ᠪᠤᠤ ᠭᠠᠩ ᠤᠯᠠᠭᠠᠨᠴᠠᠪ ᠬᠤᠲᠠ ᠳᠤ ᠬᠢᠨᠠᠨ ᠪᠠᠶᠢᠴᠠᠭᠠᠯᠲᠠ ᠪᠠᠶᠢᠴᠭᠠᠠᠨ ᠰᠤᠳᠤᠯᠤᠯᠳᠠ ᠬᠢᠬᠦ ᠳᠤ ᠪᠠᠨ ᠴᠢᠬᠤᠯᠠᠴᠢᠯᠠᠬᠰᠠᠨ ᠨᠢ ᠳᠠᠭ᠎ᠠ ᠶᠢᠨ ᠨᠠᠭᠤᠷ ᠢ ᠶᠡᠷᠦᠩᠬᠡᠶᠢᠯᠡᠨ ᠵᠠᠰᠠᠬᠤ ᠪᠠ ᠳᠦᠭᠦᠮ ᠪᠦᠲᠦᠴᠡᠲᠤ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠠᠰᠠᠭᠤᠳᠠᠯ ᠢ ᠦᠨᠡᠨ ᠬᠦ ᠠᠳᠬᠤᠨ ᠪᠤᠲᠠᠲᠠᠢ ᠠᠵᠢᠯᠯᠠᠵᠤ ᠰᠠᠶᠢᠲᠤᠷ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2019/1/2
     12 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠤᠤ ᠭᠠᠩ ᠤᠯᠠᠭᠠᠨᠴᠠᠪ ᠬᠤᠲᠠ ᠳᠤ ᠭᠦᠨᠵᠡᠭᠡᠶᠢᠷᠡᠨ ᠯᠢᠶᠠᠩ ᠴᠧᠩ ᠰᠢᠶᠠᠨ ᠤ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ᠂ ᠵᠢᠨᠢᠩ ᠲᠤᠭᠤᠷᠢᠬ ᠤᠨ ᠳᠦᠭᠦᠮ ᠪᠦᠲᠦᠴᠡᠲᠤ ᠤᠷᠤᠨ ᠰᠠᠭᠤᠴᠠ ᠶᠢᠨ ᠦᠭᠡᠷᠡᠴᠢᠯᠡᠯᠲᠡ ᠵᠢᠴᠢ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠲᠡ ᠶᠢ ᠬᠢᠨᠠᠨ ᠪᠠᠶᠢᠴᠠᠭᠠᠵᠤ ᠪᠠᠶᠢᠴᠭᠠᠠᠨ ᠰᠤᠳᠤᠯᠪᠠ᠃      ᠪᠤᠤ ᠭᠠᠩ ᠨᠠᠷ ᠤᠷᠢᠳ ᠢᠶᠠᠷ ᠯᠢᠶᠠᠩ ᠴᠧᠩ ᠰᠢᠶᠠᠨ ᠳᠤ ᠬᠦᠷᠴᠤ ᠳᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ ᠵᠦᠢᠯ ᠳᠤ ᠪᠠᠶᠢᠴᠭᠠᠠᠨ ᠰᠤᠳᠤᠯᠤᠯᠲᠠ ᠬᠢᠵᠦ᠂ ᠤᠰᠤ ᠪᠠᠷ ᠬᠦᠷᠦᠭᠡᠬᠦ ᠶᠢ ᠠᠭᠠᠷ ᠢᠶᠠᠷ ᠬᠦᠷᠦᠭᠡᠬᠦ ᠪᠤᠯᠭᠠᠨ ᠦᠭᠡᠷᠡᠴᠢᠯᠡᠬᠦ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠤᠰᠤ ᠲᠠᠲᠠᠷᠠᠭᠤᠯᠬᠤ ᠠᠮᠠᠰᠠᠷ ᠢ ᠬᠠᠭᠠᠵᠤ ᠵᠤᠬᠰᠤᠭᠠᠬᠤ᠂ ᠤᠰᠤ ᠠᠪᠬᠤ ᠬᠤᠳᠳᠤᠬ ᠢ ᠬᠠᠭᠠᠵᠤ ᠵᠤᠬᠰᠤᠭᠠᠬᠤ ᠵᠡᠷᠭᠡ ᠪᠠᠶᠢᠳᠠᠯ ᠵᠢᠴᠢ ᠬᠤᠩ ᠮᠤᠤ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠳᠠᠬᠰᠢᠯᠠᠭᠤᠯᠬᠤ ᠪᠠᠷᠢᠮᠵᠢᠶ᠎ᠠ ᠪᠠᠨ ᠳᠡᠭᠡᠭᠰᠢᠯᠡᠭᠦᠯᠦᠨ ᠦᠭᠡᠷᠡᠴᠢᠯᠡᠬᠦ᠂ ᠬᠤᠬ ᠨᠤᠪᠰᠢ ᠰᠢᠢᠳᠪᠦᠷᠢᠯᠡᠬᠦ ᠦᠢᠯᠡᠳᠪᠦᠷᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠳᠤᠬᠠᠢ ᠶᠢᠨ ᠭᠠᠵᠠᠷ ᠲᠤ ᠨᠢ ᠪᠠᠶᠢᠴᠭᠠᠠᠨ ᠦᠵᠡᠪᠡ︔ ᠦᠳᠡ ᠶᠢᠨ ᠬᠤᠶᠢᠨ᠎ᠠ ᠪᠠᠰᠠ ᠵᠢᠨᠢᠩ ᠲᠤᠭᠤᠷᠢᠭ ᠲᠤ ᠬᠦᠷᠴᠤ ᠲᠢᠶᠧ ᠵᠢᠶᠦ᠋ᠨ ᠱᠠᠨ ᠴᠡᠴᠡᠷᠯᠢᠭ ᠤᠨ ᠡᠷᠬᠢᠨ ᠲᠤᠭᠤᠷᠢᠨ᠂ ᠴᠢᠯᠦᠭᠡᠯᠡᠬᠦ ᠵᠠᠮ ᠤᠨ ᠡᠮᠦᠨ᠎ᠡ ᠬᠡᠰᠡᠭ᠂ ᠨᠠᠨ ᠱᠠ ᠾᠧ ᠭᠤᠤᠯ᠂ ᠪᠠᠭ᠎ᠠ ᠪᠤᠩᠬᠤᠨ ᠤ ᠳᠦᠭᠦᠮ ᠪᠦᠲᠦᠴᠡᠲᠤ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠲᠦᠷᠦᠯ ᠵᠦᠢᠯ ᠤᠨ ᠠᠬᠤᠢ ᠲᠠᠯᠠᠪᠠᠢ ᠵᠢᠴᠢ ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠢᠵᠢ ᠳᠦᠬᠦᠷ ᠲᠡᠮᠦᠷ ᠵᠠᠮ᠂ ᠠᠭᠠᠷ ᠤᠨ ᠠᠶᠠᠯᠠᠯ ᠤᠨ ᠪᠠᠷᠠᠭᠠᠨ ᠤ ᠭᠦᠢᠯᠭᠡᠭᠡ ᠪᠤᠯᠤᠨ ᠬᠤᠸᠠ ᠸᠧᠢ ᠶᠢᠨ ᠡᠭᠦᠯᠡᠨ ᠪᠤᠳᠤᠯᠲᠠ ᠶᠢᠨ ᠲᠤᠭ᠎ᠠ ᠪᠠᠷᠢᠮᠲᠠ ᠶᠢᠨ ᠲᠦᠪ ᠤᠨ ᠠᠩᠬᠠᠳᠤᠭᠠᠷ ᠬᠤᠭᠤᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ᠂ ᠮᠦᠽᠸᠢ ᠶᠢᠨ ᠲᠦᠷᠦᠯ ᠵᠦᠢᠯ ᠳᠤ ᠭᠦᠨᠵᠡᠭᠡᠶᠢᠷᠡᠵᠦ ᠬᠢᠨᠠᠨ ᠪᠠᠶᠢᠴᠠᠭᠠᠵᠤ ᠪᠠᠶᠢᠴᠭᠠᠠᠨ ᠰᠤᠳᠤᠯᠪᠠ᠃      ᠪᠤᠤ ᠭᠠᠩ ᠵᠢᠭᠠᠭᠰᠠᠨ ᠨᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠶᠢᠷᠢ ᠰᠠᠭᠤᠷᠢ ᠲᠤᠶᠢᠯ ᠤᠨ ᠴᠢᠬᠤᠯᠠ ᠶᠤᠮ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠪᠠᠶᠢᠭᠠᠯᠢ ᠶᠢᠨ ᠵᠢᠮ᠎ᠠ ᠶᠤᠰᠤ ᠶᠢ ᠴᠢᠩᠭ᠎ᠠ ᠵᠢᠷᠤᠮᠯᠠᠵᠤ᠂ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠪᠡᠯᠴᠢᠭᠡᠷ ᠎ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠦᠯᠦᠪᠵᠢᠭᠦᠯᠵᠦ᠂ ᠠᠯᠤᠰ ᠬᠡᠳᠦ ᠶᠢ ᠪᠤᠳᠤᠯᠬᠢᠯᠠᠨ᠂ ᠦᠨᠡᠨ ᠬᠦ ᠠᠳᠬᠤᠨ ᠪᠤᠲᠠᠲᠠᠢ ᠠᠵᠢᠯᠯᠠᠵᠤ᠂ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠦᠨᠡᠨ ᠪᠤᠲᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ ᠲᠡᠷᠡ ᠴᠢᠬᠤᠯᠠᠴᠢᠯᠠᠭᠰᠠᠨ ᠨᠢ᠂ ᠵᠢᠨᠢᠩ ᠲᠤᠭᠤᠷᠢᠬ ᠎ ᠤᠨ ᠳᠦᠭᠦᠮ ᠪᠦᠲᠦᠴᠡᠲᠤ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠪᠠᠷᠢᠯᠭ᠎ᠠ ᠶᠢᠨ ᠠᠵᠢᠯ  ᠎ ᠤᠨ  ᠬᠡᠮᠵᠢᠶ᠎ᠡ  ᠶᠡᠭᠡ᠂ ᠬᠤᠲᠠ ᠶᠢᠨ ᠬᠦᠭᠵᠢᠯᠲᠡ ᠪᠠ ᠠᠵᠤ ᠦᠢᠯᠡᠰ ᠤᠨ ᠬᠦᠭᠵᠢᠯᠲᠡ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠵᠦ᠂ ᠨᠢᠭᠡᠳᠦᠯᠲᠡᠢ ᠲᠦᠯᠦᠪᠵᠢᠭᠦᠯᠦᠨ ᠪᠠᠶᠢᠷᠢᠰᠢᠭᠤᠯᠵᠤ᠂ ᠦᠷᠭᠡᠨ ᠤᠯᠠᠨ ᠰᠠᠭᠤᠭᠠᠯᠢ ᠠᠷᠠᠳ ᠤᠨ ᠰᠠᠭᠤᠷᠢᠰᠢᠬᠤ ᠨᠦᠬᠦᠴᠡᠯ ᠢ ᠰᠠᠶᠢᠵᠢᠷᠠᠭᠤᠯᠬᠤ ᠰᠠᠭᠤᠷᠢᠨ ᠳᠡᠭᠡᠷ᠎ᠡ ᠬᠤᠲᠠ ᠶᠢᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号