ᠪᠣᠤ ᠭᠠᠩ ᠰᠢᠩ ᠾᠧ ᠰᠢᠶᠠᠨ ᠳᠤ ᠪᠠᠶᠢᠴᠠᠭᠠᠨ ᠰᠤᠳᠤᠯᠵᠦ ᠲᠤᠬᠤᠨᠢᠭᠤᠯᠬᠤ ᠳᠤ ᠪᠠᠨ ᠴᠢᠬᠤᠯᠠᠴᠢᠯᠠᠬᠰᠠᠨ ᠨᠢ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠵᠥᠪ ᠣᠨᠤᠪᠴᠢᠲᠠᠢ ᠪᠠᠷ ᠭᠡᠷᠡᠭᠵᠢᠬᠦᠯᠵᠦ ᠪᠤᠳᠠᠳᠠᠢ ᠲᠠᠢ ᠤᠶᠠᠯᠳᠤᠭᠤᠯᠤᠨ ᠶᠠᠳᠠᠭᠤ ᠶᠢ ᠳᠡᠳᠬᠦᠬᠦ ᠠᠵᠤ ᠦᠢᠯᠡᠰ ᠢ ᠬᠦᠭᠵᠢᠬᠦᠯᠬᠦ ᠭᠡᠷᠡᠭᠲᠡᠢ
ᠨᠡᠶᠢᠲᠡᠯᠡᠭᠰᠡᠨ ᠴᠠᠭ᠄
2019/1/17
     1 ᠳ᠋ᠦ᠋ᠭᠡᠷ ᠰᠠᠷ᠎ᠠ ᠶᠢᠨ 15᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠪᠤᠤ ᠭᠠᠩ ᠶᠠᠳᠠᠭᠤ ᠶᠢ ᠳᠡᠳᠬᠦᠬᠦ ᠬᠠᠷᠢᠯᠴᠠᠬᠤ ᠴᠡᠭ ᠪᠤᠯᠬᠤ ᠰᠢᠩ ᠾᠧ ᠰᠢᠶᠠᠨ ᠳᠤ ᠪᠠᠶᠢᠴᠠᠭᠠᠨ ᠰᠤᠳᠤᠯᠵᠦ ᠲᠤᠬᠤᠨᠢᠭᠤᠯᠤᠨ᠂ ᠶᠠᠳᠠᠭᠤ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠵᠥᠪ ᠣᠨᠤᠪᠴᠢᠲᠠᠢ ᠪᠠᠷ ᠭᠡᠷᠡᠭᠵᠢᠬᠦᠯᠵᠦ᠂ ᠪᠤᠳᠠᠳᠠᠢ ᠲᠠᠢ ᠤᠶᠠᠯᠳᠤᠭᠤᠯᠤᠨ ᠶᠠᠳᠠᠭᠤ ᠶᠢ ᠳᠡᠳᠬᠦᠬᠦ ᠠᠵᠤ ᠦᠢᠯᠡᠰ ᠢ ᠬᠦᠭᠵᠢᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃      ᠪᠤᠤ ᠭᠠᠩ ᠨᠠᠷ ᠤᠷᠢᠳ ᠬᠤᠵᠢᠳ ᠰᠢᠩ ᠾᠧ ᠰᠢᠶᠠᠨ ᠤ ᠡᠷᠳᠡᠨᠢ ᠪᠠᠯᠭᠠᠰᠤ ᠶᠢᠨ ᠲᠸᠦ ᠳ᠋ᠤᠤ ᠤᠪᠤᠭ᠎ᠠ ᠲᠤᠰᠬᠤᠨ ᠤ ᠶᠠᠳᠠᠭᠤ ᠬᠦᠴᠢᠷᠳᠡᠯᠳᠠᠢ ᠡᠷᠦᠭᠡ ᠺᠦᠩ ᠰᠢᠶᠠᠩ ᠬᠦᠢ᠂ ᠭᠧᠩ ᠴᠢᠤᠸᠠᠨ ᠮᠢᠩ ᠪᠠ ᠴᠠᠩ ᠼᠦᠨ ᠯᠢᠶᠠᠩ ᠤᠨ ᠭᠡᠷ ᠲᠤ ᠬᠦᠷᠴᠦ᠂ ᠦᠢᠯᠡᠳᠪᠤᠷᠢᠯᠡᠯ ᠠᠮᠢᠳᠤᠷᠠᠯ ᠤᠨ ᠬᠢᠨᠢ ᠪᠠᠶᠢᠳᠠᠯ ᠢ ᠨᠠᠷᠢᠨ ᠠᠰᠠᠭᠤᠵᠦ᠂ ᠳᠡᠳᠡᠨ ᠢ ᠪᠡᠶ᠎ᠠ ᠪᠠᠨ ᠳᠠᠭᠠᠭᠠᠨ ᠲᠡᠭᠵᠢᠷᠡᠵᠦ᠂ ᠡᠷᠳᠡ ᠡᠳᠦᠷ ᠪᠠᠶᠠᠨ ᠴᠢᠨᠡᠭᠡᠯᠢᠭ ᠠᠵᠠ ᠵᠢᠷᠭᠠᠯ ᠲᠠᠢ ᠠᠮᠢᠳᠤᠷᠠᠯ ᠢ ᠡᠳ᠋ᠯᠡᠭᠡᠷᠡᠢ ᠭᠡᠵᠦ ᠵᠤᠷᠢᠬᠵᠢᠭᠤᠯᠬᠤ ᠶᠢᠨ ᠬᠠᠮᠳᠦ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠎ ᠤ ᠡᠮᠦᠨ᠎ᠠ ᠠᠴᠠ ᠰᠢᠨ᠎ᠠ ᠣᠨ ᠤ ᠵᠦᠩᠨᠡᠯ ᠲᠡᠪᠰᠢᠬᠦᠯᠪᠡ᠃ ᠳᠠᠷᠠᠭ᠎ᠠ ᠨᠢ ᠡᠷᠳᠡᠨᠢ ᠪᠠᠯᠭᠠᠰᠤ ᠶᠢᠨ ᠬᠦᠳᠦᠯ ᠲᠤᠰᠬᠤᠨ ᠪᠤᠩᠬᠤᠨ ᠲᠤᠰᠬᠤᠨ ᠳᠤ ᠬᠦᠨᠵᠡᠭᠡᠶᠢᠷᠡᠵᠦ᠂ ᠵᠠᠩ ᠦᠢᠯᠡ ᠶᠢᠨ ᠵᠢᠭᠤᠯᠴᠢᠯᠠᠯ ᠤᠨ ᠲᠦᠷᠦᠯ ᠢ ᠪᠠᠶᠢᠴᠠᠭᠠᠨ ᠰᠤᠳᠤᠯᠬᠤ ᠶᠢᠨ ᠬᠠᠮᠳᠦ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠲᠠᠢ ᠶᠠᠷᠢᠯᠴᠠᠬᠤ ᠬᠤᠷᠠᠯ ᠬᠢᠪᠡ᠃ ᠪᠤᠤ ᠭᠠᠩ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶᠠᠨ ᠤ ᠲᠤᠷᠠᠳᠤᠬᠰᠡᠨ ︽ᠬᠤᠶᠠᠷ ᠢ ᠦᠯᠦ ᠵᠤᠪᠠᠭ᠋ᠤ᠂ ᠭᠤᠷᠪᠡ ᠶᠢ ᠪᠠᠳᠤᠯᠠᠬᠤ︾ ᠬᠠᠷᠠᠯᠳᠠ ᠶᠢᠨ ᠱᠠᠭᠠᠷᠳᠠᠯᠭ᠎ᠠ ᠶᠢ ᠤᠨᠤᠪᠴᠢᠳᠠᠢ ᠤᠶᠢᠯᠠᠭᠠᠨ ᠡᠵᠡᠮᠰᠢᠵᠤ᠂ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠲᠡᠭᠡᠷ᠎ᠡ ᠬᠦᠴᠦ ᠤᠷᠤᠭᠤᠯᠵᠤ᠂ ᠡᠯ᠎ᠡ ᠵᠦᠢᠯ ᠤᠨ ᠠᠵᠢᠯ ᠢ ᠤᠨᠤᠪᠴᠢᠳᠠᠢ ᠠᠳᠬᠤᠵᠤ ᠪᠤᠳᠠᠳᠠᠢ ᠠᠳᠬᠤᠵᠤ ᠰᠠᠶᠢᠳᠤᠷ ᠠᠳᠬᠤᠬᠤ ᠭᠡᠷᠡᠭᠳᠠᠢ︔ ᠤᠷᠤᠨ ᠪᠠᠶᠢᠷᠢ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠵᠤ᠂ ᠪᠤᠬᠢᠷᠳᠤᠯ ᠦᠭᠡᠢ ᠲᠡᠷᠢᠶᠠᠯᠠᠩ ᠮᠠᠯ ᠠᠵᠤ ᠠᠬᠤᠢ᠂ ᠠᠷᠠᠯᠵᠢᠶ᠎ᠡ ᠬᠤᠳᠠᠯᠳᠤᠭᠠᠨ ᠤ ᠪᠠᠷᠠᠭᠠᠨ ᠤ ᠬᠦᠢᠯᠭᠡᠭᠡᠨ᠂ ᠰᠤᠶᠤᠯ ᠵᠢᠭᠤᠯᠴᠢᠯᠡᠯ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠳᠠᠳᠠᠢ ᠲᠠᠢ ᠤᠶᠠᠯᠳᠤᠭᠤᠯᠤᠨ ᠬᠦᠭᠵᠢᠬᠦᠯᠵᠤ᠂ ᠶᠠᠳᠠᠭᠤ ᠬᠦᠴᠢᠷᠳᠠᠯᠳᠠᠢ ᠤᠯᠠᠨ ᠲᠦᠮᠡᠨ ᠤ ᠦᠷᠬᠦᠯᠵᠢᠯᠡᠨ ᠤᠷᠤᠯᠭ᠎ᠠ ᠪᠠᠨ ᠨᠡᠮᠡᠭᠳᠡᠬᠦᠯᠵᠤ᠂ ᠲᠤᠬᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠲᠠᠮᠵᠢᠬᠦ ᠭᠡᠷᠡᠭᠳᠠᠢ︔ ᠶᠠᠳᠠᠭᠤ ᠶᠢ ᠲᠡᠳᠬᠦᠬᠦ ᠲᠠᠢ ᠤᠶᠠᠯᠳᠤᠭᠤᠯᠤᠨ ᠬᠦᠭᠵᠢᠯᠳᠠ ᠶᠢ ᠡᠷᠢᠯᠬᠢᠯᠡᠵᠤ᠂ ᠰᠡᠳᠬᠢᠴᠠ ᠶᠢᠨ ᠰᠢᠨ᠎ᠡ ᠶᠢ ᠡᠬᠦᠳᠴᠤ᠂ ᠠᠯᠤᠰ ᠭᠡᠳᠤ ᠶᠢ ᠪᠤᠳᠤᠯᠬᠢᠯᠠᠵᠤ᠂ ᠶᠠᠳᠠᠭᠤ ᠠᠴᠠ ᠠᠩᠭᠢᠵᠢᠷᠠᠬᠤ ᠰᠢᠪᠲᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠤᠯᠭᠠᠭᠤᠯᠵᠤ᠂ ᠶᠠᠳᠠᠭᠤ ᠠᠴᠠ ᠠᠩᠭᠢᠵᠢᠷᠠᠬᠤ ᠰᠢᠪᠲᠤᠯᠤᠯᠲᠠ ᠶᠢᠨ ᠦᠷ᠎ᠡ ᠪᠦᠳᠦᠮᠵᠢ ᠶᠢ ᠦᠷᠬᠦᠯᠵᠢᠯᠡᠨ ᠪᠠᠳᠤᠳᠬᠠᠬᠤ ᠪᠠ ᠦᠷᠭᠡᠳᠭᠡᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠎ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠨᠭ᠍ᠭᠠᠬᠤ ᠬᠡᠷᠡᠭᠳᠠᠢ ᠭᠡᠪᠠ᠃      ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠭᠢᠮ ᠤᠨ ᠬᠠᠷᠢᠭᠤᠴᠠᠯᠭᠠᠳᠠᠨ ᠪᠡᠷ᠎ᠡ ᠪᠤᠯᠵᠤ ᠪᠠᠶᠢᠴᠠᠭᠠᠨ ᠰᠤᠳᠤᠯᠤᠯᠳᠠ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号