| ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠬᠦ | ᠲᠣᠬᠠᠢ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠣᠷᠣᠨ ᠤ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠴᠢᠨᠠᠷ ᠰᠠᠶᠢᠲᠠᠢ ᠬᠠᠤᠯᠢ ᠪᠠᠷ ᠵᠠᠰᠠᠬᠤ ᠣᠷᠴᠢᠨ ᠠᠬᠤᠶ᠂ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ | ᠣᠷᠴᠢᠨ ᠲᠣᠭᠤᠷᠢᠨ ᠳᠤ ᠬᠥᠭᠵᠢᠨ ᠪᠤᠵᠠᠭᠠᠶᠢᠷᠠᠬᠤ ᠶᠢ ᠳᠡᠮᠵᠢᠬᠦ ᠪᠠᠷ ᠵᠣᠷᠢᠯᠭ᠎ᠠ ᠪᠠᠨ ᠪᠣᠯᠭᠠᠵᠠᠢ᠃ | ︽ᠰᠠᠨᠠᠯ︾ ᠳᠤ ᠳᠤᠷᠠᠳᠤᠭᠰᠠᠨ ᠨᠢ᠂ ᠤᠯᠤᠰ ᠲᠦᠷᠦ ᠶᠢᠨ ᠵᠣᠭᠰᠣᠯᠲᠠ ᠪᠠᠨ ᠳᠡᠭᠡᠭᠰᠢᠯᠡᠭᠦᠯᠦᠨ᠂ ᠠᠶᠠᠯᠠᠯ | ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠎ᠠ᠃ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠠᠬᠤᠶ ᠶᠢ | ᠪᠦᠲᠦᠭᠡᠨ ᠪᠠᠶᠢᠭᠤᠯᠬᠤ᠂ ᠪᠤᠢ ᠪᠣᠯᠭᠠᠬᠤ᠂ ᠬᠠᠮᠠᠭᠠᠯᠠᠬᠤ ᠶᠢ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ | ᠪᠣᠯᠭᠠᠵᠤ᠂ ᠴᠢᠨᠠᠷ ᠰᠠᠶᠢᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢᠶᠠᠷ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠲᠠᠰᠤᠷᠠᠯᠳᠡ ᠦᠭᠡᠢ ᠴᠡᠪᠡᠷᠰᠢᠵᠦ᠂ | ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠳᠣᠪᠣᠶᠢᠯᠭᠠᠨ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠠᠰᠠᠭᠤᠳᠠᠯ᠂ ︽ᠳᠤᠷ᠎ᠠ ᠪᠠᠷ ᠰᠦᠢᠳᠬᠡᠯ ᠬᠤᠷᠢᠶᠠᠬᠤ ᠳᠤᠷ᠎ᠠ ᠪᠠᠷ ᠢᠶᠠᠨ ᠲᠡᠰᠬᠡᠨ | ᠲᠠᠲᠠᠪᠤᠷᠢᠯᠠᠬᠤ︾ ᠠᠰᠠᠭᠤᠳᠠᠯ᠂ ︽ᠬᠠᠷᠮᠠᠨ ᠳᠤ ᠪᠠᠶᠢᠭ᠎ᠠ︾ ᠲᠦᠷᠦ ᠶᠢᠨ ᠪᠤᠳᠤᠯᠭ᠎ᠠ᠂ ︽ᠰᠢᠷᠭᠤᠤᠯ ᠳᠤ ᠪᠠᠶᠢᠭ᠎ᠠ︾ | ᠲᠦᠷᠦ ᠶᠢᠨ ᠪᠤᠳᠤᠯᠭ᠎ᠠ ᠶᠢᠨ ᠠᠰᠠᠭᠤᠳᠠᠯ᠂ ︽ᠬᠡᠷᠡᠭ ᠭᠦᠢᠴᠡᠳᠬᠡᠬᠦ ᠳᠤ ᠪᠡᠷᠬᠡ︾ ᠠᠰᠠᠭᠤᠳᠠᠯ ᠪᠠ ︽ᠪᠠᠷᠢᠮᠵᠢᠶ᠎ᠠ | ᠦᠨᠳᠦᠷ ᠪᠠᠶᠢᠬᠤ︾ ᠠᠰᠠᠭᠤᠳᠠᠯ ᠵᠡᠷᠭᠡ ᠲᠠᠪᠤᠨ ᠲᠥᠷᠥᠯ ᠤᠨ ᠠᠰᠠᠭᠤᠳᠠᠯ ᠢ ᠨᠢᠭᠲᠠ ᠠᠩᠬᠠᠷᠴᠤ᠂ ᠬᠢᠨᠠᠯᠲᠠ | ᠲᠠᠯᠪᠢᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ | ᠭᠦᠨᠵᠡᠭᠡᠶᠢᠷᠡᠭᠦᠯᠦᠨ ᠬᠡᠷᠡᠭᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠰᠢᠮᠳᠠᠭᠤᠯᠵᠤ ᠪᠠᠶᠢᠭᠠᠳ | ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠲᠣᠭᠲᠠᠭᠠᠬᠤ᠂ ᠵᠠᠭᠤᠴᠢ ᠵᠡᠷᠭᠡ | ᠬᠤᠯᠪᠣᠭᠳᠠᠯ ᠪᠦᠬᠦᠢ ᠲᠠᠯ᠎ᠠ ᠶᠢᠨ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ︽ᠳᠠᠭᠠᠭᠠᠴᠢᠯᠠᠯᠲᠠ ᠶᠢ | ᠢᠯᠡ ᠵᠠᠷᠯᠠᠨ ᠳᠠᠯᠳᠠᠭᠤᠷ ᠲᠣᠭᠲᠠᠭᠠᠬᠤ︾᠂ ᠭᠡᠷ᠎ᠡ ᠨᠥᠬᠦᠪᠦᠷᠢᠯᠡᠬᠦ ᠬᠡᠯᠪᠡᠷᠢ ᠪᠠᠷ ᠳᠠᠭᠠᠭᠠᠴᠢᠯᠠᠯᠲᠠ ᠵᠠᠷᠯᠠᠨ | ᠳᠠᠭᠠᠭᠠᠴᠢᠯᠠᠯᠲᠠ ᠬᠦᠯᠢᠶᠡᠬᠦ ᠠᠴᠠ ᠵᠠᠶᠢᠯᠠᠬᠤ᠂ ᠬᠡᠯᠪᠡᠷᠢ ᠶᠢ ᠨᠢ ᠥᠭᠡᠷᠡᠲᠡᠭᠦᠯᠦᠨ ᠪᠠᠷᠢᠮᠵᠢᠶ᠎ᠠ ᠲᠣᠭᠲᠠᠭᠠᠵᠤ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠣᠷᠣᠯᠴᠠᠬᠤ ᠶᠢ ᠨᠢ | ᠬᠠᠷᠰᠢᠯᠠᠭᠰᠠᠨ ᠦᠢᠯᠡ ᠠᠵᠢᠯᠯᠠᠭ᠎ᠠ ᠶᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠷᠴᠢᠨ ᠨᠥᠬᠦᠴᠡᠯ ᠪᠣᠯᠣᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ︔ ᠰᠡᠷᠡᠮᠵᠢᠯᠡᠭᠦᠯᠬᠦ ᠬᠥᠮᠦᠵᠢᠯ ᠢ ᠵᠥᠪ | ᠲᠠᠯ᠎ᠠ ᠶᠢᠨ ᠤᠬᠠᠭᠤᠯᠭ᠎ᠠ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠪᠠ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠭᠴᠢᠳ ᠢ ᠬᠦᠲᠦᠯᠦᠨ ᠵᠢᠯᠣᠭᠤᠳᠴᠤ ᠪᠠᠶᠢᠭᠠᠳ ︽ | ᠳᠣᠲᠣᠨᠣ︾᠂ ︽ᠴᠢᠬᠡᠴᠢ︾ ᠵᠠᠷᠴᠢᠮ ᠢ ᠣᠨᠣᠪᠴᠢᠲᠠᠢ ᠪᠠᠷ ᠡᠵᠡᠮᠳᠡᠵᠦ᠂ ᠦᠨᠡᠨ ᠰᠡᠳᠬᠢᠯ ᠠᠴᠠ ᠪᠠᠨ ᠬᠠᠷᠢᠯᠴᠠᠵᠤ᠂ | ᠬᠤᠷᠢᠭ᠎ᠠ ᠱᠤᠭᠤᠮ ᠢ ︽ᠴᠢᠭᠡᠴᠢ︾ ᠪᠠᠷ ᠲᠣᠭᠲᠠᠭᠠᠵᠤ᠂ ︽ᠳᠣᠲᠣᠨᠣ︾ ᠪᠠᠷ ᠠᠵᠢᠯᠯᠠᠨ᠂ ᠰᠢᠨ᠎ᠡ ᠬᠡᠯᠪᠡᠷᠢ ᠶᠢᠨ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠦᠲᠦᠭᠡᠨ ᠪᠠᠶᠢᠭᠤᠯᠤᠨ᠎ᠠ᠃ | ︽ᠰᠠᠨᠠᠯ︾ ᠳᠤ ᠲᠣᠭᠲᠠᠭᠠᠭᠰᠠᠨ ᠨᠢ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ | ᠳᠣᠪᠤᠶᠢᠯᠭᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠤᠷᠳᠦ ᠬᠤᠭᠤᠴᠠᠭ᠎ᠠ ᠪᠠᠷ ᠬᠠᠷᠰᠢᠯᠠᠵᠤ | ᠪᠠᠶᠢᠭᠰᠠᠨ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠭᠠᠯ ᠠᠴᠠ ᠵᠥᠷᠢᠴᠡᠨ ᠭᠠᠷ | ᠳᠦᠷᠦᠭᠰᠡᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠨ | ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠠᠵᠤ ᠠᠬᠤᠶᠢᠯᠠᠯ ᠤᠨ ᠰᠲ᠋ᠣᠺ ᠤᠨ | ᠡᠷᠬᠡ ᠶᠢ ᠰᠢᠯᠵᠢᠭᠦᠯᠦᠨ ᠥᠭᠬᠦ᠂ ᠬᠦᠷᠦᠩᠭᠡ ᠶᠢᠨ ᠠᠵᠢᠯᠯᠠᠭ᠎ᠠ᠂ ᠠᠵᠤ ᠠᠬᠤᠶ ᠶᠢᠨ ᠵᠢᠭᠤᠷᠠᠯᠳᠤᠭᠠᠨ ᠢ | ᠲᠣᠭᠲᠠᠭᠠᠯ ᠠᠴᠠ ᠵᠥᠷᠢᠴᠡᠨ ᠭᠠᠷ ᠲᠦᠷᠦᠵᠤ ᠨᠥᠯᠥᠭᠡ ᠦᠵᠡᠭᠦᠯᠦᠭᠰᠡᠨ ᠵᠡᠷᠭᠡ ᠦᠢᠯᠡ ᠠᠵᠢᠯᠯᠠᠭ᠎ᠠ ᠶᠢ ᠳᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠪᠣᠯᠤᠨ ᠠᠯᠪᠠᠨ ᠲᠤᠰᠢᠶᠠᠯᠲᠠᠳ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠵᠠᠬ᠎ᠠ | ᠳᠡᠯᠭᠡᠭᠦᠷ ᠢ ᠬᠢᠨᠠᠨ ᠬᠠᠮᠢᠶᠠᠷᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠡᠷᠡᠴᠢ ᠦᠨᠡᠮᠯᠡᠯ ᠢ ᠣᠯᠭᠤᠵᠤ | ᠬᠢᠨᠠᠨ ᠰᠢᠯᠭᠠᠬᠤ᠂ ᠲᠦᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ᠂ | ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ᠂ ᠮᠥᠩᠭᠦᠨ | ᠭᠦᠢᠯᠭᠡᠭᠡᠨ ᠤ ᠵᠢᠭᠡᠯᠡᠯᠭᠡ ᠵᠢᠴᠢ ᠤᠯᠤᠰ ᠤᠨ ᠡᠳ᠋ ᠤᠨ ᠵᠠᠰᠠᠭ ᠤᠨ ᠨᠥᠬᠦᠪᠥᠷᠢ ᠥᠭᠬᠦ ᠵᠡᠷᠭᠡ ᠲᠤᠰᠢᠶᠠᠯ ᠤᠨ | ᠳᠥᠭᠦᠮ ᠢᠶᠠᠨ ᠠᠰᠢᠭᠯᠠᠨ᠂ ᠢᠳᠡᠵᠦ ᠠᠪᠬᠤ ᠭᠠᠴᠢᠭᠳᠠᠭᠤᠯᠬᠤ ᠨᠡᠬᠡᠬᠦ ᠴᠢᠨᠠᠭᠰᠢᠯᠠᠪᠠᠯ ᠬᠡᠭᠡᠯᠢ ᠬᠠᠭ᠋ᠤᠤᠯᠢ ᠨᠡᠬᠡᠵᠦ | ᠢᠳᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠬᠦ᠂ ᠬᠤᠪᠢ ᠶᠢᠨ ᠨᠠᠶᠢᠷ ᠢᠶᠠᠷ ᠬᠠᠤᠯᠢ ᠵᠥᠷᠢᠴᠡᠬᠦ᠂ ᠡᠭᠦᠷᠭᠡ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ | ᠵᠡᠷᠭᠡ ᠠᠴᠠ ᠪᠣᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠨᠢ ᠵᠣᠭᠰᠣᠵᠤ᠂ | ᠡᠵᠡᠩᠨᠡᠯᠲᠡ ᠶᠢ ᠨᠢ ᠲᠠᠰᠤᠯᠳᠠᠭᠤᠯᠬᠤ᠂ ᠡᠳ᠋ ᠬᠤᠭᠰᠢᠯ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ | ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠶᠢ ᠲᠥᠪ ᠴᠢᠩᠭ᠎ᠠ ᠰᠢᠢᠳᠪᠦᠷᠢᠯᠡᠨ᠎ᠡ︔ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠪᠣᠯᠤᠨ ᠠᠯᠪᠠᠨ ᠲᠤᠰᠢᠶᠠᠯᠲᠠᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠠᠰᠢᠭ ᠲᠤᠰᠠ ᠲᠠᠢ ᠬᠠᠯᠳᠠᠵᠤ᠂ ᠬᠤᠪᠣᠷ ᠴᠤᠬᠠᠭ ᠣᠨᠴᠠ ᠭᠠᠷᠤᠯᠲᠠ ᠶᠢᠨ ᠲᠥᠷᠥᠯ ᠤᠨ ᠡᠬᠢ ᠪᠠᠶᠠᠯᠢᠭ ᠢ | ᠠᠰᠢᠭᠯᠠᠨ ᠠᠮᠢ ᠬᠤᠪᠢ ᠪᠠᠨ ᠪᠣᠷᠳᠣᠭᠰᠠᠨ ᠠᠰᠠᠭᠤᠳᠠᠯ ᠢ ᠲᠥᠪ ᠴᠢᠩᠭ᠎ᠠ ᠪᠠᠷ ᠰᠢᠢᠳᠪᠦᠷᠢᠯᠡᠨ᠎ᠡ᠃ | ︽ᠰᠠᠨᠠᠯ︾ ᠳᠤ ᠱᠠᠭᠠᠷᠳᠠᠭᠰᠠᠨ ᠨᠢ᠂ ᠲᠦᠷᠦ ᠶᠢᠨ ᠪᠤᠳᠤᠯᠭ᠎ᠠ ᠶᠢ ᠵᠥᠪ ᠣᠨᠣᠪᠴᠢᠲᠠᠶ ᠡᠵᠡᠮᠰᠢᠨ᠂ | ᠬᠠᠤᠯᠢ ᠪᠠᠷ ᠵᠠᠰᠠᠬᠤ ᠰᠡᠳᠬᠢᠮᠵᠢ ᠶᠢ ᠪᠠᠷᠢᠮᠲᠠᠯᠠᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ | ᠳᠡᠮᠵᠢᠬᠦ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠯᠦᠭᠡ ᠠᠳᠠᠯᠢ | ᠬᠥᠭ ᠲᠠᠢ ᠪᠠᠶᠢᠵᠤ᠂ ᠠᠭᠤᠴᠢᠯᠠᠨ ᠰᠢᠳᠬᠡᠬᠦ ᠪᠠ ᠴᠢᠩᠭ᠎ᠠ ᠰᠢᠳᠬᠡᠬᠦ ᠶᠢ ᠬᠤᠣᠰᠯᠠᠭᠤᠯᠬᠤ ᠲᠦᠷᠦ ᠶᠢᠨ | ᠪᠤᠳᠤᠯᠭ᠎ᠠ ᠶᠢ ᠭᠦᠢᠴᠡᠳ ᠠᠰᠢᠭᠯᠠᠨ᠂ ᠬᠠᠤᠯᠢ ᠬᠡᠷᠡᠭᠵᠢᠭᠦᠯᠬᠦ ᠡᠷᠴᠢᠮ ᠢ ᠰᠠᠶᠢᠲᠤᠷ ᠡᠵᠡᠮᠰᠢᠵᠦ᠂ ︽ᠨᠢᠭᠡ ᠬᠡᠷᠡᠭ ᠢ | ᠪᠠᠶᠢᠴᠠᠭᠠᠨ ᠰᠢᠢᠳᠪᠦᠷᠢᠯᠡᠬᠦ ᠳᠤ᠂ ᠨᠢᠭᠡ ᠠᠵᠤ ᠠᠬᠤᠶᠢᠯᠠᠯ ᠳᠣᠷᠣᠶᠢᠲᠠᠨ᠂ ᠨᠢᠭᠡ ᠪᠦᠯᠦᠭ ᠠᠵᠢᠯᠲᠠᠨ ᠠᠵᠢᠯ | ᠠᠯᠳᠠᠬᠤ︾ ᠦᠵᠡᠭᠳᠡᠯ ᠭᠠᠷᠬᠤ ᠠᠴᠠ ᠪᠣᠯᠭᠤᠮᠵᠢᠯᠠᠨ᠎ᠠ︔ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠮᠣᠳᠠᠯ ᠲᠣᠭᠠᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ︵ | ᠬᠤᠳᠠᠯᠳᠤᠭᠠᠴᠢᠳ ᠤᠨ ᠡᠪᠯᠡᠯ︶᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠡᠶᠢᠭᠡᠮ ᠤᠨ ᠬᠥᠮᠦᠰ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠵᠡᠷᠭᠡ ᠲᠠᠯ᠎ᠠ ᠪᠠᠷ ᠬᠢ | ᠬᠦᠰᠡᠯ ᠱᠠᠭᠠᠷᠳᠠᠯᠭ᠎ᠠ ᠶᠢᠨ ᠲᠤᠰᠬᠠᠯ ᠪᠣᠯᠣᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ | ᠠᠰᠠᠭᠤᠳᠠᠯ ᠤᠨ ᠨᠠᠷᠢᠨ ᠳᠠᠩᠰᠠ ᠶᠢ ᠪᠣᠢ ᠪᠣᠯᠭᠠᠵᠤ᠂ ᠬᠠᠮᠢᠶ᠎ᠠ ᠪᠥᠬᠦᠶ ᠭᠠᠵᠠᠷ ᠣᠷᠣᠨ ᠴᠡᠭᠴᠡᠯᠡᠨ ᠵᠠᠰᠠᠯᠲᠠ ᠶᠢ | ᠰᠠᠶᠢᠲᠤᠷ ᠠᠳᠬᠤᠬᠤ ᠶᠢ ᠰᠢᠮᠳᠠᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ | ᠬᠥᠭᠵᠢᠯᠲᠡ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠶ ᠭᠡᠵᠡᠢ᠃ | | | | |