ᠥᠪᠥᠷ ᠮᠣᠩᠭᠤᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠤᠬᠢᠷᠠᠭᠤᠯᠵᠤ  ᠵᠢᠭᠡᠯᠡᠯᠭᠡ ᠭᠤᠶᠤᠴᠢᠯᠠᠬᠤ ᠳᠤ ᠡᠷᠬᠡᠪᠰᠢ 6 ᠰᠠᠷ᠎ᠠ ᠳᠠᠷᠠᠭᠠᠯᠠᠨ ᠲᠤᠭ᠎ᠠ ᠶᠣᠰᠣᠭᠠᠷ ᠭᠦᠶᠴᠡᠳ ᠲᠤᠰᠢᠶᠠᠨ ᠬᠠᠳᠠᠭᠠᠯᠠᠭᠰᠠᠨ ᠪᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2019/1/11
     2019 ᠤᠨ ᠤ 2 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦᠨ ᠤ ᠬᠠᠮᠢᠶᠠᠷᠤᠯᠲᠠ ᠶᠢᠨ ᠲᠥᠪ ᠠᠴᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠤᠯᠤᠨ᠎ᠠ᠃      ᠣᠶᠢᠯᠠᠭᠠᠭᠰᠠᠨ ᠢᠶᠠᠷ᠂ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠳᠤ ᠡᠷᠬᠡᠪᠰᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ 6 ᠰᠠᠷ᠎ᠠ ︵ᠪᠠᠭᠲᠠᠨ᠎ᠠ︶᠎ ᠠᠴᠠ ᠳᠡᠭᠡᠭᠰᠢ ᠳᠠᠷᠠᠭᠠᠯᠠᠨ ᠲᠤᠭ᠎ᠠ ᠶᠣᠰᠣᠭᠠᠷ ᠭᠦᠶᠴᠡᠳ ᠲᠤᠰᠢᠶᠠᠨ ᠬᠠᠳᠠᠭᠠᠯᠠᠭᠰᠠᠨ ᠪᠥᠭᠡᠳ ᠳᠠᠩᠰᠠ ᠨᠢ ᠬᠡᠪ ᠢᠶᠠᠷ ᠲᠤᠰᠢᠶᠠᠵᠤ ᠬᠠᠳᠠᠭᠠᠯᠠᠭᠰᠠᠨ ᠪᠠᠶᠢᠳᠠᠯ ᠳᠤ ᠪᠠᠶᠢᠵᠤ᠂ ᠨᠥᠬᠦᠵᠦ ᠲᠤᠰᠢᠶᠠᠬᠤ᠂ ᠪᠥᠭᠡᠮ ᠢᠶᠠᠷ ᠲᠤᠰᠢᠶᠠᠬᠤ ᠵᠡᠷᠭᠡ ᠬᠡᠯᠪᠡᠷᠢ ᠪᠠᠷ ᠳᠠᠷᠠᠭᠠᠯᠠᠨ ᠲᠤᠰᠢᠶᠠᠵᠤ ᠬᠠᠳᠠᠭᠠᠯᠠᠬᠤ ᠶᠢ ᠤᠷᠤᠯᠠᠭᠤᠯᠵᠤ ᠪᠤᠯᠬᠤ ᠦᠭᠡᠢ ᠪᠤᠯᠵᠠᠢ᠃ ᠲᠤᠰ ᠲᠦᠪ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠥᠬᠡᠬᠤᠲᠠ ᠠᠴᠠ ᠪᠤᠰᠤᠳ ᠭᠠᠵᠠᠷ ᠥᠪᠡᠰᠦᠪᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠤᠪᠠᠯ᠂ ᠬᠡᠷ ᠪᠠᠶᠢᠰᠢᠩ ᠬᠤᠳᠠᠯᠳᠤᠨ ᠠᠪᠬᠤ ᠭᠠᠨᠵᠷ ᠨᠢ ᠡᠷᠬᠡᠪᠰᠢ ᠵᠣᠭᠤᠰ ᠵᠢᠭᠡᠯᠡᠭᠴᠢ ︵ᠬᠠᠨᠢ ᠨᠦᠬᠦᠷ ᠪᠠᠭᠲᠠᠨ᠎ᠠ︶᠎ ᠶᠢᠨ ᠠᠵᠢᠯᠯᠠᠵᠤ ᠪᠠᠶᠢᠭ᠎ᠠ ᠭᠠᠵᠠᠷ ᠪᠤᠶᠤ ᠵᠣᠭᠤᠰ ᠵᠢᠭᠡᠯᠡᠭᠴᠢ ︵ᠬᠠᠨᠢ ᠨᠦᠬᠦᠷ ᠪᠠ ᠡᠷᠦᠬᠡ ᠠᠮᠠ ᠲᠠᠢ ᠰᠢᠭᠤᠳ ᠲᠥᠷᠥᠯ ᠰᠠᠳᠤᠨ ᠪᠠᠭᠲᠠᠨ᠎ᠠ︶᠎ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠠᠶᠢᠬᠤ ᠬᠡᠷᠡᠭᠲᠡᠢ᠃      ᠲᠤᠰ ᠤᠳᠠᠭ᠎ᠠ ᠪᠠᠰᠠ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠪᠤᠳᠤᠬᠤ ᠠᠷᠭ᠎ᠠ ᠶᠢ ᠲᠣᠬᠢᠷᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ ᠠᠵᠢᠯᠳᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ ᠲᠠᠢ ᠬᠤᠯᠪᠤᠭᠳᠠᠵᠤ᠂ ᠬᠠᠮᠤᠭ ᠤᠨ ᠦᠨᠳᠦᠷ ᠵᠣᠭᠤᠰ ᠵᠢᠭᠡᠯᠡᠵᠦ ᠪᠤᠯᠬᠤ ᠲᠤᠭ᠎ᠠ ᠬᠡᠮᠵᠢᠶ᠎ᠡ ᠨᠢ ᠵᠤᠭᠤᠰ ᠵᠢᠭᠡᠯᠡᠭᠴᠢ ︵ᠬᠠᠨᠢ ᠨᠦᠬᠦᠷ ᠪᠠᠭᠲᠠᠨ᠎ᠠ︶᠎ ᠶᠢᠨ ᠵᠢᠭᠡᠯᠡᠯᠭᠡ ᠭᠤᠶᠤᠴᠢᠯᠠᠬᠤ ᠲᠤᠰ ᠰᠠᠷ᠎ᠠ ᠶᠢᠨ ᠬᠡᠪ ᠢᠶᠠᠷ ᠲᠤᠰᠢᠶᠠᠵᠤ ᠬᠠᠳᠠᠭᠠᠯᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠯᠡᠳᠡᠪᠦᠷᠢ ᠶᠢᠨ ᠨᠡᠶᠢᠯᠡᠪᠦᠷᠢ ᠶᠢᠨ 20 ᠳᠠᠬᠢᠨ ᠠᠴᠠ ᠬᠡᠲᠦᠷᠡᠵᠦ ᠪᠤᠯᠬᠤ ᠦᠭᠡᠢ᠂ ᠪᠤᠳᠤᠯᠭ᠎ᠠ ᠶᠢᠨ ᠳ᠋ᠦᠩ ᠨᠢ 15 ᠲᠦᠮᠡ ᠬᠦᠷᠬᠦ ᠦᠭᠡᠢ ᠶᠢ 15 ᠲᠦᠮᠡ ᠪᠠᠷ ᠪᠤᠳᠤᠨ᠎ᠠ᠂ ᠪᠤᠰᠤᠳ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠪᠤᠳᠤᠬᠤ ᠠᠷᠭ᠎ᠠ ᠬᠡᠯᠪᠡᠷᠢ ᠬᠤᠪᠢᠷᠡᠬᠤ ᠦᠭᠡᠢ᠃      ᠡᠭᠦᠨ ᠳᠤ ᠬᠠᠮᠲᠤ᠂ ᠣᠨᠳᠣᠣ ᠭᠠᠵᠠᠷ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠬᠥᠬᠡᠬᠤᠲᠠ ᠳᠤ ᠬᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠭᠤᠶᠤᠴᠢᠯᠠᠬᠤ ᠳᠤ᠂ ᠵᠤᠭᠤᠰ ᠵᠢᠭᠡᠯᠡᠭᠴᠢ ︵ᠬᠠᠨᠢ ᠨᠦᠬᠦᠷ ᠪᠠᠭᠲᠠᠨ᠎ᠠ︶᠎ ᠶᠢᠨ ᠨᠢᠭᠡ ᠲᠠᠯ᠎ᠠ ᠨᠢ ᠬᠥᠬᠡᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠠᠶᠢᠬᠤ ᠪᠥᠭᠡᠳ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠢᠭᠠᠨ ᠲᠣᠭᠲᠠᠭᠠᠭᠰᠠᠨ ᠪᠤᠰᠤᠳ ᠭᠠᠵᠠᠷ ᠤᠨ ᠵᠢᠭᠡᠯᠡᠯᠭᠡ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠨᠡᠷᠡᠰ ᠤᠨ ᠬᠡᠪᠴᠢᠶᠡᠨ ᠳᠠᠬᠢ ᠬᠠᠮᠢᠶᠠᠷᠤᠯᠲᠠ ᠶᠢᠨ ᠲᠥᠪ ᠠᠴᠠ ᠭᠠᠷᠭᠠᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠤ ᠬᠠᠳᠠᠭᠠᠯᠠᠭᠤᠯᠤᠭᠰᠠᠨ ᠭᠡᠷᠡᠴᠢ ᠶᠢ ᠬᠠᠩᠭᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号