ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠲᠣᠬᠤᠨᠢᠭᠤᠯᠬᠤ ᠪᠦᠯᠬᠦᠮ ᠥᠪᠥᠷ ᠮᠤᠩᠭᠤᠯ ᠢ ᠲᠤᠬᠤᠨᠢᠭᠤᠯᠵᠠᠢ
ᠨᠡᠶᠢᠲᠡᠯᠡᠭᠰᠡᠨ ᠴᠠᠭ᠄
2019/1/18
     1 ᠳ᠋ᠦ᠋ᠭᠡᠷ ᠰᠠᠷ᠎ᠠ ᠶᠢᠨ 14᠎ ᠤ ᠡᠳᠦᠷ᠂ 15᠎ ᠤ ᠡᠳᠦᠷ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠪᠦᠯᠬᠦᠮ ᠮᠠᠨ ᠤ ᠣᠷᠣᠨ ᠳᠤ ᠢᠷᠡᠵᠦ᠂ ᠮᠠᠨ ᠤ ᠣᠷᠣᠨ ᠤ ᠬᠡᠰᠡᠭ ᠠᠵᠤ ᠠᠬᠤᠶᠢᠯᠠᠯ᠂ ᠬᠥᠳᠡᠯᠮᠦᠷᠢ ᠶᠢᠨ ᠵᠢᠱᠢᠶᠡᠴᠢ ᠪᠣᠯᠤᠨ ᠬᠦᠴᠢᠷᠳᠡᠯ ᠲᠠᠢ ᠠᠵᠢᠯᠲᠠᠨ ᠠᠵᠢᠯᠴᠢᠨ ᠢ ᠲᠣᠬᠤᠨᠢᠭᠤᠯᠵᠤ᠂ ᠳᠡᠳᠡᠨ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠡᠢ᠃      ᠬᠥᠬᠡᠬᠤᠲᠠ ᠳᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠪᠦᠯᠬᠦᠮ ᠤᠷᠢᠳ ᠬᠤᠵᠢᠳ ᠥᠪᠥᠷ ᠮᠣᠩᠭᠤᠯ ᠤᠨ ᠲᠠᠢ ᠯᠢ ᠳ᠋ᠠ ᠰᠦ ᠰᠠᠭᠠᠯᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠬᠦᠴᠢᠷᠳᠡᠯ ᠲᠠᠢ ᠠᠵᠢᠯᠳᠠᠨ ᠠᠵᠢᠯᠴᠢᠨ ᠢ ᠲᠡᠳᠬᠦᠨ ᠬᠠᠪᠰᠤᠷᠬᠤ ᠲᠥᠪ ᠵᠡᠷᠭᠡ ᠶᠢ ᠲᠤᠬᠤᠨᠢᠭᠤᠯᠵᠠᠢ︔ ᠬᠦᠴᠢᠷᠳᠡᠯ ᠲᠠᠢ ᠠᠵᠢᠯᠳᠠᠨ ᠠᠵᠢᠯᠴᠢᠨ ᠭᠥᠸᠧ ᠯᠢ ᠱᠧᠩ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠰᠢᠨ ᠭᠠᠩ ᠭᠠᠩ᠂ ᠬᠦᠴᠢᠷᠳᠡᠯ ᠲᠠᠢ ᠬᠦᠴᠦ ᠶᠠᠪᠤᠭᠴᠢ ᠳ᠋ᠦᠩ ᠵᠢᠶᠦ᠋ᠨ‌ᠵᠢᠶᠦ᠋ᠨ ᠢ ᠲᠤᠬᠤᠨᠢᠭᠤᠯᠵᠠᠢ᠃      ᠪᠤᠭᠤᠲᠤ ᠬᠤᠳᠠ ᠳᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠪᠦᠯᠬᠦᠮ ᠵᠦᠩ ᠾᠧ ᠤᠮᠠᠷᠠᠲᠤ ᠶᠢᠨ ᠴᠥᠮ᠎ᠡ ᠶᠢᠨ ᠲᠦᠯᠡᠰᠢ ᠲᠤᠨᠤᠭ ᠤᠨ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠡᠷᠭᠡ ᠶᠢ ᠲᠤᠬᠤᠨᠢᠭᠤᠯᠵᠠᠢ︔ ᠬᠦᠴᠢᠷᠳᠡᠯ ᠎ ᠲᠠᠢ ᠬᠦᠴᠦ ᠶᠠᠪᠤᠭᠴᠢ ᠴᠧᠩ ᠰᠢᠶᠣᠣ ᠭᠠᠩ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠯᠦ ᠷᠧᠨ ᠹᠧᠩ ᠵᠡᠷᠭᠡ ᠶᠢ ᠲᠤᠬᠤᠨᠢᠭᠤᠯᠵᠠᠢ᠃      ᠲᠣᠬᠤᠨᠢᠭᠤᠯᠬᠤ ᠬᠤᠭᠤᠴᠠᠭᠠᠨ ᠳᠤ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠣᠬᠤᠨᠢᠭᠤᠯᠬᠤ ᠪᠦᠯᠬᠦᠮ ᠨᠢ ᠪᠠᠰᠠ ᠲᠤᠰ ᠲᠤᠰ ᠥᠪᠡᠷᠲᠡᠭᠡᠨ ᠵᠠᠰᠠᠬᠤ ᠣᠷᠣᠨ ᠤ ᠠᠵᠢᠯᠴᠢᠨ ᠎ ᠤ  ᠶᠡᠷᠦᠩᠬᠡᠢ  ᠡᠪᠯᠡᠯ᠂ ᠬᠦᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠪᠤᠭᠤᠲᠤ ᠬᠤᠲᠠ ᠶᠢᠨ ᠠᠵᠢᠯᠴᠢᠨ  ᠤ  ᠶᠡᠷᠦᠩᠬᠡᠶ  ᠡᠪᠯᠡᠯ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号