ᠥᠪᠥᠷ ᠮᠣᠩᠭᠤᠯ᠄ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠥᠳᠡᠯᠮᠦᠷᠢ ᠶᠢᠨ ᠬᠥᠯᠥᠰᠥ ᠮᠥᠩᠭᠦ ᠪᠠᠨ ᠣᠯᠵᠤ ᠠᠪᠬᠤ ᠶᠢ ᠨᠢ ᠦᠨᠡᠨ ᠬᠦ ᠪᠠᠲᠤᠯᠠᠵᠤ ᠪᠤᠢ
ᠨᠡᠶᠢᠲᠡᠯᠡᠭᠰᠡᠨ ᠴᠠᠭ᠄
2019/1/11
     ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ ᠤᠨ ᠢᠲᠡᠭᠡᠯ ᠢᠶᠠᠨ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ᠂ ᠴᠠᠯᠢᠩ ᠥᠷᠢᠲᠦᠬᠦ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ 2019 ᠣᠨ ᠤ ᠴᠠᠭᠠᠨ ᠰᠠᠷ᠎ᠠ ᠠᠴᠠ ᠡᠮᠦᠨ᠎ᠡ ᠬᠥᠳᠡᠯᠮᠦᠷᠢ ᠶᠢᠨ ᠬᠥᠯᠥᠰᠥ ᠮᠥᠩᠭᠦ ᠪᠠᠨ ᠣᠯᠵᠤ ᠠᠪᠬᠤ ᠶᠢ ᠨᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠎ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭᠠᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ ᠵᠡᠷᠭᠡ ᠣᠯᠠᠨ ᠲᠢᠩᠬᠢᠮ ᠲᠣᠪᠴᠢᠶ᠎ᠠ ᠯᠤᠭ᠎ᠠ ᠬᠠᠮᠲᠤᠷᠠᠵᠤ ᠪᠠᠶᠢᠭᠠᠳ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠬᠤᠯᠪᠣᠭᠠᠯᠠᠨ ᠪᠠᠲᠤᠯᠠᠬᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠦᠭᠰᠡᠨ ᠪᠠᠶᠢᠨ᠎ᠠ᠃      ᠵᠠᠭᠤᠨ ᠡᠳᠦᠷ ᠤᠨ ᠰᠢᠪᠲᠤᠯᠤᠯᠲᠠ ᠶᠢᠨ ᠳᠠᠶᠢᠯᠠᠯᠳᠤᠭᠠᠨ ᠨᠢ 2018 ᠣᠨ ᠤ 12 ᠳ᠋ᠤᠭᠠᠷ ᠰᠠᠷ᠎ᠠ ᠠᠴᠠ 2019 ᠣᠨ ᠤ 2 ᠳ᠋ᠤᠭᠠᠷ ᠰᠠᠷ᠎ᠠ ᠪᠣᠯᠲᠠᠯ᠎ᠠ ᠶᠠᠪᠤᠭᠳᠠᠬᠤ ᠪᠣᠯᠣᠨ᠎ᠠ᠃ ᠰᠢᠪᠲᠤᠯᠤᠯᠲᠠ ᠶᠢᠨ ᠳᠠᠶᠢᠯᠠᠯᠳᠤᠭᠠᠨ ᠡᠬᠢᠯᠡᠭᠰᠡᠨ ᠤ ᠳᠠᠷᠠᠭ᠎ᠠ᠂ ᠮᠠᠨ ᠤ ᠣᠷᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠪᠠᠲᠤᠯᠠᠬᠤ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯ ᠤᠨ ᠲᠥᠰᠦᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2018 ᠣᠨ ᠤ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠪᠠᠲᠤᠯᠠᠬᠤ ᠠᠵᠢᠯ ᠢ ᠬᠢᠨᠠᠨ ᠰᠢᠯᠭᠠᠬᠤ ᠨᠠᠷᠢᠨ ᠳᠦᠷᠢᠮ︾᠎ ᠢ ᠳᠠᠷᠤᠮᠠᠯᠯᠠᠨ ᠲᠠᠷᠬᠠᠭᠠᠵᠤ᠂ ᠲᠤᠰᠬᠠᠶᠢᠯᠠᠨ ᠠᠵᠢᠯᠯᠠᠬᠤ ᠳᠤᠭᠤᠶᠢᠯᠠᠩ ᠲᠣᠮᠢᠯᠠᠵᠤ᠂ ᠡᠯ᠎ᠡ ᠠᠶᠢᠮᠠᠭ ᠬᠤᠲᠠ ᠶᠢᠨ ᠭᠤᠣᠯᠳᠠᠯᠭ᠎ᠠ ᠲᠠᠢ ᠴᠠᠯᠢᠩ ᠥᠷᠢᠲᠦᠬᠦ ᠬᠡᠷᠡᠭ ᠤᠨ ᠰᠦᠪᠡᠭᠴᠢ ᠪᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠢᠳᠪᠦᠷᠢᠯᠡᠪᠡ᠃ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠭᠤᠣᠯᠳᠠᠯᠭ᠎ᠠ ᠲᠠᠢ ᠠᠵᠢᠯ ᠲᠦᠷᠦᠯ ᠤᠨ ᠴᠠᠯᠢᠩ ᠥᠷᠢᠲᠦᠵᠦ ᠪᠠᠶᠢᠬᠤ ᠠᠰᠠᠭᠤᠳᠠᠯ᠂ ᠵᠠᠰᠠᠭ ᠤᠨ ᠣᠷᠳᠣᠨ ᠤ ᠪᠠᠷᠢᠯᠭ᠎ᠠ ᠶᠢᠨ ᠲᠥᠷᠥᠯ ᠵᠦᠢᠯ ᠤᠨ ᠴᠠᠯᠢᠩ ᠥᠷᠢᠲᠦᠵᠦ ᠪᠠᠶᠢᠬᠤ ᠠᠰᠠᠭᠤᠳᠠᠯ ᠢ ᠴᠡᠭᠴᠡᠯᠡᠨ ᠵᠠᠰᠠᠬᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠂ ᠴᠠᠯᠢᠩ ᠥᠷᠢᠲᠦᠬᠦ ᠠᠰᠠᠭᠤᠳᠠᠯ ᠠᠮᠠᠷᠬᠠᠨ ᠡᠭᠦᠰᠴᠦ ᠠᠷᠪᠢᠨ ᠭᠠᠷᠴᠤ ᠪᠠᠶᠢᠭ᠎ᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠪᠣᠯᠤᠨ ᠬᠥᠳᠡᠯᠮᠦᠷᠢ ᠬᠦᠴᠦ ᠬᠤᠷᠠᠭᠰᠠᠨ ᠬᠡᠯᠪᠡᠷᠢ ᠶᠢᠨ ᠪᠣᠯᠪᠠᠰᠤᠷᠠᠭᠤᠯᠵᠤ ᠡᠳ᠋ᠰᠢᠭᠦᠯᠬᠦ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠠᠵᠢᠯ ᠲᠦᠷᠦᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠳᠣᠬᠠᠨ ᠳᠤ᠂ ᠨᠡᠶᠢᠳᠡ7363 ᠬᠥᠮᠦᠨ ᠬᠡᠷᠡᠭᠯᠡᠬᠦ ᠨᠢᠭᠡᠴᠢ ᠶᠢ ᠵᠢᠭᠰᠠᠭᠠᠨ ᠪᠠᠶᠢᠴᠠᠭᠠᠪᠠ᠂ ᠡᠭᠦᠨ ᠳᠤ ᠴᠠᠯᠢᠩ ᠦᠷᠢᠳᠦᠵᠦ ᠪᠠᠶᠢᠭ᠎ᠠ ᠨᠢ 57 ᠨᠢᠭᠡᠴᠢ ᠪᠠᠶᠢᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ 941 ᠬᠥᠮᠦᠨ ᠬᠤᠯᠪᠣᠭᠳᠠᠵᠤ᠂ 13322.05 ᠲᠦᠮᠡᠨ ᠲᠥᠭᠦᠷᠢᠭ ᠲᠠᠢ ᠬᠤᠯᠪᠣᠭᠳᠠᠨ᠂ ᠣᠳᠣ ᠨᠢᠭᠡᠨᠲᠡ ᠬᠤᠯᠪᠣᠭᠳᠠᠯ ᠪᠦᠬᠦᠢ ᠨᠢᠭᠡᠴᠢ ᠶᠢ ᠵᠠᠷᠯᠢᠭᠳᠠᠵᠤ ᠪᠠᠶᠢᠭᠠᠳ ᠴᠠᠯᠢᠩ ᠢ ᠨᠥᠬᠦᠪᠥᠷᠢᠯᠡᠨ ᠣᠯᠭᠤᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠵᠠᠢ᠃ ᠪᠠᠰᠠ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠬᠦᠨᠳᠦ ᠨᠣᠴᠢᠲᠠᠢ ᠥᠷᠢᠲᠦᠵᠦ  ᠤᠳᠠᠭᠠᠰᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠥᠮᠦᠨ ᠬᠡᠷᠡᠭᠯᠡᠬᠦ ᠨᠢᠭᠡᠴᠢ ᠵᠢᠴᠢ ᠬᠠᠮᠢᠶ᠎ᠠ ᠪᠦᠭᠦᠢ ᠬᠠᠷᠢᠭᠤᠴᠠᠯᠭᠠᠲᠠᠨ ᠢ ︽ᠬᠠᠷ᠎ᠠ ᠳᠠᠩᠰᠠᠨ︾᠎ ᠳᠤ ᠴᠠᠭ ᠲᠤᠬᠠᠶ ᠳᠤ ᠨᠢ ᠣᠷᠣᠭᠤᠯᠤᠨ ᠬᠠᠮᠢᠶᠠᠷᠴᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠨᠢᠭᠡ ᠶᠠᠪᠤᠳᠠᠯ ᠳᠤ ᠬᠠᠤᠯᠢ ᠠᠴᠠ ᠵᠥᠷᠢᠴᠡᠪᠡᠯ ᠶᠠᠪᠤᠳᠠᠯ ᠪᠣᠯᠭᠠᠨ ᠳᠤ ᠬᠢᠵᠠᠭᠠᠷᠯᠠᠭᠳᠠᠬᠤ ᠪᠣᠯᠭᠠᠵᠠᠢ᠃      ᠮᠠᠨ ᠤ ᠣᠷᠣᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠨᠢ ᠥᠭᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2018 ᠣᠨ ᠤ ᠪᠦᠬᠦ ᠣᠷᠣᠨ ᠤ ᠪᠠᠶᠢᠭᠤᠯᠵᠤ ᠪᠠᠶᠢᠭ᠎ᠠ 1789 ᠪᠠᠷᠢᠯᠭ᠎ᠠ ᠶᠢᠨ ᠲᠦᠷᠦᠯ ᠵᠦᠢᠯ ᠳᠤ᠂ ᠰᠠᠷ᠎ᠠ ᠪᠦᠷᠢ ᠲᠤᠭ᠎ᠠ ᠶᠣᠰᠣᠭᠠᠷ ᠨᠢ ᠣᠯᠭᠤᠬᠤ ᠴᠠᠯᠢᠩ ᠤᠨ ᠲᠦᠷᠢᠮ᠂ ᠠᠵᠢᠯᠴᠢᠨ ᠬᠡᠷᠡᠭᠯᠡᠬᠦ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠳᠦᠷᠢᠮ ᠵᠡᠷᠭᠡ ᠡᠯ᠎ᠡ ᠵᠦᠢᠯ ᠤᠨ ᠭᠤᠣᠯ ᠳᠦᠷᠢᠮ ᠨᠢ ᠴᠥᠮ ᠤᠯᠤᠰ ᠤᠨ ᠱᠠᠭᠠᠷᠳᠠᠯᠭ᠎ᠠ ᠳᠤ ᠬᠦᠷᠴᠡᠢ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠶᠠᠯ᠎ᠠ ᠬᠢᠭᠰᠡᠨ 47 ᠬᠡᠷᠡᠭ ᠢ ᠪᠠᠶᠢᠴᠠᠭᠠᠨ ᠰᠢᠢᠳᠪᠦᠷᠢᠯᠡᠵᠦ ᠂ 48 ᠬᠥᠮᠦᠨ ᠳᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂  ᠬᠦᠴᠦ ᠶᠠᠪᠤᠬᠴᠢ ᠮᠠᠯᠴᠢᠨ ᠲᠠᠷᠢᠶᠠᠴᠢᠳ ᠢ ᠬᠠᠪᠰᠤᠷᠤᠨ 1790 ᠲᠦᠮᠡᠨ ᠲᠦᠬᠦᠷᠢᠭ ᠤᠨ ᠴᠠᠯᠢᠩ ᠢ ᠪᠤᠴᠠᠭᠠᠵᠤ ᠠᠪᠴᠢᠷᠠᠵᠠᠢ᠃ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠴᠠᠯᠢᠩ ᠤᠨ ᠲᠣᠬᠠᠢ ᠢᠯᠡᠴᠢᠯᠡᠨ ᠮᠡᠳᠡᠭᠦᠯᠦᠭᠰᠡᠨ 686 ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠰᠢᠭᠦᠵᠦ ᠳᠠᠭᠤᠰᠬᠠᠭᠰᠠᠨ ᠬᠡᠷᠡᠭ ᠤᠨ ᠨᠤᠷᠮ᠎ᠠ ᠨᠢ 100 %᠎ ᠳᠤ ᠬᠦᠷᠴᠦ᠂ ᠬᠡᠷᠡᠭ ᠤᠨ ᠲᠤᠭ᠎ᠠ᠂ ᠬᠥᠮᠦᠨ ᠤ ᠲᠤᠭ᠎ᠠ ᠪᠣᠯᠤᠨ ᠵᠣᠭᠤᠰ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠶᠡᠭᠡ ᠬᠡᠮᠵᠢᠶ᠎ᠡ ᠪᠠᠷ ᠪᠠᠭᠤᠷᠠᠪᠠ᠃      ᠲᠡᠷᠠᠭ᠎ᠠ ᠠᠯᠬᠤᠮ ᠳᠤ᠂ ᠮᠠᠨ ᠤ ᠣᠷᠣᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠨᠢ ᠥᠭᠬᠦ ᠠᠵᠢᠯ ᠢ ᠦᠷᠭᠦᠯᠵᠢᠯᠡᠨ ᠪᠠᠲᠤᠯᠠᠬᠤ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠵᠠᠭᠤᠨ ᠡᠳᠦᠷ ᠤᠨ  ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠬᠦᠨᠳᠦ ᠨᠣᠴᠢᠲᠠᠢ ᠦᠷᠢᠲᠦᠵᠦ ᠪᠠᠶᠢᠭ᠎ᠠ ᠠᠰᠠᠭᠤᠳᠠᠯ ᠢ ᠴᠢᠩᠭ᠎ᠠ ᠵᠠᠰᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ ᠨᠡᠶᠢᠭᠡᠮ ᠤᠨ ᠪᠠᠯᠠ ᠣᠷᠣᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠴᠠᠯᠢᠩ ᠦᠷᠢᠳᠦᠵᠦ ᠪᠠᠶᠢᠬᠤ ᠪᠦᠬᠦᠨ ᠢ ᠲᠥᠯᠥᠬᠦ ᠶᠢ ᠦᠨᠡᠨ ᠬᠦ ᠪᠠᠲᠤᠯᠠᠬᠤ ᠪᠣᠯᠣᠨ᠎ᠠ᠃ ᠡᠭᠦᠨ ᠤ ᠬᠠᠮᠲᠤ᠂ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠢᠯᠦᠭᠤᠳᠬᠠᠵᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠨᠢᠭᠡᠴᠢ ᠶᠢᠨ ᠫᠣᠷᠲ᠋ᠧᠯ ᠰᠦᠯᠵᠢᠶᠡᠨ ᠳᠡᠭᠡᠷ᠎ᠡ ᠢᠯᠡᠴᠢᠯᠡᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠠᠶᠢᠭᠤᠯᠬᠤ ᠶᠢᠨ ᠬᠠᠮᠲᠤ ᠡᠯ᠎ᠡ ᠲᠥᠷᠥᠯ ᠤᠨ ᠠᠷᠭ᠎ᠠ ᠵᠠᠮ ᠢᠶᠠᠷ ᠢᠯᠡᠴᠢᠯᠡᠨ ᠵᠠᠭᠠᠯᠳᠤᠭᠰᠠᠨ ᠬᠡᠷᠡᠭ ᠢ ᠴᠠᠭ ᠲᠤᠬᠠᠶ ᠳᠤ ᠨᠢ ᠴᠤᠭᠯᠠᠭᠤᠯᠤᠨ ᠡᠮᠬᠢᠳᠬᠡᠵᠦ᠂ ᠰᠢᠯᠵᠢᠭᠦᠯᠦᠨ   ᠲᠤᠰᠢᠶᠠᠵᠤ ᠭᠦᠢᠴᠡᠳᠬᠡᠬᠦ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号