ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ 2019 ᠤᠨ ᠤ ᠪᠦᠬᠦ ᠤᠷᠤᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠠᠢ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019/1/2
     12 ᠳ᠋ᠤᠭᠠᠷ ᠰᠠᠷ᠎ᠠ ᠶᠢᠨ 29᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2019 ᠤᠨ ᠤ ᠪᠦᠬᠦ ᠤᠷᠤᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠤᠯᠤᠰ ᠤᠨ ᠬᠢᠨᠠᠨ ᠪᠠᠶᠢᠴᠠᠭᠠᠬᠤ ᠵᠦᠪᠯᠡᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠤᠯᠤᠬᠰᠠᠨ ᠦᠷ᠎ᠠ ᠪᠦᠳᠦᠮᠵᠢ ᠶᠢ ᠬᠦᠢᠴᠡᠳ ᠨᠤᠳᠠᠯᠠᠬᠰᠠᠨ ᠪᠦᠭᠡᠳ ᠨᠡᠶᠢᠲᠡ ᠶᠢᠨ ᠡᠷᠭᠡ ᠳᠤ ᠬᠢᠨᠠᠯᠳᠠ ᠲᠠᠯᠪᠢᠬᠤ ᠠᠵᠢᠯ ᠢ  ᠴᠢᠩᠭᠠᠳᠬᠠᠵᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠲᠤᠬᠳᠠᠴᠠ ᠶᠢ ᠲᠡᠭᠦᠯᠳᠡᠷᠵᠢᠭᠦᠯᠦᠨ᠂ ᠤᠯᠤᠰ ᠤᠨ ᠬᠢᠨᠠᠨ ᠪᠠᠶᠢᠴᠠᠭᠠᠬᠤ ᠡᠷᠭᠡ ᠶᠢ ᠵᠢᠷᠤᠮᠵᠢᠭᠤᠯᠤᠨ ᠵᠦᠪ ᠬᠡᠷᠡᠭᠵᠢᠭᠦᠯᠵᠤ᠂ ᠪᠢᠳᠡᠨ ᠤ ᠠᠵᠢᠯ ᠢᠶᠠᠨ ᠰᠠᠶᠢᠲᠤᠷ ᠬᠢᠭᠦ ᠳᠤ ᠴᠢᠭᠯᠡᠯ ᠢ ᠤᠯᠠᠮ ᠴᠢᠨᠠᠬᠰᠢᠳᠠ ᠵᠢᠭᠠᠵᠤ ᠦᠭᠴᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠢᠯᠠᠩᠭᠤᠶ᠎ᠠ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠲᠡ ᠶᠢᠨ ᠡᠷᠭᠡ ᠳᠤ ᠬᠢᠨᠠᠯᠳᠠ ᠲᠠᠯᠪᠢᠬᠤ ᠠᠵᠢᠯ ᠢ ᠴᠢᠩᠭᠠᠳᠬᠠᠬᠤ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠭᠦ᠂ ᠤᠯᠤᠰ ᠎ ᠤᠨ ᠬᠢᠨᠠᠨ ᠪᠠᠶᠢᠴᠠᠭᠠᠬᠤ ᠡᠷᠭᠡ ᠶᠢ ᠵᠢᠷᠤᠮᠵᠢᠭᠤᠯᠤᠨ ᠵᠦᠪ ᠬᠡᠷᠡᠭᠵᠢᠭᠦᠯᠭᠦ ᠵᠡᠷᠭᠡ ᠭᠤᠤᠯᠳᠠᠯᠭ᠎ᠠ ᠲᠠᠢ ᠲᠠᠯ᠎ᠠ ᠶᠢ ᠴᠢᠩᠭ᠎ᠠ ᠠᠳᠬᠤᠵᠤ᠂ ᠰᠢᠨ᠎ᠠ ᠭᠠᠷᠤᠭ᠎ᠠ ᠠᠴᠠ ᠨᠠᠮ ᠤᠨ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ ᠪᠠ ᠤᠯᠤᠰ ᠎ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠠᠴᠠ ᠨᠢᠭᠡᠳᠦᠯᠳᠡᠢ ᠤᠳᠤᠷᠢᠳᠤᠬᠰᠠᠨ᠂ ᠪᠦᠬᠦ ᠲᠠᠯ᠎ᠠ ᠶᠢ ᠬᠠᠮᠤᠷᠤᠬᠰᠠᠨ᠂ ᠡᠷᠭᠡ ᠰᠦᠷᠳᠦ ᠦᠨᠳᠦᠷ ᠪᠦᠳᠦᠮᠵᠢᠳᠡᠢ ᠬᠢᠨᠠᠯᠳᠠ ᠲᠠᠯᠪᠢᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠨᠠᠮ ᠤᠨ ᠲᠤᠳᠤᠭᠠᠳᠤ ᠶᠢᠨ ᠬᠢᠨᠠᠯᠳᠠ ᠪᠠᠷ ᠭᠤᠤᠯ ᠪᠤᠯᠭᠠᠵᠤ᠂ ᠪᠤᠰᠤᠳ ᠬᠢᠨᠠᠯᠳᠠ ᠶᠢ ᠬᠠᠷᠢᠯᠴᠠᠨ ᠨᠡᠪᠳᠡᠷᠡᠭᠦᠯᠦᠭᠰᠡᠨ ᠬᠢᠨᠠᠨ ᠪᠠᠶᠢᠴᠠᠭᠠᠬᠤ ᠬᠠᠮᠳᠤᠷᠠᠯ ᠬᠦᠴᠦᠨ ᠢ ᠪᠦᠷᠢᠯᠳᠦᠭᠦᠯᠭᠦ ᠬᠡᠷᠡᠭᠳᠡᠢ᠃ ᠡᠷᠬᠡ ᠳᠤ ᠬᠢᠨᠠᠯᠳᠠ ᠲᠠᠯᠪᠢᠬᠤ ᠶᠢᠨ ᠵᠤᠷᠢᠯᠭ᠎ᠠ ᠪᠤᠯ ᠨᠡᠶᠢᠲᠡ ᠶᠢᠨ ᠡᠷᠬᠡ ᠶᠢ ᠵᠦᠪ ᠬᠡᠷᠡᠭᠵᠢᠭᠦᠯᠭᠦ ᠶᠢ ᠪᠠᠳᠤᠯᠠᠵᠤ᠂ ᠦᠨᠡᠨ ᠬᠦ ᠰᠢᠨᠵᠢᠯᠡᠭᠦ ᠤᠬᠠᠭᠠᠨᠴᠢ ᠦᠷ᠎ᠠ ᠪᠦᠳᠦᠮᠵᠢᠳᠠᠢ ᠬᠢᠨᠠᠯᠳᠠ ᠪᠠᠷ ᠲᠠᠮᠵᠢᠭᠤᠯᠤᠨ᠂ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠠᠵᠢᠯ ᠬᠢᠵᠤ ᠦᠢᠯᠡᠰ ᠪᠤᠰᠬᠠᠬᠤ ᠶᠢ ᠨᠡᠩ ᠰᠠᠶᠢᠲᠤᠷ ᠠᠬᠢᠭᠤᠯᠵᠤ᠂ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠬᠤ᠂ ᠠᠵᠢᠯ ᠬᠢᠵᠤ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠷᠢᠯᠳᠦᠭᠦᠯᠭᠦ  ᠬᠡᠷᠡᠭᠳᠡᠢ  ᠬᠡᠵᠤ  ᠴᠢᠬᠤᠯᠠᠴᠢᠯᠠᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠤᠷᠤᠨ ᠲᠠᠶᠠᠭᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ ᠲᠠᠪᠰᠢᠵᠦ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠪᠠ ᠨᠡᠶᠢᠭᠡᠮ ᠤᠨ ᠶᠡᠭᠡ ᠲᠠᠯ᠎ᠠ ᠶᠢᠨ ᠲᠤᠬᠳᠠᠭᠤᠨ ᠢ ᠪᠠᠳᠤᠯᠠᠪᠠ᠂ ᠠᠮᠵᠢᠯᠳᠡ ᠬᠢᠯᠪᠡᠷ ᠢᠷᠡᠭᠰᠡᠨ ᠪᠢᠰᠢ ᠶᠤᠮ᠃ 2019 ᠤᠨ ᠤ ᠪᠦᠬᠦ ᠤᠷᠤᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠭᠦ ᠳᠤ᠂ ᠦᠨᠡᠨ ᠬᠦ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠦᠯᠳᠡᠢ ᠪᠠᠶᠢᠯᠭᠠᠵᠤ᠂ ᠪᠠᠶᠢᠳᠠᠯ ᠢ ᠲᠤᠳᠤᠷᠬᠠᠢ ᠲᠠᠨᠢᠵᠤ ᠢᠳᠡᠭᠡᠯ ᠶᠢᠨ ᠪᠠᠳᠤᠳᠬᠠᠠ ᠡᠷᠡᠮᠡᠬᠡᠶᠢᠯᠡᠨ ᠤᠷᠤᠬᠰᠢᠯᠠᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠵᠤ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠦᠨᠳᠦᠷ ᠲᠦᠪᠰᠢᠨ ᠪᠦᠬᠦᠢ ᠨᠡᠭᠡᠭᠡᠯᠳᠡ ᠶᠢ ᠦᠷᠭᠡᠳᠭᠡᠭᠦ ᠶᠢ ᠪᠠᠷᠢᠮᠳᠠᠯᠠᠨ᠂ ︽ᠪᠠᠭᠢᠵᠢᠭᠦᠯᠭᠦ᠂ ᠴᠢᠩᠭᠠᠳᠬᠠᠬᠤ᠂ ᠲᠡᠭᠡᠭᠰᠢᠯᠡᠭᠦᠯᠭᠦ᠂ ᠨᠡᠪᠳᠡᠷᠡᠭᠦᠯᠭᠦ︾ ᠴᠢᠭᠯᠡᠯᠳᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠤ᠂ ᠰᠢᠨ᠎ᠠ ᠠᠵᠤ ᠦᠢᠯᠡᠰ ᠰᠢᠨ᠎ᠠ ᠬᠦᠳᠡᠯᠭᠡᠭᠦ ᠡᠨᠧᠷᠬᠢ ᠰᠢᠨ᠎ᠠ ᠨᠡᠮᠡᠭᠳᠡᠯ ᠤᠨ ᠲᠦᠢᠯ ᠢ ᠶᠡᠭᠡ ᠪᠠᠷ ᠪᠤᠶᠢᠵᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠳᠠᠢ ᠠᠬᠢᠭᠤᠯᠦᠨ᠂ ᠪᠡᠯᠡ ᠤᠷᠤᠭᠤᠯᠤᠯᠳᠠ ᠶᠢ ᠬᠦᠴᠦᠯᠡᠨ ᠲᠤᠬᠳᠠᠪᠤᠷᠢᠵᠢᠭᠤᠯᠵᠤ ᠲᠤᠳᠠᠭᠤᠳᠠᠯ ᠢ ᠨᠦᠬᠦᠪᠦᠷᠢᠯᠡᠨ᠂ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ ᠨᠡᠭᠡᠭᠡᠯᠳᠡ ᠶᠢ ᠦᠷᠭᠡᠳᠭᠡᠵᠤ᠂ ᠠᠷᠠᠳ ᠎ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠦᠪᠰᠢᠨ ᠢ ᠲᠡᠭᠡᠭᠰᠢᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠪᠳᠤᠷᠭᠠᠨ ᠤ ᠠᠵᠢᠯ ᠳᠤ ᠰᠢᠢᠳᠪᠦᠷᠢᠯᠡᠭᠴᠢ ᠴᠢᠨᠠᠷᠳᠠᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠳᠡ ᠪᠠᠷ ᠢᠶᠠᠨ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠦᠵᠡᠪᠡ᠃      ᠬᠤᠷᠠᠯ ᠠᠴᠠ ᠤᠯᠤᠰ ᠤᠨ ᠬᠢᠯᠢ ᠪᠠ ᠲᠠᠯᠠᠢ ᠶᠢᠨ ᠬᠠᠮᠠᠭᠠᠯᠠᠯᠳᠠ ᠶᠢᠨ ᠵᠦᠪᠯᠡᠯ ᠤᠨ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠬᠤ ᠳᠤ ᠪᠠᠨ᠂ ︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠨ᠎ᠠ ᠴᠠᠭ ᠦᠶ᠎ᠠ ᠳᠤ ᠨᠠᠮ ᠵᠠᠰᠠᠭ ᠴᠡᠷᠢᠭ ᠴᠠᠬᠳᠠᠭ᠎ᠠ ᠠᠷᠠᠳ ᠤᠨ ᠬᠠᠮᠳᠤᠷᠠᠯ ᠬᠦᠴᠦᠨ ᠢ ᠴᠢᠩᠭᠠᠳᠬᠠᠨ ᠬᠢᠯᠢ ᠶᠢ ᠬᠦᠴᠦᠷᠭᠡᠭᠵᠢᠭᠦᠯᠦᠨ ᠬᠠᠮᠠᠭᠠᠯᠠᠯᠳᠠ ᠶᠢ ᠪᠠᠬᠢᠵᠢᠭᠦᠯᠭᠦ ᠰᠠᠨᠠᠯ︾᠎ ᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠤ ᠲᠤᠬᠳᠠᠭᠤᠨ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ᠂ ︽2018 — 2022 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠺᠠᠳ᠋ᠷ ᠤᠨ ᠬᠦᠮᠦᠵᠢᠯ ᠪᠤᠯᠪᠠᠰᠤᠷᠠᠯ ᠤᠨ ᠲᠦᠯᠦᠪᠵᠢᠭᠦᠯᠭᠡ︾᠎ ᠶᠢ ᠬᠢᠨᠠᠨ ᠵᠦᠪᠯᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号