ᠥᠪᠡᠷᠲᠡᠭᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠡᠬᠢᠯᠠᠪᠠ  ᠡᠦ ᠳᠤᠸᠠᠨ ᠶᠢᠩ ᠵᠠᠩ ᠱᠤᠤ ᠴᠦᠨ ᠡᠬᠢᠯᠡᠬᠦ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/1/17
     1 ᠳ᠋ᠦ᠋ᠭᠡᠷ ᠰᠠᠷ᠎ᠠ ᠶᠢᠨ 16᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠬᠦᠬᠡᠬᠤᠳᠠ ᠳᠤ ᠡᠬᠢᠯᠡᠪᠡ᠃      ᠦᠪᠡᠷᠳᠡᠬᠡᠨ ᠵᠠᠰᠠᠬᠤ ᠤᠷᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠳᠡᠷᠢᠬᠦᠯᠡᠭᠴᠢ ᠡᠦ ᠳᠤᠸᠠᠨ ᠶᠢᠩ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠠᠩ ᠱᠤᠤ ᠴᠦᠨ ᠠᠵᠢᠯᠯᠠᠭ᠎ᠠ ᠡᠬᠢᠯᠡᠬᠦ ᠶᠤᠰᠤᠯᠠᠯ ᠳᠤ ᠤᠷᠤᠯᠴᠠᠪᠠ᠃      ᠤᠶᠢᠯᠠᠭᠠᠬᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠪᠤᠯ ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠤᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠎ ᠤ ᠬᠤᠳᠠ ᠪᠠᠯᠭᠠᠰᠤᠨ ᠤ ᠬᠦᠴᠢᠷᠳᠡᠯᠳᠠᠢ ᠠᠵᠢᠯᠳᠠᠨ ᠠᠵᠢᠯᠴᠢᠨ ᠤ ᠬᠦᠴᠢᠷᠳᠡᠯ ᠢ ᠰᠢᠢᠳᠪᠤᠷᠢᠯᠡᠨ ᠭᠠᠴᠢᠬᠳᠠᠯ ᠠᠴᠠ ᠮᠤᠯᠳᠤᠷᠠᠭᠤᠯᠬᠤ ᠠᠵᠢᠯ ᠢ ᠴᠢᠨᠠᠬᠰᠢᠳᠠ ᠰᠠᠶᠢᠳᠤᠷ ᠬᠢᠬᠦ ᠳᠤᠬᠠᠢ ᠬᠡᠷᠡᠭᠵᠢᠬᠦᠯᠬᠦ ᠰᠠᠨᠠᠯ︾᠎ ᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠰᠡᠨ ᠨᠢᠬᠡᠨ ᠴᠢᠬᠤᠯᠠ ᠠᠷᠭ᠎ᠠ ᠬᠡᠮᠵᠢᠶ᠎ᠠ ᠪᠠᠶᠢᠵᠦ᠂ ᠠᠵᠢᠯᠳᠠᠨ ᠠᠵᠢᠯᠴᠢᠨ ᠤ ᠡᠪᠡᠳᠴᠢᠨ ᠠᠴᠠ ᠪᠤᠯᠵᠦ ᠬᠦᠴᠢᠷᠳᠡᠯ ᠳᠤ ᠳᠤᠯᠭᠠᠷᠠᠬᠤ ᠵᠡᠷᠬᠡ ᠠᠰᠠᠭᠤᠳᠠᠯ ᠢ ᠰᠢᠢᠳᠪᠤᠷᠢᠯᠡᠬᠦ ᠳᠤ ᠪᠠᠳᠤᠯᠠᠪᠤᠷᠢ ᠬᠠᠩᠭᠠᠬᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠴᠠ 1000 ᠳᠦᠮᠡᠨ ᠳᠦᠬᠦᠷᠢᠭ ᠤᠨ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠶᠤᠯ ᠳᠦᠭᠰᠢᠬᠦᠷᠢ ᠶᠢᠨ ᠪᠡᠯᠡᠳᠬᠡᠯ ᠮᠦᠩᠬᠦ ᠭᠠᠷᠭᠠᠵᠦ᠂ 500 ᠳᠦᠮᠡᠨ ᠳᠦᠬᠦᠷᠢᠭ ᠤᠨ ᠳᠤᠰᠬᠠᠢ ᠳᠦᠷᠦᠯ ᠤᠨ ᠪᠡᠯᠡ ᠮᠦᠩᠬᠦ ᠳᠤᠬᠢᠷᠠᠭᠤᠯᠤᠨ᠂ ᠠᠩᠬᠠᠳᠠᠬᠴᠢ ᠪᠦᠯᠦᠭ ᠎ ᠤᠨ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠳᠠᠨ ᠠᠵᠢᠯᠴᠢᠨ ᠳᠤ ᠨᠦᠬᠦᠪᠦᠷᠢ ᠤᠯᠭᠤᠬᠤ ᠪᠤᠯᠤᠨ᠎ᠠ᠃      ᠦᠪᠡᠷᠳᠡᠬᠡᠨ ᠵᠠᠰᠠᠬᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠦᠬᠦ ᠤᠷᠤᠨ ᠤ ᠡᠯ᠎ᠠ ᠱᠠᠳᠤᠨ ᠤ ᠠᠵᠢᠯᠴᠢᠨ ᠤ ᠡᠪᠯᠡᠯ ᠪᠤᠯᠤᠨ ᠡᠯ᠎ᠠ ᠭᠠᠵᠠᠷ ᠤᠷᠤᠨ ᠤ ᠬᠢᠨ ᠢ ᠡᠬᠢ ᠪᠠᠶᠠᠯᠢᠬ ᠢᠶᠠᠨ ᠨᠢᠭᠡᠳᠬᠡᠬᠦ᠂ ᠪᠡᠯᠡ ᠮᠦᠩᠬᠦ ᠪᠤᠯᠤᠨ ᠬᠦᠮᠦᠨ ᠤ ᠬᠦᠴᠦᠨ ᠪᠤᠳᠠᠰ ᠤᠨ ᠬᠦᠴᠦᠨ ᠤ ᠳᠠᠯ᠎ᠠ ᠪᠠᠷ ᠡᠷᠴᠢᠮ ᠢᠶᠠᠨ ᠴᠢᠩᠭᠠᠷᠠᠭᠤᠯᠵᠦ᠂ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠪᠤᠯᠤᠨ ᠬᠦᠴᠢᠷᠳᠡᠯᠳᠡᠢ ᠠᠵᠢᠯᠳᠠᠨ ᠠᠵᠢᠯᠴᠢᠨ ᠤ ᠬᠦᠴᠢᠷᠳᠡᠯ ᠢ ᠰᠢᠢᠳᠪᠤᠷᠢᠯᠡᠨ ᠭᠠᠴᠢᠬᠳᠠᠯ ᠠᠴᠠ ᠮᠤᠯᠳᠤᠷᠠᠭᠤᠯᠬᠤ ᠠᠵᠢᠯ ᠢ ᠯᠠᠪᠳᠠᠭᠤᠨ ᠪᠠᠳᠤᠳᠠᠢ ᠬᠢᠵᠦ᠂ ᠠᠵᠢᠯᠳᠠᠨ ᠠᠵᠢᠯᠴᠢᠨ ᠤ ᠡᠮ ᠡᠮᠨᠡᠯᠬᠡ ᠪᠠᠷ ᠬᠠᠷᠢᠯᠴᠠᠨ ᠳᠤᠰᠠᠯᠠᠯᠴᠠᠬᠤ ᠪᠠᠳᠤᠯᠠᠪᠤᠷᠢ ᠶᠢᠨ ᠠᠵᠢᠯᠯᠠᠭ᠎ᠠ ᠶᠢ ᠠᠵᠢᠯᠴᠢᠨ ᠤ ᠡᠪᠯᠡᠯ ᠤᠨ ᠠᠵᠢᠯᠳᠠᠨ ᠠᠵᠢᠯᠴᠢᠨ ᠳᠤ ᠦᠢᠯᠡᠴᠢᠯᠡᠬᠦ ᠬᠡᠷᠡᠯᠳᠦ ᠳᠦᠷᠦᠯ ᠳᠡᠮᠳᠡᠭ ᠪᠤᠯᠭᠠᠨ ᠴᠤᠬᠴᠠᠯᠠᠨ ᠪᠠᠶᠢᠭᠤᠯᠬᠤ ᠶᠢ ᠬᠦᠰᠡᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号