ᠮᠠᠨ ᠤ ᠣᠷᠣᠨ ︽ᠬᠠᠤᠯᠢ ᠪᠠᠷ ᠵᠠᠰᠠᠬᠤ ᠪᠠᠶᠢᠴᠠᠭᠠᠯᠲᠠ︾ ᠥᠷᠨᠢᠭᠦᠯᠬᠦ ᠪᠠᠷ ᠳᠠᠮᠵᠢᠨ᠂ ︽ᠬᠠᠤᠯᠢ | ᠴᠠᠭᠠᠵᠠ ᠶᠢᠨ ᠵᠥᠪᠯᠡᠭᠴᠢ︾ ᠶᠢᠨ ᠲᠦᠷᠢᠮ ᠢ ᠪᠠᠬᠢᠵᠢᠭᠦᠯᠬᠦ ᠪᠠ ︽ᠭᠡᠷ ᠪᠦᠯᠢ ᠶᠢᠨ ᠬᠠᠤᠯᠢᠴᠢ︾ ᠶᠢᠨ ᠬᠡᠯᠪᠡᠷᠢ ᠶᠢᠨ | ᠰᠢᠨᠡᠴᠢᠯᠡᠯᠲᠡ ᠶᠢ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠢᠳᠡᠪᠬᠢᠲᠡᠶ ᠦᠢᠯᠡᠴᠢᠯᠡᠵᠦ | ᠪᠣᠢ᠃ | ᠣᠳᠣᠬᠠᠨ ᠳᠤ᠂ ᠪᠦᠬᠦ ᠣᠷᠣᠨ ᠤ ᠬᠠᠤᠯᠢᠴᠢᠳ 3000 ᠭᠠᠷᠤᠶ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠳᠤ ︽ᠬᠠᠤᠯᠢ ᠪᠠᠷ ᠵᠠᠰᠠᠬᠤ ᠪᠠᠶᠢᠴᠠᠭᠠᠯᠲᠠ︾ ᠬᠢᠵᠦ᠂ ᠠᠵᠤ ᠠᠬᠤᠶᠢᠯᠠᠯ ᠢ ᠬᠠᠪᠰᠤᠷᠤᠨ 620 | ᠵᠦᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠨᠢ ᠵᠢᠭᠰᠠᠭᠠᠨ ᠪᠠᠶᠢᠴᠠᠭᠠᠵᠦ᠂ 852 ᠵᠥᠷᠢᠴᠡᠯ | ᠵᠢᠭᠤᠷᠠᠯᠳᠤᠭᠠᠨ ᠢ ᠨᠢ ᠰᠢᠢᠳᠪᠦᠷᠢᠯᠡᠨ᠂ 162 ᠵᠣᠷᠪᠣᠰ ᠬᠠᠤᠯᠢ ᠴᠠᠭᠠᠵᠠ ᠶᠢᠨ ᠰᠠᠨᠠᠭᠤᠯᠤᠮᠵᠢ ᠭᠠᠷᠭᠠᠵᠤ᠂ 135 | ᠳᠦᠷᠢᠮ ᠲᠣᠭᠲᠠᠭᠠᠯ ᠢ ᠨᠢ ᠪᠦᠷᠢᠨᠰᠢᠭᠦᠯᠪᠡ᠃ ᠡᠭᠦᠨ ᠤ ᠬᠠᠮᠲᠤ᠂ ᠠᠯᠪᠠᠨ ᠭᠡᠷᠡᠴᠢᠯᠡᠭᠡ ᠶᠢᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠢᠨᠡᠴᠢᠯᠡᠯᠲᠡ ᠬᠢᠵᠦ᠂ ᠠᠯᠪᠠᠨ ᠭᠡᠷᠡᠴᠢᠯᠡᠭᠡ ᠶᠢᠨ | ᠦᠶᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠪᠡ᠃ ︽ᠬᠠᠤᠯᠢ ᠴᠠᠭᠠᠵᠠ ᠶᠢᠨ ᠵᠥᠪᠯᠡᠭᠴᠢ︾ ᠶᠢᠨ ᠲᠦᠷᠢᠮ ᠢ | ᠤᠯᠠᠮ ᠨᠢᠭᠡ ᠠᠯᠬᠤᠮ ᠪᠠᠬᠢᠵᠢᠭᠦᠯᠵᠦ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠲᠦᠭᠡᠮᠡᠯᠵᠢᠭᠦᠯᠬᠦ︾ | ᠠᠵᠢᠯᠯᠠᠭ᠎ᠠ ᠶᠢ ᠭᠦᠨᠵᠡᠭᠡᠶ ᠥᠷᠨᠢᠭᠦᠯᠥᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠪᠠᠷ ᠵᠠᠰᠠᠬᠤ | ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠠᠵᠢᠯᠳᠠᠨ ᠠᠵᠢᠯᠴᠢᠨ ᠳᠤ 15.5 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠤᠯ ᠬᠢᠪᠡ᠃ ᠣᠷᠴᠢᠨ ᠲᠣᠭᠤᠷᠢᠨ ᠤ | ᠬᠠᠮᠠᠭᠠᠯᠠᠯᠲᠠ᠂ ᠠᠳᠠᠯ ᠠᠬᠤᠢ᠂ ᠬᠥᠳᠡᠯᠮᠦᠷᠢ ᠶᠢᠨ ᠮᠠᠷᠭᠤᠯᠳᠤᠭᠠᠨ ᠵᠡᠷᠭᠡ ᠵᠥᠷᠢᠴᠡᠯ ᠵᠢᠭᠤᠷᠠᠯᠳᠤᠭᠠᠨ ᠤᠯᠠᠨ | ᠡᠭᠦᠰᠬᠦ ᠠᠵᠢᠯ ᠲᠦᠷᠦᠯ ᠪᠠ ᠬᠦᠷᠢᠶ᠎ᠡ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠴᠢᠨᠠᠷᠲᠠᠶ᠂ ᠠᠵᠢᠯ ᠲᠥᠷᠥᠯ ᠤᠨ | ᠴᠢᠨᠠᠷᠲᠠᠶ ᠠᠷᠠᠳ ᠤᠨ ᠡᠶᠡᠳᠡᠭᠦᠯᠦᠭᠡ ᠶᠢᠨ ᠵᠣᠬᠢᠶᠠᠨ ᠪᠠᠶᠢᠭᠤᠯᠤᠯᠲᠠ ᠶᠢ 40 ᠭᠠᠷᠤᠢ ᠪᠠᠶᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠳᠣᠲᠣᠭᠠᠳᠤ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ ᠪᠠᠶᠢᠨ᠎ᠠ᠃ | ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠵᠦ ᠬᠡᠷᠡᠭ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠲᠤ ᠲᠥᠬᠦᠮ ᠦᠵᠡᠭᠦᠯᠬᠦ | ᠠᠷᠠᠳ ᠲᠤ ᠠᠰᠢᠭᠲᠠᠢ ᠪᠠᠶᠢᠬᠤ ᠠᠷᠭ᠎ᠠ ᠪᠣᠳᠣᠯᠭ᠎ᠠ ᠶᠢ ᠳᠡᠯᠭᠡᠷᠡᠭᠦᠯᠦᠨ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠵᠢᠯᠲᠠᠨ ᠠᠵᠢᠯᠴᠢᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠲᠥᠬᠦᠮ | ᠦᠵᠡᠭᠦᠯᠵᠦ ᠪᠠᠶᠢᠨ᠎ᠠ᠃ |