ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠤᠭᠳᠠᠭᠠᠯ
ᠨᠡᠶᠢᠲᠡᠯᠡᠭᠰᠡᠨ ᠴᠠᠭ᠄
2019/1/16
     ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠦᠷᠪᠡᠳᠦᠭᠡᠷ ᠬᠤᠷᠠᠯ ᠠᠴᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠢ 2019 ᠤᠨ ᠤ 1 ᠳ᠋ᠦ᠋ᠭᠡᠷ ᠰᠠᠷ᠎ᠠ ᠶᠢᠨ 25᠎ ᠤ ᠡᠳᠦᠷ ᠠᠴᠠ 29᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠭᠤᠯᠬᠤ ᠪᠠᠷ ᠲᠤᠭᠳᠠᠪᠠ᠃ ᠰᠠᠨᠠᠭᠤᠯᠭ᠎ᠠ ᠳᠤᠷᠠᠳᠬᠤ ᠬᠤᠷᠠᠯ ᠤᠨ ᠭᠤᠤᠯ ᠵᠦᠪᠯᠡᠬᠦ ᠵᠦᠢᠯ᠄ ᠰᠢ ᠶᠢᠨ ᠫᠢᠩ ᠎ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ᠎ᠠ︔ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢ ᠰᠤᠨᠤᠰᠬᠤ ᠪᠠ ᠬᠢᠨᠠᠨ ᠵᠦᠪᠯᠡᠨ᠎ᠠ︔ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠮᠡᠳᠡᠭᠦᠯᠦᠯᠳᠡ ᠶᠢ ᠰᠤᠨᠤᠰᠬᠤ ᠪᠠ ᠬᠢᠨᠠᠨ ᠵᠦᠪᠯᠡᠨ᠎ᠠ︔ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠰᠤᠯᠠ ᠤᠷᠤᠯᠴᠠᠵᠤ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠵᠢᠴᠢ ᠪᠤᠰᠤᠳ ᠬᠤᠯᠪᠤᠭᠳᠠᠯ ᠪᠦᠬᠦᠢ ᠮᠡᠳᠡᠭᠦᠯᠦᠯᠳᠡ ᠶᠢ  ᠰᠤᠨᠤᠰᠬᠤ ᠎ ᠶᠢᠨ  ᠬᠠᠮᠳᠤ  ᠶᠠᠷᠢᠯᠴᠠᠨ᠎ᠠ︔ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ︵ᠲᠦᠰᠦᠯ︶᠎ ᠶᠢ ᠬᠢᠨᠠᠨ ᠵᠦᠪᠯᠡᠵᠤ ᠪᠠᠳᠤᠯᠠᠨ᠎ᠠ︔ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠢᠢᠳᠪᠦᠷᠢ ︵ᠲᠦᠰᠦᠯ︶᠎ ᠶᠢ ᠬᠢᠨᠠᠨ ᠵᠦᠪᠯᠡᠵᠤ ᠪᠠᠳᠤᠯᠠᠨ᠎ᠠ︔ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠦᠷᠦ ᠶᠢᠨ ᠵᠦᠪᠯᠡᠯᠭᠡᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠬᠤᠷᠢᠶᠠᠨ ᠤ ᠮᠡᠳᠡᠭᠦᠯᠦᠯᠳᠡ ︵ᠲᠦᠰᠦᠯ︶᠎ ᠶᠢ ᠬᠢᠨᠡᠨ ᠵᠦᠪᠯᠡᠵᠦ ᠪᠠᠳᠤᠯᠠᠨ᠎ᠠ︔ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ 2018 ᠤᠨ ᠤ ᠰᠢᠯᠢᠳᠡᠭ ᠰᠠᠨᠠᠯ ᠳᠤᠷᠠᠳᠤᠯᠭ᠎ᠠ ᠶᠢ ᠬᠦᠬᠢᠭᠦᠯᠦᠨ ᠰᠠᠶᠢᠰᠢᠶᠠᠨ᠎ᠠ︔ ᠬᠤᠯᠪᠤᠭᠳᠠᠯ ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠢ ᠬᠢᠨᠠᠨ ᠵᠦᠪᠯᠡᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号