ᠪᠦᠬᠦ ᠤᠯᠤᠰ ᠤᠨ ︽ᠬᠠᠮᠤᠬ ᠤᠨ ᠭᠤᠶᠤ ᠴᠡᠷᠢᠭ ᠤᠨ ᠠᠯᠪᠠ ᠠᠴᠠ ᠬᠠᠯᠠᠬᠳᠠᠬᠰᠠᠳ︾᠎ ᠤᠨ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠤᠯᠳᠠ ᠶᠢᠨ ᠬᠤᠷᠠᠯ ᠬᠥᠬᠡᠬᠤᠲᠡ ᠳᠤ ᠶᠠᠪᠤᠬᠲᠠᠪᠠ  ᠡᠸᠤ ᠶᠠᠩ ᠰᠢᠶᠤᠤ ᠬᠤᠢ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/1/11
     1 ᠳ᠋ᠦ᠋ᠭᠡᠷ ᠰᠠᠷ᠎ᠠ ᠶᠢᠨ 9᠎ ᠤ ᠡᠳᠤᠷ᠂ ᠪᠦᠬᠦ ᠤᠯᠤᠰ ᠤᠨ ︽ᠬᠠᠮᠤᠬ ᠤᠨ ᠭᠤᠶᠤ ᠴᠡᠷᠢᠭ ᠤᠨ ᠠᠯᠪᠠ ᠠᠴᠠ ᠬᠠᠯᠠᠬᠳᠠᠬᠰᠠᠳ︾᠎ ᠤᠨ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠤᠯᠳᠠ ᠶᠢᠨ ᠪᠦᠯᠬᠦᠮ ᠤᠨ ᠦᠪᠤᠷ ᠮᠤᠩᠭᠤᠯ ᠎ ᠤᠨ ᠦᠪᠡᠷᠳᠡᠬᠡᠨ ᠵᠠᠰᠠᠬᠤ ᠤᠷᠤᠨ ᠳᠠᠬᠢ ᠮᠡᠳᠡᠬᠦᠯᠤᠯᠳᠠ ᠶᠢᠨ ᠬᠤᠷᠠᠯ ᠬᠦᠬᠡᠬᠤᠲᠠ ᠳᠤ ᠶᠠᠪᠤᠬᠳᠠᠪᠠ᠃ ᠮᠡᠳᠡᠬᠦᠯᠤᠯᠳᠠ ᠶᠢᠨ ᠬᠤᠷᠠᠯ ᠲᠡᠭᠡᠷ᠎ᠠ᠂ ᠵᠧᠩ ᠯᠦ᠂ ᠸᠠᠩ ᠮᠢᠩ ᠯᠢ᠂ ᠯᠢᠨ ᠱᠠᠩ ᠳ᠋ᠸᠤ᠂ ᠴᠧᠨ ᠺᠦᠨ ᠶᠤᠸᠠᠨ᠂ ᠭᠠᠨ ᠯᠦ ᠵᠡᠷᠬᠡ ᠲᠠᠪᠤᠨ ᠬᠠᠮᠤᠬ ᠤᠨ ᠭᠤᠶᠤ ᠴᠡᠷᠢᠭ ᠤᠨ ᠠᠯᠪᠠ ᠠᠴᠠ ᠬᠠᠯᠠᠬᠳᠠᠬᠴᠢ ᠳᠤᠰ ᠳᠤᠰ ᠤᠨ ᠴᠡᠷᠢᠭ ᠤᠨ ᠠᠯᠪᠠ ᠠᠴᠠ ᠬᠠᠯᠠᠬᠳᠠᠬᠰᠠᠨ ᠤ ᠲᠠᠷᠠᠭᠠᠬᠢ ᠴᠡᠷᠢᠭ ᠬᠦᠮᠤᠨ ᠤ ᠬᠡᠪ ᠴᠢᠨᠠᠷ ᠢᠶᠠᠨ ᠦᠨᠢᠳᠡ ᠬᠠᠳᠠᠭᠠᠯᠠᠵᠤ᠂ ᠲᠡᠰᠪᠤᠷᠢ ᠬᠠᠳᠠᠭᠤᠵᠢᠯᠳᠠᠢ ᠲᠡᠮᠡᠴᠡᠵᠤ᠂ ᠭᠠᠪᠢᠶ᠎ᠠ ᠪᠠᠶᠢᠭᠤᠯᠵᠤ ᠦᠢᠯᠡᠰ ᠪᠦᠳᠤᠭᠡᠭᠰᠡᠨ ᠰᠡᠳᠬᠢᠯ ᠬᠦᠳᠡᠯᠬᠡᠮ᠎ᠠ ᠦᠢᠯᠡ ᠠᠵᠢᠯᠯᠠᠭ᠎ᠠ ᠪᠠᠨ ᠤᠯᠠᠨ ᠲᠠᠢ ᠬᠤᠪᠢᠶᠠᠯᠴᠠᠪᠠ᠃      ᠥᠪᠡᠷᠲᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠮᠡᠲᠡᠬᠦᠯᠥᠯᠲᠡ ᠶᠢᠨ ᠬᠤᠷᠠᠯ ᠎ ᠳᠤ ᠤᠷᠤᠯᠴᠠᠵᠤ ᠶᠠᠷᠢᠶ᠎ᠠ ᠲᠠᠯᠪᠢᠵᠠᠢ᠃      ᠡᠸᠤ ᠶᠠᠩ ᠰᠢᠶᠤᠤ ᠬᠤᠢ ᠵᠢᠭᠠᠭᠰᠠᠨ ᠨᠢ᠂ ᠮᠡᠳᠡᠬᠦᠯᠤᠯᠳᠠ ᠶᠢᠨ ᠪᠦᠯᠬᠦᠮ ᠤᠨ 5 ᠴᠡᠷᠢᠭ ᠤᠨ ᠠᠯᠪᠠ ᠠᠴᠠ ᠬᠠᠯᠠᠬᠳᠠᠬᠰᠠᠳ ᠴᠡᠷᠢᠭ ᠬᠦᠮᠤᠨ ᠤ ᠬᠡᠪ ᠴᠢᠨᠠᠷ ᠢᠶᠠᠨ ᠦᠨᠢᠳᠠ ᠬᠠᠳᠠᠭᠠᠯᠠᠵᠤ᠂ ᠬᠦᠴᠦᠷᠭᠡᠭᠵᠢᠬᠦ ᠪᠠᠷ ᠬᠦᠴᠤᠯᠠᠨ ᠴᠢᠷᠮᠠᠶᠢᠭᠰᠠᠨ ᠰᠢᠯᠢᠳᠡᠭ ᠬᠡᠪ ᠴᠢᠨᠠᠷ ᠢ ᠲᠦᠪᠯᠡᠷᠡᠬᠦᠯᠤᠨ ᠲᠤᠰᠬᠠᠪᠠ᠂ ᠪᠢᠳᠠ ᠲᠡᠳᠡᠨ ᠠᠴᠠ ᠨᠠᠷᠢᠨ ᠬᠢᠨᠠᠮᠠᠭᠠᠢ ᠰᠤᠷᠤᠯᠴᠠᠭᠤᠰᠢᠳᠠᠢ ᠶᠤᠮ᠃ ᠴᠡᠷᠢᠭ ᠤᠨ ᠠᠯᠪᠠ ᠠᠴᠠ ᠬᠠᠯᠠᠬᠳᠠᠬᠰᠡᠳ ᠪᠤᠯ ᠨᠠᠮ ᠪᠤᠯᠤᠨ ᠤᠯᠤᠰ ᠤᠨ ᠬᠤᠪᠤᠷ ᠨᠠᠨᠳᠢᠨ ᠦᠪ ᠭᠦᠷᠤᠩᠭᠡ ᠮᠦᠨ᠂ ᠡᠯ᠎ᠠ ᠱᠠᠳᠤᠨ ᠤ ᠬᠤᠯᠪᠤᠬᠳᠠᠯ ᠪᠦᠭᠦᠢ ᠰᠠᠯᠠᠭ᠎ᠠ ᠮᠦᠴᠢᠷ ᠶᠡᠷᠤᠩᠭᠡᠢ ᠱᠦᠵᠢ ᠰᠢ ᠶᠢᠨ ᠫᠢᠡᠭ ᠤᠨ ᠴᠡᠷᠢᠭ ᠤᠨ ᠠᠯᠪᠠ ᠠᠴᠠ ᠬᠠᠯᠠᠬᠳᠠᠬᠰᠡᠳ ᠤᠨ ᠬᠠᠮᠢᠶ᠎ᠠ ᠪᠦᠭᠦᠢ ᠠᠵᠢᠯ ᠤᠨ ᠴᠢᠬᠤᠯᠠ ᠦᠭᠦᠯᠡᠮᠵᠢ ᠪᠤᠯᠤᠨ ᠴᠤᠬᠤᠯᠠᠪᠤᠷᠢ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠭᠦ ᠤᠷᠤᠨ ᠳᠤ ᠬᠠᠮᠤᠭ ᠤᠨ ᠭᠤᠶᠤ ᠴᠡᠷᠢᠭ ᠤᠨ ᠠᠯᠪᠠ ᠠᠴᠠ ᠬᠠᠯᠠᠬᠳᠠᠬᠰᠡᠳ ᠪᠤᠯᠬᠤ ᠰᠤᠷᠤᠯᠴᠠᠯᠭ᠎ᠠ᠂ ᠤᠬᠠᠭᠤᠯᠭ᠎ᠠ ᠶᠢᠨ ᠦᠷᠨᠢᠯᠲᠡ ᠶᠢ ᠦᠳᠳᠡᠷ ᠲᠦᠷᠭᠡᠨ ᠢᠶᠠᠷ ᠭᠦᠭᠵᠢᠭᠡᠵᠤ᠂ ᠨᠡᠶᠢᠲᠡᠯᠢᠭ ᠵᠢᠱᠢᠶ᠎ᠠ ᠦᠵᠡᠭᠦᠯᠬᠦ ᠶᠢ ᠬᠦᠲᠦᠯᠦᠨ ᠳᠠᠭᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠠᠬᠢᠭᠤᠯᠬᠤ ᠲᠠᠯ᠎ᠠ ᠪᠠᠷ ᠰᠢᠨ᠎ᠠ ᠦᠷ᠎ᠠ ᠪᠦᠳᠤᠮᠵᠢ ᠤᠯᠬᠤ ᠪᠠᠷ ᠴᠢᠷᠮᠠᠶᠢᠬᠤ ᠭᠡᠷᠡᠭᠳᠠᠢ᠃ ᠪᠦᠭᠦ ᠤᠷᠤᠨ ᠤ ᠦᠷᠭᠡᠨ ᠤᠯᠡᠨ ᠴᠡᠷᠢᠭ ᠤᠨ ᠠᠯᠪᠠ ᠠᠴᠠ ᠬᠠᠯᠠᠭᠳᠠᠭᠰᠠᠳ ᠲᠡᠷᠢᠭᠦᠨ ᠤ ᠨᠡᠶᠢᠲᠡᠯᠢᠭ ᠵᠢᠱᠢᠶ᠎ᠠ ᠪᠠᠷ ᠲᠠᠭᠤᠷᠢᠶᠠᠯ ᠪᠤᠯᠭᠠᠵᠤ᠂ ᠤᠬ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ︽ᠦᠵᠡᠰᠬᠦᠯᠡᠩᠲᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾᠎ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠭᠡᠷᠡᠭᠳᠠᠢ ᠭᠡᠵᠡᠢ᠃      ᠦᠢᠯᠡᠭᠠᠭᠰᠠᠨ ᠢᠶᠠᠷ᠂ ︽ᠬᠠᠮᠤᠭ ᠤᠨ ᠭᠤᠶᠤ ᠴᠡᠷᠢᠭ ᠤᠨ ᠠᠯᠪᠠ ᠠᠴᠠ ᠬᠠᠯᠠᠭᠳᠠᠭᠰᠠᠳ︾᠎ ᠤᠨ ᠲᠡᠷᠢᠭᠦᠨ ᠤ ᠦᠢᠯᠠ ᠠᠵᠢᠯᠯᠠᠭ᠎ᠠ ᠶᠢᠨ ᠮᠡᠳᠡᠭᠦᠯᠦᠯᠲᠡ ᠶᠢᠨ ᠪᠦᠯᠬᠦᠮ ᠢ ᠲᠦᠪ ᠤᠨ ᠤᠬᠠᠭᠤᠯᠬᠤ ᠬᠡᠯᠳᠡᠰ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠤ ᠶᠢᠨ ᠠᠵᠢᠯ ᠤᠨ ᠬᠡᠯᠳᠡᠰ ᠠᠴᠠ ᠵᠤᠬᠢᠶᠠᠨ ᠪᠠᠶᠢᠭᠤᠯᠵᠠᠢ᠂ ᠮᠡᠳᠡᠭᠦᠯᠦᠯᠲᠡ ᠶᠢᠨ ᠪᠦᠯᠬᠦᠮ ᠨᠢ ᠪᠠᠰᠠ ᠮᠠᠨ ᠤ ᠤᠷᠤᠨ ᠤ ᠪᠤᠭᠤᠳᠤ ᠬᠤᠳᠠ ᠳᠤ ᠬᠦᠷᠴᠦ ᠮᠡᠳᠡᠭᠦᠯᠦᠯᠲᠡ ᠬᠢᠭᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号