1 ᠳ᠋ᠦ᠋ᠭᠡᠷ ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠷᠳᠡᠮᠲᠡᠨ | ᠴᠢᠳᠠᠪᠤᠷᠢᠲᠠᠨ ᠢ ᠥᠷᠭᠡᠨ ᠢᠶᠠᠷ ᠤᠷᠢᠬᠤ · ᠣᠶᠤᠨᠴᠢ ᠲᠠᠯ᠎ᠠ ᠨᠤᠲᠤᠭ — — ︽ᠬᠤᠨ ᠭᠠᠯᠠᠭᠤ ᠲᠥᠯᠥᠪᠯᠡᠭᠡ︾ | ᠶᠢᠨ ᠤᠶᠠᠨ ᠬᠠᠳᠠᠨ ᠴᠢᠨᠠᠷᠲᠠᠢ ᠪᠠᠷ ᠴᠢᠳᠠᠪᠤᠷᠢᠲᠠᠨ ᠤᠷᠢᠬᠤ ᠶᠢ ᠳᠥᠯᠭᠢᠨ ᠠᠬᠢᠭᠤᠯᠬᠤ ᠬᠤᠷᠠᠯ ᠪᠡᠭᠡᠵᠢᠩ ᠳᠤ | ᠶᠠᠪᠤᠭᠳᠠᠪᠠ᠃ | ᠬᠤᠷᠠᠯ ᠤᠨ ᠬᠤᠭᠤᠴᠠᠭᠠᠨ ᠳᠤ᠂ 14 ᠵᠦᠶᠯ ᠤᠨ ᠬᠠᠮᠲᠤᠷᠠᠯᠴᠠᠭᠠᠨ ᠤ ᠰᠠᠨᠠᠮᠵᠢ ᠲᠣᠬᠢᠷᠠᠯᠴᠠᠭᠰᠠᠨ ᠪᠥᠭᠡᠳ | ᠲᠤᠬᠠᠢ ᠶᠢᠨ ᠲᠡᠯᠡᠪᠡᠢ ᠳᠤ ᠭᠡᠷ᠎ᠡ ᠲᠣᠭᠲᠠᠪᠠ︔ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠠᠵᠢᠯ ᠢ | ᠵᠣᠬᠢᠴᠠᠭᠤᠯᠬᠤ ᠳᠤᠭᠤᠶᠢᠯᠠᠩ ᠨᠢ ᠪᠡᠭᠡᠵᠢᠩ ᠲᠢᠶᠠᠨᠵᠢᠨ ᠡᡁᠧᠪᠸᠢ ᠣᠷᠣᠨ᠂ ᠳᠣᠷᠣᠨᠠᠲᠤ ᠣᠷᠣᠨ᠂ ᠳᠤᠮᠳᠠᠳᠤ | ᠣᠷᠣᠨ᠂ ᠡᠮᠦᠨᠡᠲᠦ ᠣᠷᠣᠨ ᠪᠠ ᠭᠠᠳᠠᠭᠠᠳᠤ ᠣᠷᠣᠨ ᠳᠤ ᠰᠢᠨ᠎ᠡ ᠪᠠᠷ ᠨᠡᠷᠡᠯᠡᠭᠳᠡᠭᠰᠡᠨ ︽ᠬᠤᠨ ᠭᠠᠯᠠᠭᠤ | ᠲᠥᠯᠥᠪᠯᠡᠭᠡ︾ ᠶᠢᠨ ᠴᠢᠳᠠᠪᠤᠷᠢᠲᠠᠨ ᠤ ᠬᠤᠯᠪᠣᠭ᠎ᠠ ᠠᠪᠬᠤ 10 ᠦᠷᠳᠡᠭᠡ ᠳᠤ ᠢᠯᠡᠷᠬᠡᠶᠢᠯᠡᠯ ᠣᠯᠭᠤᠪᠠ︔ | ᠶᠠᠷᠢᠯᠴᠠᠬᠤ ᠬᠤᠷᠠᠯ ᠬᠢᠵᠦ᠂ ᠡᠯ᠎ᠡ ᠭᠠᠵᠠᠷ ᠣᠷᠣᠨ ᠤ ︽ᠬᠤᠨ ᠭᠠᠯᠠᠭᠤ ᠲᠥᠯᠥᠪᠯᠡᠭᠡ︾ ᠶᠢᠨ ᠪᠣᠳᠠᠲᠠᠶ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠰᠠᠨᠠᠭᠤᠯᠭ᠎ᠠ᠂ ᠰᠠᠨᠠᠯ ᠪᠣᠯᠤᠨ ᠡᠯ᠎ᠡ ᠠᠶᠢᠮᠠᠭ | ᠬᠤᠳᠠ ᠶᠢᠨ ᠳᠠᠷᠠᠭ᠎ᠠ ᠵᠢᠯ ᠤᠨ ᠠᠵᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠰᠣᠨᠣᠰᠪᠠ᠃ | ᠣᠶᠢᠯᠠᠭᠠᠭᠰᠠᠨ ᠢᠶᠠᠷ᠂ ︽ᠬᠤᠨ ᠭᠠᠯᠠᠭᠤ ᠲᠥᠯᠥᠪᠯᠡᠭᠡ︾ ᠶᠢ ᠡᠬᠢᠯᠡᠭᠦᠯᠦᠭᠰᠡᠨ ᠨᠠᠭᠠᠰᠢ᠂ ᠣᠷᠣᠨ ᠤ | ᠭᠠᠳᠠᠨᠠᠬᠢ ᠪᠠ ᠭᠠᠳᠠᠭᠠᠳᠤ ᠳᠠᠬᠢ ᠥᠪᠥᠷ ᠮᠣᠩᠭᠤᠯ ᠤᠨ ᠬᠠᠷᠢᠶᠠᠲᠤ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠳ ᠤᠨ ᠢᠳᠡᠪᠬᠢᠲᠡᠶ ᠤᠭᠲᠤᠯᠭ᠎ᠠ ᠶᠢ ᠤᠯᠪᠠ᠃ ᠲᠡᠳᠡ ᠥᠪᠡᠷᠲᠡᠭᠡᠨ ᠵᠠᠰᠠᠬᠤ ᠣᠷᠣᠨ ᠤ | ᠭᠠᠳᠠᠭᠠᠳᠤ ᠳᠤ ᠰᠠᠭᠤᠭ᠎ᠠ ᠬᠤᠯᠪᠣᠭ᠎ᠠ ᠠᠪᠬᠤ ᠪᠠᠶᠢᠭᠤᠯᠤᠮᠵᠢ᠂ ᠬᠤᠳᠠᠯᠳᠤᠭᠠᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠵᠡᠷᠭᠡ ᠳᠤ ᠲᠦᠰᠢᠭᠯᠡᠨ᠂ ᠳᠣᠲᠣᠷ᠎ᠠ ᠪᠠᠨ ᠬᠤᠯᠪᠣᠭᠠᠯᠠᠵᠤ ᠭᠠᠳᠠᠨ᠎ᠠ ᠬᠢ ᠶᠢ ᠣᠷᠣᠭᠤᠯᠬᠤ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠲᠥᠷᠥᠯ ᠵᠦᠢᠯ ᠤᠨ ᠬᠠᠮᠲᠤᠷᠠᠯᠴᠠᠭ᠎ᠠ᠂ ᠴᠢᠳᠠᠪᠤᠷᠢᠲᠠᠨ ᠤ | ᠰᠣᠯᠢᠯᠴᠠᠭ᠎ᠠ ᠥᠷᠨᠢᠭᠦᠯᠵᠡᠢ᠃ 2018 ᠣᠨ ᠳᠤ᠂ ᠥᠪᠡᠷᠲᠡᠭᠡᠨ ᠵᠠᠰᠠᠬᠤ ᠣᠷᠣᠨ ︽ᠤᠶᠠᠨ ᠬᠠᠳᠠᠨ | ᠴᠢᠨᠠᠷᠲᠠᠢ ᠪᠠᠷ ᠴᠢᠳᠠᠪᠤᠷᠢᠲᠠᠨ ᠤᠷᠢᠬᠤ ︿ᠬᠤᠨ ᠭᠠᠯᠠᠭᠤ ᠲᠥᠯᠥᠪᠯᠡᠭᠡ﹀ ᠶᠢ ᠥᠷᠨᠢᠭᠦᠯᠬᠦ ᠲᠤᠬᠠᠢ ᠬᠡᠷᠡᠭᠵᠢᠭᠦᠯᠬᠦ | ᠰᠠᠨᠠᠯ ︵ᠲᠤᠷᠰᠢᠨ ᠬᠡᠷᠡᠭᠵᠢᠭᠦᠯᠬᠦ︶︾ ᠢ ᠠᠯᠪᠠᠨ ᠶᠣᠰᠣᠭᠠᠷ ᠨᠡᠶᠢᠲᠡᠯᠡᠵᠦ᠂ ᠲᠥᠷᠥᠯ ᠵᠦᠶᠯ ᠤᠨ ᠬᠠᠮᠲᠤᠷᠠᠯᠴᠠᠭ᠎ᠠ᠂ | ᠲᠤᠰᠢᠶᠠᠯ ᠬᠠᠪᠰᠤᠷᠭᠠᠨ ᠦᠢᠯᠡᠴᠢᠯᠡᠬᠦ᠂ ᠵᠥᠪᠯᠡᠭᠴᠢ ᠵᠢᠯᠣᠭᠤᠳᠬᠤ᠂ ᠠᠵᠢᠯ ᠲᠥᠷᠥᠯ ᠤᠨ ᠰᠢᠰᠲ᠋ᠧᠮ ᠢᠶᠠᠷ ᠳᠡᠮᠵᠢᠬᠦ᠂ | ᠲᠧᠭᠨᠢᠭ ᠮᠡᠷᠭᠡᠵᠢᠯ ᠤᠨ ᠬᠤᠪᠢ ᠣᠷᠣᠭᠤᠯᠬᠤ ᠵᠡᠷᠭᠡ 6 ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ ᠤᠶᠠᠨ ᠬᠠᠳᠠᠨ | ᠴᠢᠨᠠᠷᠲᠠᠢ ᠪᠠᠷ ᠴᠢᠳᠠᠪᠤᠷᠢᠲᠠᠨ ᠤᠷᠢᠬᠤ ᠠᠵᠢᠯᠯᠠᠭ᠎ᠠ ᠳᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠭᠰᠡᠨ ᠪᠦᠭᠡᠳ | ᠦᠨᠡᠨ ᠬᠦ ᠪᠦᠲᠦᠮᠵᠢᠲᠡᠶ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ |