ᠪᠦ᠋ ᠰᠢᠶᠤᠤ ᠯᠢᠨ ᠪᠦᠬᠦ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠵᠠᠭᠤᠨ ᠲᠠᠯᠠᠪᠤᠷ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠬᠦᠯᠦᠯᠳᠠ ᠶᠢᠨ ᠬᠤᠷᠠᠯ ᠳᠡᠭᠡᠷ᠎ᠠ ᠵᠠᠯᠠᠭᠤ ᠰᠤᠷᠤᠭᠴᠢᠳ ᠢ ᠵᠤᠷᠢᠬᠵᠢᠭᠤᠯᠬᠤ ᠳᠤ ᠪᠠᠨ ᠵᠢᠭᠠᠵᠤ ᠭᠠᠷᠭᠠᠭᠰᠠᠨ ᠨᠢ ᠰᠢᠨ᠎ᠠ ᠴᠠᠭ ᠦᠶ᠎ᠠ ᠶᠢᠨ ᠡᠷᠡᠯᠬᠡᠭᠯᠡᠨ ᠲᠡᠮᠡᠴᠡᠭᠴᠢ ᠪᠤᠯᠵᠦ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠠᠭᠤᠤ ᠶᠡᠭᠡ ᠦᠢᠯᠡᠳᠦᠯᠭᠡ ᠳᠤᠮᠳᠠ ᠬᠦᠮᠦᠨ ᠤ ᠠᠮᠢᠳᠤᠷᠠᠯ ᠤᠨ ᠢᠷᠠᠭᠤ ᠬᠠᠭᠤᠳᠠᠰᠤ ᠶᠢ ᠪᠢᠴᠢᠭᠯᠡᠲᠦᠭᠡᠢ
ᠨᠡᠶᠢᠲᠡᠯᠡᠭᠰᠡᠨ ᠴᠠᠭ᠄
2019/1/14
      1 ᠳ᠋ᠦ᠋ᠭᠡᠷ ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠥᠪᠦᠷ ᠮᠤᠩᠭᠤᠯ ᠤᠨ ᠶᠡᠭᠡ ᠰᠤᠷᠭᠠᠭᠤᠯᠢ ᠳᠤ ᠬᠦᠷᠴᠤ᠂ ᠦᠷᠭᠡᠨ ᠤᠯᠠᠨ ᠪᠠᠭᠰᠢ ᠰᠤᠷᠤᠬᠴᠢᠳ ᠲᠤ ︽ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ ᠰᠢᠨ᠎ᠠ ᠴᠠᠭ ᠦᠶ᠎ᠠ ᠶᠢᠨ ᠵᠢᠱᠢᠶᠡᠴᠢ ᠦᠪᠡᠷᠲᠡᠭᠡᠨ ᠵᠠᠰᠠᠬᠤ ᠤᠷᠤᠨ ᠢ ᠪᠠᠶᠢᠭᠤᠯᠤᠶ᠎ᠠ︾ ᠭᠡᠬᠦ ᠰᠡᠳᠦᠪ ᠢᠶᠠᠷ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠬᠦᠯᠦᠯᠳᠠ ᠬᠢᠵᠠᠢ᠃      ᠮᠡᠳᠡᠬᠦᠯᠦᠯᠳᠠ ᠶᠢᠨ ᠬᠤᠷᠠᠯ ᠳᠡᠭᠡᠷ᠎ᠠ᠂ ᠪᠦ᠋ ᠰᠢᠶᠤᠤ ᠯᠢᠨ ︽ᠰᠢᠨ᠎ᠠ ᠴᠠᠭ ᠦᠶ᠎ᠠ ᠶᠢᠨ ᠥᠪᠦᠷ ᠮᠤᠩᠭᠤᠯ ᠤᠨ ᠬᠦᠭᠵᠢᠯᠳᠠ︾ ᠭᠡᠬᠦ ᠭᠤᠤᠯ ᠰᠡᠳᠦᠪ ᠤᠨ ᠲᠤᠭᠤᠷᠢᠨ ᠳᠤ᠂ ᠰᠢᠨ᠎ᠠ ᠴᠠᠭ ᠦᠶ᠎ᠠ ᠶᠢᠨ ᠥᠪᠦᠷ ᠮᠤᠩᠭᠤᠯ ᠤᠨ ᠡᠬᠦᠷᠭᠡ᠂ ᠬᠦᠭᠵᠢᠯᠳᠠ᠂ ᠦᠭᠡᠷᠡᠴᠢᠯᠡᠯᠳᠠ ᠨᠡᠭᠡᠭᠡᠯᠳᠠ ᠪᠠ ᠡᠷᠭᠡᠪᠰᠢ ᠪᠠᠶᠢᠬᠤ ᠬᠡᠷᠡᠭᠳᠠᠢ ᠵᠤᠷᠢᠭ ᠰᠠᠨᠠᠭ᠎ᠠ ᠵᠡᠷᠭᠡ ᠲᠦᠷᠪᠡᠨ ᠲᠠᠯ᠎ᠠ ᠪᠠᠷ᠂ ᠥᠪᠦᠷ ᠮᠤᠩᠭᠤᠯ ᠤᠨ ᠲᠡᠦᠭᠡᠳᠦ ᠡᠬᠦᠷᠭᠡ ᠶᠢ ᠰᠢᠰᠲ᠋ᠧᠮ ᠲᠠᠢ ᠲᠤᠳᠤᠷᠬᠠᠢᠢᠯᠠᠨ ᠦᠬᠦᠯᠡᠵᠦ᠂ ᠰᠢᠨ᠎ᠠ ᠴᠠᠭ ᠦᠶ᠎ᠠ ᠳᠤ ᠥᠪᠦᠷ ᠮᠤᠩᠭᠤᠯ ᠭᠡᠷᠬᠢᠨ ᠬᠦᠭᠵᠢᠬᠦ᠂ ᠶᠠᠭᠠᠬᠢᠵᠦ ᠬᠦᠭᠵᠢᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠠᠢ᠃ ᠲᠡᠷᠡ ᠴᠢᠬᠤᠯᠠᠴᠢᠯᠠᠭᠰᠠᠨ ᠨᠢ᠂ ᠤᠳᠤᠬᠠᠨ ᠳᠤ ᠪᠢᠳᠠ ᠶᠠᠭ ᠶᠡᠭᠡ ᠤᠯᠤᠰ ᠠᠴᠠ ᠬᠦᠴᠦᠷᠭᠡᠭ ᠤᠯᠤᠰ ᠪᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠪᠠᠨ ᠳᠡᠷᠭᠡᠯᠰᠢᠬᠦᠯᠬᠦ ᠴᠠᠭ ᠦᠶ᠎ᠠ ᠳᠤ ᠤᠷᠤᠰᠢᠵᠦ ᠪᠤᠢ᠂ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠰᠢᠨ᠎ᠠ ᠴᠠᠭ ᠦᠶ᠎ᠠ ᠶᠢᠨ ᠵᠢᠱᠢᠶᠡᠴᠢ ᠦᠪᠡᠷᠲᠡᠭᠡᠨ ᠵᠠᠰᠠᠬᠤ ᠤᠷᠤᠨ ᠤ ᠡᠬᠦᠷᠭᠡ ᠪᠠᠨ ᠰᠠᠶᠢᠳᠤᠷ ᠡᠬᠦᠷᠭᠡᠯᠡᠬᠦ ᠭᠡᠷᠡᠭᠲᠡᠢ᠃ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠪᠠᠨ ᠬᠤᠪᠢᠷᠠᠭᠤᠯᠬᠤ ᠪᠠᠨ ᠲᠦᠷᠭᠡᠳᠭᠡᠵᠤ᠂ ᠬᠦᠨᠳᠤ ᠶᠡᠭᠡ ᠠᠶᠦᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠡᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠭᠡᠷᠡᠭᠲᠡᠢ᠃ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠰᠢᠨ᠎ᠠ ᠴᠠᠭ ᠦᠶ᠎ᠠ ᠶᠢᠨ ᠡᠷᠡᠯᠬᠡᠭᠯᠡᠨ ᠲᠡᠮᠡᠴᠡᠭᠴᠢ ᠪᠤᠯᠵᠦ᠂ ᠦᠭᠡᠷᠡᠴᠢᠯᠡᠯᠳᠠ ᠨᠡᠭᠡᠭᠡᠯᠳᠠ ᠶᠢᠨ ᠠᠬᠢᠭᠤᠯᠤᠬᠴᠢ ᠪᠤᠯᠵᠦ᠂ ᠢᠳᠡᠪᠬᠢᠳᠠᠢ ᠪᠦᠳᠦᠭᠡᠨ ᠪᠠᠶᠢᠭᠤᠯᠤᠬᠴᠢ ᠪᠤᠯᠬᠤ ᠭᠡᠷᠡᠭᠲᠡᠢ ᠭᠡᠵᠡᠢ᠃      ᠪᠦ᠋ ᠰᠢᠶᠤᠤ ᠯᠢᠨ ᠵᠢᠭᠠᠵᠤ ᠭᠠᠷᠭᠠᠭᠰᠠᠨ ᠨᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠶᠤᠰᠤ ᠮᠤᠷᠠᠯ ᠲᠠᠢ ᠬᠦᠮᠦᠨ ᠢ ᠬᠦᠮᠦᠵᠢᠬᠦᠯᠬᠦ ᠪᠠᠷ ᠭᠤᠤᠯ ᠭᠤᠬᠴᠤᠭ᠎ᠠ ᠪᠤᠯᠭᠠᠵᠦ᠂ ᠦᠷᠭᠡᠨ ᠤᠯᠠᠨ ᠪᠠᠭᠰᠢ ᠰᠤᠷᠤᠬᠴᠢ ᠶᠢ ᠬᠦᠳᠦᠯᠦᠨ ᠵᠢᠯᠤᠭᠤᠳᠴᠤ ᠪᠠᠶᠢᠭᠠᠳ ︽ᠲᠦᠷᠪᠡᠨ ᠢᠳᠡᠭᠡᠯ︾᠎ ᠢ ᠨᠢ ᠪᠠᠳᠤᠳᠬᠠᠬᠤ ᠭᠡᠷᠡᠭᠲᠡᠢ ᠭᠡᠵᠡᠢ᠃ ᠲᠡᠷᠡ ᠦᠷᠭᠡᠨ ᠤᠯᠠᠨ ᠪᠠᠭᠰᠢ ᠨᠠᠷ ᠠᠵᠢᠯ ᠦᠢᠯᠡᠰ ᠢᠶᠠᠨ ᠳᠡᠭᠡᠳᠦᠯᠡᠬᠦ ᠬᠤᠪᠢ ᠨᠡᠮᠡᠷᠢ ᠦᠵᠡᠭᠦᠯᠬᠦ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠦ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠦᠪᠡᠷ ᠤᠨ ᠰᠤᠷᠤᠬᠰᠠᠨ ᠮᠡᠳᠡᠯᠭᠡ ᠪᠠ ᠬᠡᠪ ᠪᠤᠯᠪᠠᠰᠤᠷᠠᠯ ᠢᠶᠠᠷ ᠢᠶᠠᠨ ᠰᠤᠷᠤᠬᠴᠢᠳ ᠢᠶᠠᠨ ᠨᠦᠯᠦᠭᠡᠯᠡᠵᠦ᠂ ᠰᠤᠷᠤᠬᠴᠢᠳ ᠢᠶᠠᠨ ᠬᠦᠮᠦᠵᠢᠬᠦᠯᠦᠭᠡᠷᠡᠢ ᠭᠡᠵᠦ ᠬᠦᠰᠡᠪᠡ᠃      ᠪᠦ᠋ ᠰᠢᠶᠤᠤ ᠯᠢᠨ ᠵᠠᠯᠠᠭᠤ ᠰᠤᠷᠤᠭᠴᠢᠳ ᠢ ᠳᠤᠮᠳᠠᠳᠤ ᠶᠢᠨ ᠦᠨᠳᠦᠰᠦᠳᠡᠨ ᠤ ᠲᠡᠦᠭᠡ ᠶᠢ ᠤᠢᠢᠯᠠᠭᠠᠵᠦ᠂ ᠡᠨᠡᠬᠦ ᠠᠭᠤᠤ ᠶᠡᠭᠡ ᠴᠠᠭ ᠦᠶ᠎ᠠ ᠶᠢ ᠨᠠᠨᠳᠢᠩᠨᠠᠵᠦ᠂ ᠰᠤᠷᠤᠯᠴᠠᠬᠤ ᠠᠵᠠ ᠲᠤᠬᠢᠶᠠᠯ ᠢ ᠡᠷᠬᠢᠮᠯᠡᠵᠦ᠂ ᠡᠷᠳᠡᠮ ᠮᠡᠳᠡᠯᠭᠡ ᠪᠠᠨ ᠳᠠᠰᠤᠷᠠᠯᠳᠠ ᠦᠭᠡᠢ ᠪᠠᠶᠠᠯᠢᠭᠵᠢᠭᠤᠯᠵᠤ᠂ ᠴᠢᠳᠠᠪᠤᠷᠢ ᠶᠢ ᠡᠵᠡᠮᠰᠢᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠨᠡᠩ ᠶᠡᠭᠡ ᠦᠢᠯᠡᠳᠦᠯ ᠦᠵᠡᠬᠦᠯᠵᠦ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠦᠭᠵᠢᠯᠳᠠ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠵᠦ᠂ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠠᠭᠤᠤ ᠶᠡᠭᠡ ᠦᠢᠯᠡᠳᠦᠯᠭᠡ ᠳᠤᠮᠳᠠ ᠬᠦᠮᠦᠨ  ᠤ ᠠᠮᠢᠳᠤᠷᠠᠯ ᠤᠨ ᠢᠷᠠᠭᠤ ᠬᠠᠭᠤᠳᠠᠰᠤ ᠶᠢ ᠪᠢᠴᠢᠭᠯᠡᠭᠡᠷᠡᠢ ᠭᠡᠵᠦ ᠵᠤᠷᠢᠬᠵᠢᠭᠤᠯᠪᠠ᠃      ᠮᠡᠳᠡᠬᠦᠯᠳᠠ ᠶᠢᠨ ᠬᠤᠷᠠᠯ ᠤᠨ ᠳᠠᠷᠠᠭ᠎ᠠ᠂ ᠪᠦ᠋ ᠰᠢᠶᠤᠤ ᠯᠢᠨ 2019 ᠤᠨ ᠤ ︽ᠪᠢ ᠭᠡᠳᠦᠢ ᠬᠦᠨᠳᠤ ᠡᠬᠦᠷᠭᠡ ᠶᠢ ᠡᠬᠦᠷᠭᠡᠯᠡᠵᠦ ᠴᠢᠳᠠᠬᠤ ᠪᠤᠢ︖ — ᠡᠪᠤᠯ ᠤᠨ ᠠᠮᠠᠷᠠᠯᠳᠠ ᠶᠢᠨ ᠭᠤᠤᠯ ᠰᠡᠳᠦᠪᠳᠦ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ︾᠎ ᠳᠤ ᠤᠷᠤᠯᠴᠠᠬᠤ ᠵᠠᠯᠠᠭᠤ ᠰᠤᠷᠤᠭᠴᠢ ᠶᠢᠨ ᠲᠦᠯᠦᠭᠡᠯᠡᠭᠴᠢᠳ ᠢ ᠦᠳᠡᠨ ᠮᠤᠷᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号