷᠢᠯᠠᠭᠤᠯᠤᠯᠲᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ ᠮᠠᠨ ᠤ ᠣᠷᠣᠨ ᠤ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠨᠢᠭᠡᠴᠢ ᠶᠢᠨ ᠰᠢᠯᠭᠠᠨ ᠦᠨᠡᠯᠡᠵᠦ ᠰᠢᠯᠭᠠᠨ ᠬᠢᠨᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠰᠢᠯᠭᠠᠷᠠᠭᠤᠯᠤᠨ ᠬᠥᠬᠢᠭᠦᠯᠵᠦ ᠰᠢᠯᠭᠠᠨ ᠬᠤᠷᠢᠶᠠᠵᠤ ᠠᠪᠬᠤ ᠵᠡᠷᠭᠡ ᠠᠵᠢᠯ ᠤᠨ ᠴᠤᠪᠤᠷᠠᠯ ᠢ | ᠵᠢᠷᠤᠮᠵᠢᠭᠤᠯᠤᠨ᠎ᠠ᠃ ᠬᠤᠶᠠᠷ ᠲᠤ᠂ ᠭᠤᠣᠯᠳᠠᠯᠭ᠎ᠠ ᠶᠢ ᠲᠣᠪᠣᠶᠢᠯᠭᠠᠵᠤ᠂ ᠦᠨᠳᠦᠰᠦᠨ ᠱᠠᠲᠤ ᠶᠢ ᠠᠳᠬᠤᠨ᠂ | ᠰᠠᠭᠤᠷᠢ ᠶᠢ ᠪᠠᠲᠤᠳᠬᠠᠬᠤ ᠤᠳᠤᠷᠢᠳᠤᠮᠵᠢ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠡᠭᠦᠳᠦᠨ ᠪᠠᠶᠢᠭᠤᠯᠬᠤ ᠠᠵᠢᠯ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠢᠶᠠᠩ | ᠪᠠᠯᠭᠠᠰᠤ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠱᠠᠰᠢᠨ | ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠣᠷᠣᠭᠤᠯᠬᠤ ᠶᠢ ᠥᠷᠨᠢᠭᠦᠯᠦᠭᠰᠡᠨ ᠰᠠᠭᠤᠷᠢᠨ ᠳᠡᠭᠡᠷ᠎ᠡ᠂ | ᠡᠭᠦᠳᠦᠨ ᠪᠠᠶᠢᠭᠤᠯᠬᠤ ᠠᠵᠢᠯ ᠤᠨ ᠨᠥᠯᠥᠭᠡ ᠦᠢᠯᠡᠳᠦᠯ ᠢ ᠥᠷᠭᠡᠳᠬᠡᠨ᠂ ᠡᠭᠦᠳᠦᠨ ᠪᠠᠶᠢᠭᠤᠯᠬᠤ ᠠᠵᠢᠯ ᠢ | ᠭᠦᠨᠵᠡᠭᠡᠶᠢᠷᠡᠭᠦᠯᠦᠨ ᠬᠥᠭᠵᠢᠭᠦᠯᠵᠦ᠂ ᠰᠢᠨ᠎ᠡ ᠶᠢ ᠡᠭᠦᠳᠦᠨ ᠬᠥᠭᠵᠢᠭᠦᠯᠬᠦ ᠲᠡᠶᠢᠰᠢ ᠠᠬᠢᠭᠤᠯᠵᠤ᠂ ᠡᠭᠦᠳᠦᠨ | ᠪᠠᠶᠢᠭᠤᠯᠬᠤ ᠠᠵᠢᠯ ᠢ ᠲᠣᠰᠬᠤᠨ ᠤ ᠪᠠᠭ᠂ ᠠᠩᠭᠢ ᠶᠢᠨ ᠪᠠᠭ᠂ ᠣᠨ ᠠᠩᠭᠢ ᠵᠡᠷᠭᠡ ᠦᠨᠳᠦᠰᠦᠨ ᠱᠠᠲᠤᠨ ᠳᠤ | ᠬᠦᠷᠲᠡᠯ᠎ᠡ ᠳᠣᠷᠣᠭᠰᠢᠯᠠᠭᠤᠯᠵᠤ᠂ ᠨᠡᠶᠢᠭᠡᠮ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ ᠳᠤ ᠬᠦᠷᠲᠡᠯ᠎ᠡ | ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠳᠤ ᠨᠡᠶᠢᠲᠡᠯᠢᠭ ᠥᠯᠢᠭᠡᠷ ᠵᠢᠱᠢᠶ᠎ᠡ ᠶᠢ ᠬᠥᠮᠥᠵᠢᠭᠦᠯᠦᠨ | ᠪᠣᠶᠢᠵᠢᠭᠤᠯᠬᠤ ᠪᠠ ᠰᠣᠩᠭᠤᠨ ᠪᠣᠢ ᠪᠣᠯᠭᠠᠬᠤ ᠶᠢ ᠴᠢᠬᠤᠯᠠᠴᠢᠯᠠᠨ᠎ᠠ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠡᠭᠦᠳᠦᠨ ᠪᠠᠶᠢᠭᠤᠯᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠬᠠᠷᠢᠯᠴᠠᠨ ᠲᠣᠭᠤᠷᠢᠨ ᠦᠵᠡᠵᠦ | ᠬᠠᠷᠢᠯᠴᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠤᠷ | ᠭᠠᠵᠠᠷ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ | ᠨᠡᠶᠢᠲᠡᠯᠢᠭ ᠦᠢᠯᠡ ᠶᠠᠪᠤᠳᠠᠯ ᠢ ᠤᠬᠠᠭᠤᠯᠬᠤ ᠪᠠ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠬᠦ ᠠᠵᠢᠯ ᠢ ᠰᠠᠶᠢᠲᠤᠷ | ᠬᠢᠨ᠎ᠡ᠃ | ᠬᠥᠲᠥᠯᠥᠭᠴᠢ᠄ | ︽ᠬᠤᠲᠠ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠬᠦ︾ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠡᠨᠡ ᠬᠦ ᠠᠵᠢᠯ ᠢ ᠬᠡᠷᠬᠢᠨ | ᠰᠠᠶᠢᠲᠤᠷ ᠬᠢᠬᠦ ᠪᠣᠢ︖ | ᠴᠢ ᠶᠢᠨ ᠢᠦᠢ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠤᠲᠠ ᠶᠢᠨ ᠪᠦᠯᠦᠭᠯᠡᠯ ᠢᠶᠠᠷ ᠭᠤᠣᠯ ᠴᠣᠭᠴᠠ ᠪᠣᠯᠭᠠᠵᠤ ᠲᠣᠮᠣ | ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢ ᠵᠣᠬᠢᠴᠠᠩᠭᠤᠢ ᠪᠠᠷ ᠬᠥᠭᠵᠢᠭᠦᠯᠬᠦ ᠬᠤᠲᠠ ᠬᠥᠳᠡᠭᠡ ᠶᠢᠨ | ᠪᠠᠶᠢᠷᠢᠯᠠᠭᠤᠯᠤᠯᠲᠠ ᠶᠢ ᠪᠠᠶᠢᠭᠤᠯᠵᠤ᠂ ᠲᠠᠷᠢᠶᠠᠯᠠᠩ ᠤᠨ ᠨᠡᠭᠦᠳᠡᠯ ᠬᠥᠮᠥᠨ ᠠᠮᠠ ᠶᠢᠨ ᠬᠤᠲᠠᠴᠢᠯᠠᠯᠲᠠ ᠶᠢ | ᠲᠦᠷᠭᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠨᠡ ᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠬᠦ ᠶᠢ ᠳᠠᠭᠠᠯᠳᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠶᠢ ᠬᠤᠲᠠ᠂ ᠬᠤᠲᠠ | ᠪᠠᠯᠭᠠᠰᠤ ᠲᠡᠶᠢᠰᠢ ᠵᠦᠢ ᠵᠣᠬᠢᠰᠲᠠᠢ ᠪᠠᠷ ᠨᠡᠭᠦᠯᠭᠡᠨ ᠰᠢᠯᠵᠢᠭᠦᠯᠬᠦ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠬᠦ | ᠨᠢ ᠵᠠᠶᠢᠯᠠᠰᠢ ᠦᠭᠡᠢ᠃ ᠡᠭᠦᠨ ᠳᠤ᠂ ᠪᠢᠳᠡ ᠡᠷᠬᠡᠪᠰᠢ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ᠂ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠰᠠᠶᠢᠲᠤᠷ ᠦᠢᠯᠡᠴᠢᠯᠡᠬᠦ ᠬᠡᠷᠡᠭᠲᠡᠢ᠃ ᠨᠢᠭᠡ ᠳᠤ᠂ | ᠨᠢᠭᠡᠳᠦᠯᠲᠡᠢ ᠲᠥᠯᠥᠪᠵᠢᠭᠦᠯᠵᠦ ᠤᠬᠠᠭᠠᠯᠠᠨ ᠲᠥᠯᠥᠪᠯᠡᠬᠦ ᠶᠢ ᠴᠢᠬᠤᠯᠠᠴᠢᠯᠠᠵᠤ᠂ ᠬᠤᠲᠠ ᠶᠢᠨ ᠦᠨᠳᠦᠰᠦᠲᠡᠨ ᠤ | ᠠᠵᠢᠯ ᠬᠢᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠣᠷᠭᠠᠨᠢᠭ ᠢᠶᠠᠷ | ᠤᠶᠠᠯᠳᠤᠭᠤᠯᠤᠨ᠂ ᠬᠤᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ | ᠤᠶᠠᠯᠳᠤᠭᠤᠯᠵᠤ᠂ ᠬᠤᠲᠠ ᠬᠥᠳᠡᠭᠡ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠠᠬᠢᠴᠠ ᠶᠢ ᠠᠬᠢᠭᠤᠯᠬᠤ | ᠶᠠᠪᠤᠴᠠ ᠳᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠤᠭᠰᠠᠨ᠂ ᠣᠯᠠᠨ ᠰᠠᠯᠠᠭ᠎ᠠ ᠮᠥᠴᠢᠷ ᠤᠳ | ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ᠂ ᠬᠠᠮᠲᠤ ᠪᠠᠷ ᠣᠷᠣᠯᠴᠠᠨ᠂ ᠬᠠᠮᠲᠤ ᠪᠠᠷ ᠠᠬᠢᠭᠤᠯᠤᠭᠰᠠᠨ | ᠬᠤᠲᠠ ᠶᠢᠨ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠶᠠᠷ ᠲᠤ᠂ | ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ ᠬᠤᠲᠠ ᠶᠢᠨ ᠦᠨᠳᠦᠰᠦᠲᠡᠨ ᠤ ᠠᠵᠢᠯ ᠢ ᠥᠷᠨᠢᠭᠦᠯᠬᠦ ᠶᠢ | ᠭᠦᠨᠵᠡᠭᠡᠢ ᠠᠬᠢᠭᠤᠯᠵᠤ᠂ ᠬᠤᠲᠠ ᠶᠢᠨ ᠦᠨᠳᠦᠰᠦᠲᠡᠨ ᠤ ᠠᠵᠢᠯ ᠤᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠬᠢᠨᠠᠮᠠᠭᠠᠢ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠬᠥᠮᠥᠵᠢᠭᠦᠯᠬᠦ ᠶᠢ ᠴᠢᠬᠤᠯᠠᠴᠢᠯᠠᠨ ᠳᠡᠯᠭᠡᠷᠡᠭᠦᠯᠬᠦ ᠠᠵᠢᠯ ᠢ | ᠰᠠᠶᠢᠲᠤᠷ ᠬᠢᠨ᠎ᠡ᠃ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠤᠨ᠂ ᠬᠤᠲᠠ ᠬᠥᠳᠡᠭᠡ ᠶᠢᠨ ᠴᠥᠭᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ | ᠣᠷᠣᠯᠴᠠᠬᠤ ᠶᠢ ᠳᠡᠮᠵᠢᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠦᠢᠯᠡᠴᠢᠯᠡᠨ ᠬᠠᠮᠢᠶᠠᠷᠬᠤ ᠠᠵᠢᠯ ᠢ | ᠰᠠᠶᠢᠲᠤᠷ ᠬᠢᠵᠦ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠯᠠᠨ ᠨᠡᠶᠢᠲᠡ ᠶᠢᠨ ᠡᠯ᠎ᠡ | ᠵᠦᠢᠯ ᠤᠨ ᠦᠨᠳᠦᠰᠦᠨ ᠦᠢᠯᠡᠴᠢᠯᠡᠭᠡ ᠶᠢ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠳᠤ ᠪᠦᠬᠦ | ᠲᠠᠯ᠎ᠠ ᠪᠠᠷ ᠬᠠᠮᠤᠷᠤᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ | ᠣᠨᠴᠠ ᠬᠦᠴᠢᠷᠲᠡᠢ ᠣᠯᠠᠨ ᠲᠦᠮᠡᠨ ᠳᠤ ᠵᠦᠢ ᠵᠣᠬᠢᠰᠲᠠᠢ ᠬᠡᠯᠪᠡᠶᠢᠯᠲᠡ ᠬᠠᠷᠠᠭᠠᠯᠵᠠᠯ ᠣᠯᠭᠤᠵᠤ᠂ ᠨᠡᠭᠦᠯᠭᠡᠨ | ᠰᠢᠯᠵᠢᠭᠦᠯᠵᠦ ᠬᠤᠲᠠ ᠳᠤ ᠣᠷᠣᠭᠤᠯᠤᠭᠰᠠᠨ ᠪᠠ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠣᠯᠠᠨ ᠲᠦᠮᠡᠨ ᠤ | ᠠᠵᠢᠯ ᠣᠯᠬᠤ᠂ ᠠᠳᠠᠯ ᠦᠢᠯᠡᠰ ᠴᠣᠭᠴᠠᠯᠠᠬᠤ᠂ ᠭᠡᠷ ᠣᠷᠣᠨ ᠢᠶᠠᠨ ᠲᠥᠪᠬᠢᠨᠡᠭᠦᠯᠬᠦ᠂ ᠦᠷ᠎ᠡ ᠬᠡᠦᠬᠡᠳ ᠢᠶᠠᠨ | ᠪᠢᠴᠢᠭ ᠦᠵᠡᠭᠦᠯᠬᠦ᠂ ᠡᠪᠡᠳᠴᠢᠨ ᠢᠶᠠᠨ ᠦᠵᠡᠭᠦᠯᠵᠦ ᠡᠮᠴᠢᠯᠡᠭᠡ ᠬᠢᠬᠦ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ | ᠨᠡᠩ ᠣᠯᠠᠨ ᠬᠠᠯᠠᠮᠵᠢᠯᠠᠯ ᠪᠠ ᠬᠠᠷᠠᠭᠠᠯᠵᠠᠯ ᠦᠵᠡᠭᠦᠯᠦᠨ᠎ᠡ᠃ ᠬᠠᠤᠯᠢ ᠪᠠᠷ ᠵᠠᠰᠠᠬᠤ ᠰᠡᠳᠬᠢᠬᠦᠢ ᠶᠢ ᠪᠠᠷᠢᠮᠲᠠᠯᠠᠨ᠂ | ᠡᠯ᠎ᠡ ᠦᠨᠳᠦᠰᠦᠲᠡᠨ ᠤ ᠣᠯᠠᠨ ᠲᠦᠮᠡᠨ ᠢ ᠬᠥᠮᠥᠵᠢᠭᠦᠯᠬᠦ ᠪᠠ ᠬᠥᠲᠥᠯᠥᠨ ᠵᠢᠯᠣᠭᠤᠳᠴᠤ ᠪᠠᠶᠢᠭᠠᠳ ᠬᠠᠤᠯᠢ | ᠴᠠᠭᠠᠵᠠ ᠶᠢ ᠰᠤᠷᠴᠤ᠂ ᠬᠠᠤᠯᠢ ᠴᠠᠭᠠᠵᠠ ᠶᠢ ᠬᠦᠨᠳᠦᠳᠬᠡᠨ᠂ ᠬᠠᠤᠯᠢ ᠴᠠᠭᠠᠵᠠ ᠶᠢ ᠰᠠᠬᠢᠵᠤ᠂ ᠦᠨᠳᠦᠰᠦᠲᠡᠨ ᠤ | ᠪᠦᠯᠬᠦᠮᠳᠡᠯ ᠢ ᠬᠠᠮᠲᠤ ᠪᠠᠷ ᠬᠠᠮᠠᠭᠠᠯᠠᠨ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ | ᠪᠠᠶᠢᠭᠤᠯᠵᠤ᠂ ︽ᠬᠠᠮᠲᠤ ᠪᠠᠷ ᠣᠷᠣᠰᠢᠨ ᠬᠠᠮᠲᠤ ᠪᠠᠷ ᠬᠥᠭᠵᠢᠵᠦ᠂ ᠬᠠᠮᠲᠤ ᠪᠠᠷ ᠪᠠᠶᠢᠭᠤᠯᠤᠨ ᠬᠠᠮᠲᠤ ᠳᠤ ᠪᠠᠨ | ᠬᠦᠷᠲᠡᠬᠦ︾ ᠶᠢ ᠪᠡᠶᠡᠯᠡᠭᠦᠯᠦᠨ᠎ᠡ᠃ | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠨᠢᠭᠡ | ᠦᠨᠳᠦᠰᠦᠲᠡᠨ ᠢ ᠴᠤ ᠬᠤᠴᠣᠷᠤᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠮᠠᠨ ᠤ ᠣᠷᠣᠨ ᠤ ᠬᠡᠰᠡᠭ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠣᠷᠣᠨ ᠪᠠᠶᠢᠷᠢ ᠨᠢ | ᠠᠯᠤᠰ ᠪᠤᠶᠢᠳᠠ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠨᠡᠯᠢᠶᠡᠳ ᠮᠠᠭᠤ᠂ ᠠᠵᠤ ᠠᠬᠤᠢ ᠨᠡᠶᠢᠭᠡᠮ ᠤᠨ | ᠬᠥᠭᠵᠢᠯᠲᠡ ᠨᠢ ᠬᠠᠷᠢᠴᠠᠩᠭᠤᠢ ᠬᠤᠴᠣᠷᠴᠤ ᠪᠠᠶᠢᠬᠤ ᠠᠴᠠ ᠪᠣᠯᠵᠤ᠂ ᠵᠠᠷᠢᠮ ᠣᠯᠠᠨ ᠲᠦᠮᠡᠨ ᠶᠠᠳᠠᠭᠤ ᠬᠦᠴᠢᠷᠲᠡᠢ | ᠪᠠᠶᠢᠳᠠᠯ ᠠᠴᠠ ᠠᠩᠭᠢᠵᠢᠷᠠᠵᠤ ᠴᠢᠳᠠᠭ᠎ᠠ ᠦᠭᠡᠢ ᠪᠠᠶᠢᠨ᠎ᠠ᠃ ᠡᠨᠡ ᠪᠣᠯ ᠮᠥᠨ ᠴᠤ ᠮᠠᠨ ᠤ ᠣᠷᠣᠨ ᠤ ᠶᠠᠳᠠᠭᠤ ᠠᠴᠠ | ᠠᠩᠭᠢᠵᠢᠷᠠᠭᠤᠯᠵᠤ ᠰᠢᠪᠲᠤᠯᠤᠯᠲᠠ ᠬᠢᠬᠦ ᠶᠢᠨ ᠭᠤᠣᠯᠳᠠᠯᠭ᠎ᠠ ᠪᠠ ᠬᠦᠴᠢᠷᠳᠡᠯ ᠪᠣᠯᠣᠨ᠎ᠠ᠃ ᠲᠡᠭᠡᠪᠡᠯ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠢ | ᠱᠠᠭᠠᠷᠳᠠᠯᠭ᠎ᠠ ᠶᠢᠨ ᠲᠣᠭᠤᠷᠢᠨ ᠳᠤ᠂ ᠬᠡᠷᠬᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠨ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠬᠤ ᠳᠤ ᠬᠦᠴᠦᠨ ᠪᠦᠬᠦᠢ ᠳᠡᠮᠵᠢᠯᠭᠡ ᠬᠠᠩᠭᠠᠬᠤ ᠪᠣᠢ︖ | ᠴᠢ ᠶᠢᠨ ᠢᠦᠢ᠄ | ᠨᠢᠭᠡ ᠳᠤ᠂ ᠪᠠᠶᠢᠴᠠᠭᠠᠨ ᠰᠤᠳᠤᠯᠬᠤ ᠶᠢ ᠭᠦᠨᠵᠡᠭᠡᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ ᠪᠠ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠣᠷᠣᠨ ᠤ ᠶᠠᠳᠠᠭᠤ | ᠬᠤᠴᠣᠷᠤᠩᠭᠤᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠨ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ | ᠦᠨᠳᠦᠰᠦᠯᠡᠯ ᠬᠠᠩᠭᠠᠬᠤ ᠬᠡᠷᠡᠭᠲᠡᠢ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ ᠠᠩᠭᠢᠵᠢᠷᠠᠭᠤᠯᠵᠤ ᠰᠢᠪᠲᠤᠯᠤᠯᠲᠠ ᠬᠢᠬᠦ | ᠠᠵᠢᠯᠯᠠᠭ᠎ᠠ ᠶᠢᠨ ᠭᠤᠷᠪᠠᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ | ᠳᠠᠩᠰᠠ ᠺᠠᠷᠲ ᠲᠠᠢ ᠶᠠᠳᠠᠭᠤ ᠬᠦᠴᠢᠷᠲᠡᠢ ᠬᠥᠮᠥᠨ ᠠᠮᠠ ᠳᠤ ᠠᠩᠬᠠᠷᠤᠭᠤᠯᠤᠨ ᠲᠥᠪᠯᠡᠷᠡᠭᠦᠯᠵᠦ᠂ ᠴᠥᠭᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠵᠤ ᠪᠠᠶᠢᠭ᠎ᠠ ᠶᠠᠳᠠᠭᠤ ᠬᠦᠴᠢᠷᠲᠡᠢ ᠭᠠᠵᠠᠷ ᠣᠷᠣᠨ ᠳᠠᠬᠢ ᠪᠡᠯᠡ | ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠤᠶᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ | ᠢᠯᠠᠯᠲᠠ ᠣᠯᠬᠤ ᠶᠢ ᠪᠦᠬᠦ ᠬᠦᠴᠦᠨ ᠢᠶᠠᠷ ᠳᠡᠮᠵᠢᠬᠦ ᠬᠡᠷᠡᠭᠲᠡᠢ᠃ ᠭᠤᠷᠪᠠ ᠳᠤ᠂ ᠤᠯᠤᠰ ᠤᠨ ︽︿13 · 5﹀ ᠶᠢᠨ | ᠦᠨᠳᠦᠰᠦᠲᠡᠨ ᠤ ᠣᠷᠣᠨ ᠪᠠ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠬᠥᠭᠵᠢᠯᠲᠡ ᠶᠢ | ᠠᠬᠢᠭᠤᠯᠬᠤ ᠲᠥᠯᠥᠪᠵᠢᠭᠦᠯᠭᠡ︾ ᠪᠠ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠴᠢᠨᠡᠭᠡᠯᠢᠭᠵᠢᠭᠦᠯᠬᠦ | ᠠᠵᠢᠯᠯᠠᠭ᠎ᠠ ᠶᠢᠨ ︿13 · 5﹀ ᠶᠢᠨ ᠲᠥᠯᠥᠪᠵᠢᠭᠦᠯᠭᠡ︾ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ | ᠵᠥᠷᠢᠶᠡᠴᠢᠯᠡᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠯᠢ | ᠬᠢᠵᠠᠭᠠᠷ ᠣᠷᠣᠨ᠂ ᠬᠥᠮᠥᠨ ᠠᠮᠠ ᠨᠢ ᠬᠠᠷᠢᠴᠠᠩᠭᠤᠢ ᠴᠥᠭᠡᠨ ᠦᠨᠳᠦᠰᠦᠲᠡᠨ ᠤ ᠲᠥᠪᠯᠡᠷᠡᠨ ᠰᠠᠭᠤᠷᠢᠰᠢᠵᠤ | ᠪᠠᠶᠢᠭ᠎ᠠ ᠭᠠᠵᠠᠷ ᠣᠷᠣᠨ ᠢ ᠭᠤᠣᠯᠳᠠᠯᠭ᠎ᠠ ᠲᠠᠢ ᠪᠠᠷ ᠳᠡᠮᠵᠢᠨ ᠰᠠᠭᠤᠷᠢ ᠪᠡᠯᠡᠳᠬᠡᠵᠡᠢ ᠶᠢᠨ ᠪᠠᠶᠢᠭᠤᠯᠤᠯᠲᠠ ᠶᠢ ᠨᠢ | ᠴᠢᠩᠭᠠᠳᠬᠠᠵᠤ᠂ ᠳᠠᠪᠠᠭᠤᠯᠢᠭ ᠥᠪᠡᠷᠮᠢᠴᠡ ᠠᠵᠤ ᠦᠢᠯᠡᠰ ᠢ ᠬᠥᠮᠥᠵᠢᠭᠦᠯᠦᠨ ᠪᠣᠶᠢᠵᠢᠭᠤᠯᠵᠤ᠂ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠢ᠃ ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠨᠥᠬᠦᠴᠡᠯ ᠲᠠᠢ ᠭᠠᠵᠠᠷ ᠣᠷᠣᠨ ᠤ | ᠬᠢᠨ ᠤ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ ᠶᠢ | ᠳᠡᠮᠵᠢᠬᠦ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠢ | ᠬᠠᠮᠠᠭᠠᠯᠠᠬᠤ ᠪᠠ ᠬᠥᠭᠵᠢᠭᠦᠯᠬᠦ ᠠᠵᠢᠯ ᠢ ᠴᠢᠩᠭᠠᠳᠬᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ | ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠣᠨᠴᠠᠭᠠᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ | ᠬᠥᠲᠥᠯᠥᠭᠴᠢ᠄ | ᠴᠢ ᠡᠷᠬᠢᠯᠡᠭᠴᠢ ᠶᠢᠨ ᠮᠠᠨ ᠤ ᠪᠤᠯᠤᠩ ᠳᠤ ᠮᠣᠷᠢᠯᠠᠨ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ | ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ ᠪᠠᠶᠢᠨ᠎ᠠ᠃ ᠮᠠᠨ ᠤ | ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ | ᠳᠠᠬᠢᠨ ᠵᠣᠯᠭᠠᠶ᠎ᠠ᠂ ᠪᠠᠶᠠᠷᠲᠠᠢ︕ | | | |